ᠬᠤᠪᠢ ᠭᠦᠮᠦᠨ ᠤ ᠴᠢᠮᠡᠭᠡ ᠵᠠᠩᠭᠢ ᠶᠢ ᠰᠠᠶᠢᠳᠤᠷ ᠬᠠᠮᠠᠭᠠᠯᠠᠬᠤ ᠨᠢ ᠴᠢᠬᠤᠯᠡ
ᠨᠡᠶᠢᠲᠡᠯᠡᠭᠰᠡᠨ ᠴᠠᠭ᠄
2021/6/1
      ᠤᠢᠢᠷᠠᠳᠬᠠᠨ᠂ ︽ᠠᠵᠤ ᠠᠬᠤᠢ ᠶᠢᠨ ᠯᠠᠪᠯᠠᠯᠳᠡ ᠰᠤᠨᠢᠨ︾ ᠤ ᠮᠡᠳᠡᠭᠡᠯᠡᠭᠰᠡᠨ ᠢᠶᠠᠷ᠂ ᠭᠡᠳᠦᠨ ᠳ᠋ᠦᠡᠭᠰᠢᠭᠤᠷ ᠭᠠᠷᠤᠢ ᠬᠤᠪᠢ ᠭᠦᠮᠦᠨ ᠤ ᠡᠯ ᠎ᠡ ᠲᠦᠷᠦᠯ ᠤᠨ ᠴᠢᠮᠡᠭᠡ ᠵᠠᠩᠭᠢ ᠶᠢ ᠢᠯᠡ ᠪᠠᠷ ᠪᠤᠷᠤᠯᠠᠭᠤᠯᠵᠤ ᠪᠠᠶᠢᠬᠤ ᠶᠢ ᠮᠡᠳᠡᠭᠡᠯᠡᠭᠰᠡᠨ ᠪᠠᠶᠢᠨ᠎ᠡ᠃ ᠡᠨᠡ ᠨᠢ ᠦᠨᠡᠭᠡᠷ ᠭᠦᠮᠦᠨ ᠢ ᠰᠤᠴᠢᠭᠠᠮ᠎ᠡ ᠲᠤᠭ᠎ᠠ ᠪᠠᠶᠢᠨ᠎ᠠ᠃ ᠡᠭᠦᠨ ᠳᠤ ᠬᠤᠪᠢ ᠭᠦᠮᠦᠨ ᠤ ᠡᠳ᠋ ᠭᠦᠷᠦᠩᠭᠡ ᠶᠢᠨ ᠴᠢᠮᠡᠭᠡ ᠵᠠᠩᠭᠢ᠂ ᠪᠠᠭᠤᠳᠡᠯ ᠳᠤ ᠬᠤᠨᠤᠬᠯᠠᠬᠰᠡᠨ ᠴᠢᠮᠡᠭᠡ ᠵᠠᠩᠭᠢ᠂ ᠴᠢᠮᠡᠭᠡ ᠨᠡᠪᠳᠡᠷᠡᠭᠦᠯᠭᠡ ᠶᠢᠨ ᠴᠢᠮᠡᠭᠡ ᠵᠠᠩᠭᠢ ᠵᠡᠷᠭᠡ ᠶᠢ ᠪᠠᠭᠳᠠᠭᠠᠵᠤ ᠪᠠᠶᠢᠳᠠᠭ᠃      ᠪᠢᠳᠡᠨ ᠤ ᠠᠮᠢᠳᠤᠷᠡᠯ ᠲᠤᠮᠳᠡ ᠮᠠᠰᠢᠨ ᠲᠡᠷᠭᠡᠨ ᠤ ᠲᠠᠭᠠᠳᠬᠠᠯ ᠠᠪᠤᠬᠰᠡᠨ ᠤ ᠲᠠᠷᠠᠭ᠎ᠠ ᠲᠠᠭᠠᠳᠬᠠᠯ ᠤᠨ ᠺᠤᠮᠫᠠᠨᠢ ᠠᠴᠠ ᠤᠳᠠᠰᠤ ᠢᠷᠡᠭᠦᠯᠵᠤ ᠮᠠᠰᠢᠨ ᠲᠡᠷᠭᠡᠨ ᠤ ᠲᠠᠭᠠᠳᠬᠠᠯ ᠢᠶᠠᠨ ᠪᠤᠷᠤᠯᠠᠭᠤᠯᠬᠤ ᠭᠡᠤᠨ ᠪᠠᠶᠢᠨ ᠲᠡᠭᠢᠨ ᠤᠳᠠᠰᠤᠳᠠᠬᠤ︔ ᠬᠦᠡᠭᠭᠡᠵᠢᠭᠡᠳ ᠤᠳᠠᠭᠠᠳᠤᠢ ᠪᠠᠶᠢᠳᠠᠯ᠎ᠠ ᠭᠡᠤᠭᠡᠳ ᠭᠦᠮᠦᠵᠢᠭᠦᠯᠭᠦ ᠲᠤᠰᠬᠠᠢ ᠪᠠᠶᠢᠭᠤᠯᠤᠮᠵᠢ ᠶᠢᠨ ᠬᠢᠨ ᠬᠠᠷᠢᠯᠴᠡᠵᠤ ᠡᠯ᠎ᠡ ᠲᠦᠷᠦᠯ ᠤᠨ ᠦᠢᠯᠡᠴᠢᠯᠡᠭᠡᠨ ᠤ ᠲᠦᠷᠦᠯ ᠵᠦᠢᠯ ᠤᠨ ᠲᠤᠬᠠᠢ ᠲᠠᠨᠢᠯᠴᠠᠭᠤᠯᠬᠤ︔ ᠰᠠᠶ᠋ᠢᠬᠠᠨ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠳᠠᠯ᠎ᠠ ᠭᠡᠷ ᠪᠠᠶᠢᠰᠢᠩ ᠵᠠᠰᠠᠵᠤ ᠴᠢᠮᠡᠭᠯᠡᠭᠦ ᠺᠤᠮᠫᠠᠨᠢ ᠶᠢᠨ ᠬᠢᠨ ᠤᠳᠠᠰᠤ ᠢᠷᠡᠬᠦᠯᠬᠦ ᠁ ᠭᠡᠬᠦ ᠮᠡᠳᠦᠴᠢᠯᠡᠨ ᠬᠤᠪᠢ ᠭᠦᠮᠦᠨ ᠤ ᠠᠯᠢᠪᠡ ᠴᠢᠮᠡᠭᠡ ᠵᠠᠩᠭᠢ ᠶᠢᠨ ᠪᠠᠶᠢᠳᠡᠯ ᠢ ᠴᠢᠨᠢ ᠲᠤᠪ ᠲᠤᠳᠤᠷᠬᠠᠢ ᠡᠵᠡᠮᠰᠢᠵᠤ ᠪᠠᠶᠢᠬᠤ ᠪᠠᠶᠢᠳᠡᠯ ᠪᠠᠷᠤᠭ ᠤᠯᠠᠩᠭᠢ ᠭᠦᠮᠦᠨ ᠳᠤ ᠪᠦᠷ ᠲᠤᠭᠢᠶᠡᠯᠳᠤᠵᠤ ᠦᠡᠭᠭᠡᠷᠡᠭᠰᠡᠨ ᠪᠢᠵᠠ᠃       ᠬᠤᠪᠢ ᠭᠦᠮᠦᠨ ᠤ ᠴᠢᠮᠡᠭᠡ ᠵᠠᠩᠭᠢ ᠶᠢ ᠵᠠᠳᠠᠷᠠᠭᠤᠯᠤᠨ ᠪᠤᠷᠤᠯᠠᠭᠤᠯᠵᠤ ᠪᠠᠶᠢᠬᠤ ᠨᠢ ᠨᠢᠭᠡ ᠲᠡᠯ᠎ᠡ ᠪᠠᠷ ᠬᠤᠯᠪᠤᠬᠳᠡᠯ ᠪᠦᠭᠦᠢ ᠰᠠᠯᠠᠭ᠎ᠠ ᠮᠦᠴᠢᠷ ᠤᠨ ᠭᠢᠨᠠᠯᠳᠡ ᠬᠠᠮᠢᠶᠠᠷᠤᠯᠳᠡ ᠲᠤᠳᠠᠮᠠᠭ᠂ ᠨᠦᠭᠦᠭᠡ ᠲᠡᠯ᠎ᠡ ᠪᠠᠷ ᠴᠢᠮᠡᠭᠡ ᠵᠠᠩᠭᠢ ᠶᠢᠨ ᠳᠦᠷᠭᠡᠨ ᠭᠦᠭᠵᠢᠯᠳᠡ ᠲᠠᠢ ᠲᠤᠩ ᠶᠡᠭᠡ ᠬᠠᠷᠢᠴᠠᠭ᠎ᠠ ᠲᠠᠢ ᠪᠠᠶᠢᠳᠠᠭ᠃ ᠴᠢᠮᠡᠭᠡ ᠵᠠᠩᠭᠢ ᠶᠢᠨ ᠮᠡᠷᠭᠡᠵᠢᠯ ᠤᠨ ᠭᠦᠭᠵᠢᠯᠳᠡ ᠶᠢ ᠲᠠᠭᠠᠯᠳᠤᠨ᠂ ᠭᠡᠷᠡᠭᠯᠡᠵᠤ ᠪᠤᠯᠬᠤ ᠴᠢᠮᠡᠭᠡ ᠵᠠᠩᠭᠢ ᠶᠢᠨ ᠲᠤᠭ᠎ᠠ ᠭᠡᠮᠵᠢᠶ᠎ᠡ ᠡᠳᠦᠷ ᠢᠷᠡᠭᠦᠶ ᠎ᠡ ᠨᠡᠮᠡᠭᠳᠡᠵᠤ᠂ ᠦᠡᠭᠭᠡᠷᠡᠭᠰᠡᠨ ᠳᠤ ᠤᠪᠤᠭ ᠨᠡᠷ᠎ᠡ᠂ ᠪᠠᠶ᠎ᠡ ᠶᠢᠨ ᠦᠨᠠᠮᠯᠡᠯ ᠤᠨ ᠨᠤᠮᠧᠷ᠂ ᠭᠠᠷ ᠤᠳᠠᠰᠤᠨ ᠤ ᠨᠤᠮᠧᠷ᠂ ᠤᠷᠤᠨ ᠰᠠᠭᠤᠴᠡ ᠶᠢᠨ ᠴᠢᠮᠡᠭᠡ ᠵᠠᠩᠭᠢ ᠵᠡᠷᠭᠡ ᠴᠢᠮᠡᠭᠡ ᠵᠠᠩᠭᠢ ᠶᠢ ᠵᠠᠳᠠᠷᠠᠭᠤᠯᠵᠤ ᠪᠠᠶᠢᠬᠰᠡᠨ ᠪᠤᠯ ᠤᠳᠤ ᠬᠠᠷᠢᠨ ᠦᠨᠡᠨᠴᠢ ᠢᠳᠡᠭᠡᠮᠵᠢ ᠶᠢᠨ ᠴᠢᠮᠡᠭᠡ ᠵᠠᠩᠭᠢ᠂ ᠪᠠᠶᠢᠷᠢ ᠲᠤᠬᠳᠠᠭᠠᠯᠳᠡ ᠶᠢᠨ ᠴᠢᠮᠡᠭᠡ ᠵᠠᠩᠭᠢ ᠵᠡᠷᠭᠡ ᠤᠯᠡᠨ ᠲᠡᠯ᠎ᠡ ᠶᠢᠨ ᠴᠢᠮᠡᠭᠡ ᠵᠠᠩᠭᠢ ᠶᠢ ᠬᠠᠮᠤᠷᠴᠠᠢ᠃ ᠳᠡᠶᠢᠮᠦ ᠮᠦᠷᠳᠡᠭᠡᠨ ᠬᠤᠪᠢ ᠭᠦᠮᠦᠨ ᠤ ᠴᠢᠮᠡᠭᠡ ᠵᠠᠩᠭᠢ ᠶᠢ ᠵᠠᠳᠠᠷᠠᠭᠤᠯᠤᠬᠰᠡᠨ ᠡᠷᠭᠡ ᠠᠰᠢᠭ ᠢᠶᠠᠨ ᠬᠠᠮᠠᠭᠠᠯᠠᠬᠤ ᠦᠪᠡᠷ ᠤᠨ ᠦᠷᠳᠡᠭ ᠦᠨᠳᠦᠷ᠂ ᠭᠡᠷᠡᠴᠢ ᠪᠠᠷᠢᠮᠳᠡ ᠴᠤᠬᠯᠠᠭᠤᠯᠬᠤ ᠳᠤ ᠭᠦᠴᠢᠷ ᠵᠡᠷᠭᠡ ᠤᠯᠡᠨ ᠠᠰᠠᠭᠤᠳᠡᠯ ᠲᠤᠯᠭᠠᠷᠡᠵᠤ ᠪᠤᠢ᠃       ᠲᠤᠮᠳᠠᠳᠤ ᠤᠯᠤᠰ ᠤᠨ ᠬᠠᠤᠯᠢ ᠴᠠᠭᠠᠵᠡ ᠶᠢᠨ ᠲᠤᠮᠦ ᠳ᠋ᠠᠶᠢᠲ᠋ᠠ ᠶᠢᠨ ᠰᠤᠳᠤᠯᠭᠠᠨ ᠤ ᠭᠦᠷᠢᠶᠠᠯᠠᠩ ᠤᠨ 2016 ᠤᠨ ᠠᠴᠠ 2020 ᠤᠨ ᠪᠤᠯᠳᠡᠯᠡᠭᠢ ᠪᠦᠭᠦ ᠤᠯᠤᠰ ᠤᠨ ᠡᠯ᠎ᠡ ᠱᠠᠳᠤᠨ ᠤ ᠠᠷᠠᠳ ᠤᠨ ᠰᠢᠭᠦᠭᠦ ᠬᠤᠷᠢᠶᠡᠨ ᠤ ᠨᠢᠭᠡᠳᠤᠭᠡᠷ ᠰᠢᠭᠦᠯᠳᠡ ᠳᠤ ᠰᠢᠭᠦᠨ ᠲᠠᠭᠤᠰᠬᠠᠬᠰᠡᠨ ᠬᠤᠪᠢ ᠭᠦᠮᠦᠨ ᠤ ᠴᠢᠮᠡᠭᠡ ᠵᠠᠩᠭᠢ ᠶᠢ ᠵᠠᠳᠠᠷᠠᠭᠤᠯᠤᠬᠰᠡᠨ ᠶᠡᠯᠡᠳᠤ ᠭᠡᠷᠡᠭ ᠤᠨ ᠵᠠᠳᠠᠯᠦᠯᠳᠡ ᠳᠤ ᠢᠯᠡᠷᠡᠭᠦᠯᠦᠭᠰᠡᠨ ᠢᠶᠠᠷ᠂ ᠤᠢᠢᠷ᠎ᠡ ᠶᠢᠨ ᠵᠢᠯ ᠳᠤ ᠬᠤᠪᠢ ᠭᠦᠮᠦᠨ ᠤ ᠴᠢᠮᠡᠭᠡ ᠵᠠᠩᠭᠢ ᠶᠢ ᠵᠠᠳᠠᠷᠠᠭᠤᠯᠤᠬᠰᠡᠨ ᠶᠠᠯᠠᠳᠤ ᠭᠡᠷᠡᠭ ᠨᠢ ᠲᠦᠷᠭᠡᠨ ᠨᠡᠮᠡᠭᠳᠡᠯ ᠤᠨ ᠬᠠᠨᠳᠤᠰᠢ ᠲᠠᠢ ᠪᠠᠶᠢᠨ᠎ᠡ ᠭᠡᠵᠡᠢ᠃      ᠡᠳᠡᠭᠡᠷ ᠠᠰᠠᠭᠤᠳᠡᠯ ᠳᠤ ᠴᠢᠭᠯᠡᠭᠦᠯᠦᠨ᠂ ᠬᠤᠯᠪᠤᠬᠳᠡᠯ ᠪᠦᠭᠦᠢ ᠰᠠᠯᠠᠭ᠎ᠠ ᠮᠦᠴᠢᠷ᠂ ᠠᠵᠤ ᠠᠬᠤᠢᠢᠯᠡᠯ ᠬᠠᠷᠢᠭᠤᠴᠠᠯᠭ᠎ᠠ ᠪᠠᠨ ᠭᠦᠢᠴᠡᠳᠭᠡᠵᠤ᠂ ᠬᠤᠪᠢ ᠭᠦᠮᠦᠨ ᠤ ᠴᠢᠮᠡᠭᠡ ᠵᠠᠩᠭᠢ ᠶᠢᠨ ᠠᠮᠦᠷ ᠲᠦᠪᠰᠢᠨ ᠢ ᠬᠠᠮᠠᠭᠠᠯᠠᠬᠤ ᠮᠡᠷᠭᠡᠵᠢᠯ ᠢ ᠲᠡᠭᠡᠭᠰᠢᠯᠡᠭᠦᠯᠦᠨ᠂ ᠬᠤᠪᠢ ᠭᠦᠮᠦᠨ ᠤ ᠴᠢᠮᠡᠭᠡ ᠵᠠᠩᠭᠢ ᠶᠢᠨ ᠠᠮᠦᠷ ᠲᠦᠪᠰᠢᠨ ᠤ ︽ᠰᠡᠷᠭᠡᠶᠢᠯᠡᠯᠳᠡ ᠶᠢᠨ ᠭᠡᠷᠡᠮ︾ ᠢ ᠴᠤᠭᠴᠠᠯᠠᠬᠤ ᠭᠡᠷᠡᠭᠳᠡᠢ᠃ ᠲᠤᠮᠦ ᠳ᠋ᠠᠶᠢᠲᠨ ᠶᠢᠨ ᠴᠠᠭ ᠦᠶ᠎ᠡ ᠳᠤ᠂ ᠰᠢᠨ᠎ᠡ ᠮᠡᠷᠭᠡᠵᠢᠯ ᠤᠨ ᠬᠤᠪᠢᠰᠦᠯᠳᠡ ᠡᠳᠦᠷ ᠢᠷᠡᠭᠦᠶ᠎ᠡ ᠰᠢᠨᠡᠳᠴᠤ᠂ ᠬᠤᠪᠢ ᠭᠦᠮᠦᠨ ᠤ ᠴᠢᠮᠡᠭᠡ ᠵᠠᠩᠭᠢ ᠶᠢ ᠵᠠᠳᠠᠷᠠᠭᠤᠯᠬᠤ ᠰᠢᠨ᠎ᠡ ᠠᠰᠠᠭᠤᠳᠡᠯ ᠤᠯᠡᠨ ᠲᠦᠢᠯᠰᠢᠷᠡᠵᠤ ᠪᠠᠶᠢᠭ᠎ᠠ ᠪᠤᠯᠬᠤᠷ ᠬᠤᠪᠢ ᠭᠦᠮᠦᠨ ᠤ ᠴᠢᠮᠡᠭᠡ ᠵᠠᠩᠭᠢ ᠶᠢ ᠴᠤ ᠬᠠᠤᠯᠢ ᠴᠠᠭᠠᠵᠡ ᠶᠢᠨ ︽ᠵᠡᠪᠰᠡᠭ︾  ᠢᠶᠠᠷ ᠬᠠᠮᠠᠭᠠᠯᠠᠬᠤ ᠭᠡᠷᠡᠭᠳᠡᠢ᠃ ᠤᠳᠤᠬᠠᠨ ᠳᠤ᠂ ᠬᠠᠤᠯᠢ ᠲᠤᠬᠳᠠᠭᠠᠬᠤ ᠠᠯᠪᠡᠨ ᠪᠠᠶᠢᠭᠤᠯᠭ᠎ᠠ ᠶᠢᠨ ᠬᠢᠨ ᠬᠤᠪᠢ ᠭᠦᠮᠦᠨ ᠤ ᠴᠢᠮᠡᠭᠡ ᠵᠠᠩᠭᠢ ᠶᠢ ᠬᠠᠮᠠᠭᠠᠯᠠᠬᠤ ᠬᠠᠤᠯᠢ ᠶᠢᠨ ᠲᠦᠰᠦᠯ ᠢ ᠨᠡᠶᠢᠳᠡᠯᠡᠵᠤ᠂ ︽ᠰᠦᠯᠵᠢᠶᠡᠨ ᠤ ᠠᠮᠦᠷ ᠲᠦᠪᠰᠢᠨ ᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠡ ᠬᠠᠤᠯᠢ ᠲᠦᠷᠢᠮ ᠳᠤ ᠬᠤᠪᠢ ᠭᠦᠮᠦᠨ ᠤ ᠴᠢᠮᠡᠭᠡ ᠵᠠᠩᠭᠢ ᠶᠢᠨ ᠠᠮᠦᠷ ᠲᠦᠪᠰᠢᠨ ᠢ ᠬᠠᠮᠠᠭᠠᠯᠠᠬᠰᠡᠨ ᠰᠠᠭᠤᠷᠢᠨ ᠲᠡᠭᠡᠷ᠎ᠡ᠂ ᠴᠢᠮᠡᠭᠡ ᠵᠠᠩᠭᠢ ᠶᠢ ᠬᠠᠮᠠᠭᠠᠯᠠᠬᠤ ᠵᠡᠷᠭᠡ ᠰᠢᠨ᠎ᠡ ᠲᠦᠷᠢᠮ ᠢ ᠨᠡᠮᠡᠭᠳᠡᠭᠦᠯᠵᠤ᠂ ᠬᠤᠪᠢ ᠭᠦᠮᠦᠨ ᠤ ᠴᠢᠮᠡᠭᠡ ᠵᠠᠩᠭᠢ ᠶᠢ ᠬᠠᠮᠠᠭᠠᠯᠠᠬᠤ ᠳᠤ ᠨᠠᠩ ᠴᠢᠭᠯᠡᠭᠦᠯᠦᠯᠳᠤ ᠴᠢᠨᠡᠷ ᠪᠡ ᠭᠡᠷᠡᠭᠵᠢᠭᠦᠯᠦᠰᠢᠳᠤ ᠴᠢᠨᠡᠷ ᠲᠠᠢ ᠪᠤᠯᠭᠠᠪᠡ᠃ ᠡᠭᠦᠨ ᠠᠴᠠ ᠭᠠᠳᠡᠨ᠎ᠡ᠂ ᠬᠤᠪᠢ ᠭᠦᠮᠦᠨ ᠴᠤ ᠦᠪᠡᠷ ᠤᠨ ᠴᠢᠮᠡᠭᠡ ᠵᠠᠩᠭᠢ ᠪᠠᠨ ᠰᠠᠶᠢᠳᠤᠷ ᠬᠠᠮᠠᠭᠠᠯᠠᠬᠤ ᠦᠵᠡᠯ ᠲᠡᠨᠢᠯᠳᠡ ᠲᠠᠢ ᠪᠠᠶᠢᠬᠤ ᠴᠢᠬᠤᠯᠠᠳᠡᠢ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ