ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ 2022 ᠣᠨ ᠤ ᠰᠡᠭᠦᠯᠴᠢ ᠪᠠᠷ  ᠪᠥᠬᠦ ᠮᠤᠵᠢ ᠣᠷᠣᠨ ᠳᠤ ᠪᠦᠷᠬᠦᠭᠦᠯᠦᠨ᠎ᠡ
ᠨᠡᠶᠢᠲᠡᠯᠡᠭᠰᠡᠨ ᠴᠠᠭ᠄
2021/6/15
       ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ  ᠬᠥᠭᠵᠢᠭᠦᠯᠦᠯᠲᠡ ᠶᠢᠨ  ᠵᠤᠷᠭᠠᠨ ᠤ ᠬᠠᠷᠢᠭᠤᠴᠠᠯᠭᠠᠲᠠᠨ ᠰᠦᠨ ᡁᠢ ᠴᠧᠩ 7 ᠤ ᠡᠳᠦᠷ  ᠲᠥᠷᠥ ᠶᠢᠨ  ᠶᠠᠪᠤᠳᠠᠯ ᠤᠨ  ᠬᠤᠷᠢᠶᠠᠨ ᠤ  ᠰᠣᠨᠢᠨ  ᠮᠡᠳᠡᠭᠡᠨ ᠤ  ᠠᠯᠪᠠᠨ ᠬᠡᠷ ᠤᠨ ᠡᠷᠭᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ  ᠪᠣᠳᠣᠯᠭ᠎ᠠ ᠶᠢᠨ  ᠵᠤᠷᠰᠢᠯᠲᠤ  ᠪᠠᠶᠢᠳᠠᠯ  ᠮᠡᠳᠡᠭᠳᠡᠬᠦ ᠬᠤᠷᠠᠯ ᠳᠡᠭᠡᠷ᠎ᠡ᠂ 2021  ᠣᠨ ᠳᠤ  ᠣᠷᠣᠨ  ᠪᠦᠰᠡ ᠶᠢᠨ  ᠡᠮᠴᠢᠯᠡᠭᠡᠨ ᠤ  ᠲᠥᠪ ᠤᠨ  ᠪᠥᠲᠥᠭᠡᠨ  ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ  ᠤᠯᠠᠮ  ᠴᠢᠨᠠᠬᠰᠢᠲᠠ  ᠥᠷᠭᠡᠳᠬᠡᠵᠦ᠂  ᠳᠤᠮᠳᠠ  ᠪᠠᠷᠠᠭᠤᠨ  ᠬᠡᠰᠡᠭ ᠤᠨ  ᠭᠠᠵᠠᠷ ᠣᠷᠣᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠨᠡᠯᠢᠶᠡᠳ ᠳᠤᠲᠠᠭᠳᠠᠵᠤ ᠪᠠᠶᠢᠭ᠎ᠠ  12  ᠮᠤᠵᠢ ᠶᠢ  ᠲᠤᠷᠰᠢᠯᠲᠠ ᠶᠢᠨ ᠴᠡᠭ ᠲᠤ ᠣᠷᠣᠭᠤᠯᠤᠨ᠎ᠠ᠃ 2022 ᠣᠨ ᠤ  ᠰᠡᠭᠦᠯᠴᠢ  ᠪᠣᠯᠬᠤ ᠳᠤ᠂  ᠣᠷᠣᠨ  ᠪᠦᠰᠡ ᠶᠢᠨ  ᠡᠮᠴᠢᠯᠡᠭᠡᠨ ᠤ  ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠮᠤᠵᠢ ᠣᠷᠣᠨ ᠳᠤ ᠪᠦᠷᠬᠦᠭᠦᠯᠦᠨ᠎ᠡ ᠭᠡᠵᠦ ᠢᠯᠡᠳᠭᠡᠪᠡ᠃       ᠰᠦᠨ ᡁᠢ ᠴᠧᠩ ᠲᠠᠨᠢᠯᠴᠠᠭᠤᠯᠬᠤ ᠳᠠᠭᠠᠨ᠂ ᠲᠦᠷᠦᠭᠦᠦ ᠪᠦᠯᠦᠭ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠤᠷᠰᠢᠯᠲᠠ ᠶᠢᠨ ᠴᠡᠭ ᠲᠤ ᠾᠧᠪᠸᠢ᠂ ᠯᠢᠶᠣᠤᠨᠢᠩ᠂ ᠱᠠᠨ ᠰᠢ᠂  ᠹᠦᠵᠢᠶᠠᠨ᠂  ᠠᠨᠾᠦ᠋ᠢ   ᠶᠦᠨᠨᠠᠨ  ᠵᠡᠷᠭᠡ  8  ᠮᠤᠵᠢ ᠶᠢ ᠰᠣᠩᠭᠤᠵᠤ᠂  10  ᠲᠥᠷᠥᠯ ᠵᠦᠢᠯ ᠢ ᠪᠠᠶᠢᠭᠤᠯᠤᠨ  ᠳᠠᠭᠤᠰᠬᠠᠵᠤ᠂  ᠨᠢᠭᠡᠨᠲᠡ  ᠤᠷᠢᠳ  ᠬᠤᠵᠢᠳ   ᠠᠰᠢᠭᠯᠠᠯᠲᠠ ᠳᠤ ᠣᠷᠣᠭᠤᠯᠵᠠᠢ ᠭᠡᠪᠡ᠃                       ︽ᠬᠢᠨᠠᠨ  ᠬᠡᠮᠵᠢᠭᠰᠡᠨ  ᠲᠤᠭ᠎ᠠ  ᠪᠠᠷᠢᠮᠲᠠ ᠠᠴᠠ  ᠦᠵᠡᠪᠡᠯ᠂  ᠲᠤᠷᠰᠢᠯᠲᠠ ᠶᠢᠨ  ᠴᠡᠭ ᠤᠨ  ᠲᠥᠷᠥᠯ ᠵᠦᠢᠯ ᠨᠢ ᠲᠤᠬᠠᠶ ᠶᠢᠨ ᠭᠠᠵᠠᠷ ᠤᠨ ᠡᠪᠡᠳᠴᠢᠲᠠᠨ ᠴᠢᠨᠠᠭᠰᠢᠯᠠᠪᠠᠯ ᠡᠷᠬᠢᠨ  ᠲᠣᠭᠤᠷᠢᠨ ᠤ  ᠡᠪᠡᠳᠴᠢᠲᠡᠨ ᠢ  ᠦᠯᠡᠳᠡᠭᠡᠬᠦ ᠳᠤ  ᠳᠤᠪᠤᠶᠢᠮ᠎ᠠ ᠦᠢᠯᠡᠳᠦᠯ ᠦᠵᠡᠭᠦᠯᠵᠡᠶ︾᠃  ᠰᠦᠨ  ᡁᠢ  ᠴᠧᠩ᠂  ᠣᠷᠣᠨ   ᠪᠦᠰᠡ ᠶᠢᠨ   ᠡᠮᠴᠢᠯᠡᠭᠡᠨ ᠤ   ᠲᠥᠪ ᠤᠨ   ᠪᠥᠲᠥᠭᠡᠨ ᠪᠠᠶᠢᠭᠤᠯᠤᠯᠲᠠ ᠨᠢ ᠡᠪᠡᠳᠴᠢᠨ ᠦᠵᠡᠭᠦᠯᠬᠦ ᠬᠦᠮᠦᠰ ᠤᠨ  ᠤᠷᠤᠰᠬᠠᠯ ᠤᠨ  ᠪᠠᠶᠢᠳᠠᠯ ᠢ  ᠠᠩᠬ᠎ᠠ  ᠠᠯᠬᠤᠮ  ᠰᠠᠶᠢᠵᠢᠷᠠᠭᠤᠯᠵᠤ᠂ ᠨᠠᠷᠠᠲᠤ  ᠲᠡᠮᠳᠡᠭ ᠤᠨ  ᠨᠥᠯᠥᠭᠡᠯᠡᠬᠦ   ᠬᠦᠴᠦᠨ ᠢ   ᠥᠷᠭᠡᠳᠬᠡᠨ᠂   ᠴᠢᠳᠠᠪᠤᠷᠢᠲᠠᠨ ᠤ   ᠡᠩᠨᠡᠭᠡ ᠶᠢᠨ   ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠶᠢᠨ ᠡᠮᠴᠢᠯᠡᠭᠡᠨ ᠤ  ᠬᠢᠷᠢ  ᠲᠦᠪᠰᠢᠨ ᠢ  ᠴᠦ  ᠣᠬᠤᠷᠬᠠᠨ  ᠬᠤᠭᠤᠴᠠᠭᠠᠨ ᠳᠤ  ᠢᠯᠡᠳᠲᠡ ᠳᠡᠭᠡᠭᠰᠢᠯᠡᠭᠦᠯᠪᠡ ᠭᠡᠪᠡ᠃                       ᠡᠭᠦᠨ ᠠᠴᠠ  ᠭᠠᠳᠠᠨ᠎ᠠ᠂  ᠡᠮ  ᠡᠮᠴᠢᠯᠡᠭᠡ  ᠡᠷᠡᠭᠦᠯ  ᠬᠠᠮᠠᠭᠠᠯᠠᠯ ᠤᠨ  ᠪᠠᠶᠢᠭᠤᠯᠤᠮᠵᠢ ᠶᠢᠨ   ᠥᠭᠡᠷᠡᠴᠢᠯᠡᠯᠲᠡ ᠶᠢᠨ ᠲᠤᠷᠰᠢᠯᠲᠠ ᠶᠢᠨ  ᠲᠠᠷᠢᠶ᠎ᠠ  ᠪᠣᠯᠤᠭᠰᠠᠨ ᠤ  ᠬᠤᠪᠢ ᠳᠤ᠂  ᠣᠷᠣᠨ  ᠪᠦᠰᠡ ᠶᠢᠨ   ᠡᠮᠴᠢᠯᠡᠭᠡᠨ ᠤ   ᠲᠥᠪ ᠤᠨ   ᠪᠦᠲᠦᠭᠡᠨ ᠪᠠᠶᠢᠭᠤᠯᠤᠯᠲᠠ ᠨᠢ ᠪᠠᠰᠠ ᠡᠮ ᠡᠮᠨᠡᠯᠭᠡ ᠶᠢᠨ ᠡᠬᠢ ᠪᠠᠶᠠᠯᠢᠭ ᠤᠨ ᠣᠷᠣᠭᠤᠯᠤᠯᠲᠠ ᠶᠢ  ᠳᠠᠶᠢᠴᠢᠯᠠᠭᠰᠠᠨ  ᠪᠠᠶᠢᠨ᠎ᠠ᠃  ᠲᠦᠷᠦᠭᠦᠦ ᠪᠦᠯᠦᠭ ᠤᠨ 10 ᠲᠤᠷᠰᠢᠯᠲᠠ ᠶᠢᠨ ᠴᠡᠭ ᠤᠨ ᠳᠣᠲᠣᠷ᠎ᠠ᠂ ᠡᠮᠨᠡᠯᠭᠡ ᠶᠢᠨ ᠠᠵᠢᠯᠲᠠᠨ ᠤ ᠣᠷᠣᠨ ᠲᠤᠭ᠎ᠠ ᠶᠢ ᠨᠡᠶᠢᠲᠡ 1.36 ᠲᠦᠮᠡ ᠬᠢᠨᠠᠨ ᠲᠣᠭᠲᠠᠭᠠᠪᠠ᠂ ᠡᠭᠦᠨ ᠳᠤ ᠰᠢᠨ᠎ᠡ ᠪᠠᠷ ᠨᠡᠮᠡᠭᠳᠡᠭᠰᠡᠨ ᠣᠷᠣᠨ ᠲᠤᠭ᠎ᠠ 6300 ᠬᠦᠷᠴᠦ᠂ ᠲᠥᠯᠥᠪᠵᠢᠭᠦᠯᠦᠭᠰᠡᠨ ᠶᠡᠷᠦᠩᠬᠡᠶ ᠡᠪᠡᠳᠴᠢᠲᠡᠨ ᠤ ᠣᠷᠣ 1.52 ᠲᠦᠮᠡ ᠪᠠᠶᠢᠵᠤ᠂ ᠡᠭᠦᠨ ᠳᠤ ᠰᠢᠨ᠎ᠡ ᠪᠠᠷ ᠨᠡᠮᠡᠭᠳᠡᠭᠰᠡᠨ ᠨᠢ  6500᠂  ᠣᠷᠣᠨ ᠪᠦᠰᠡ ᠶᠢᠨ ᠡᠮᠴᠢᠯᠡᠭᠡᠨ ᠤ ᠲᠥᠪ ᠨᠢᠭᠡᠪᠦᠷᠢ ᠳᠤ ᠳᠤᠮᠳᠠᠴᠢ ᠪᠠᠷ 1500 ᠡᠪᠡᠳᠴᠢᠲᠡᠨ ᠤ ᠣᠷᠣ ᠲᠠᠢ ᠪᠣᠯᠵᠠᠶ᠃
ᠢᠷᠡᠯᠲᠡ᠄ ᠠᠷᠠᠳ ᠤᠨ ᠰᠦᠯᠵᠢᠶ᠎ᠡ