ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ ︵ᠦᠷᠬᠦᠯᠵᠢᠯᠡᠯ︶
ᠨᠡᠶᠢᠲᠡᠯᠡᠭᠰᠡᠨ ᠴᠠᠭ᠄
2021/6/28
       ᠭᠤᠷᠪᠠᠳᠤᠭᠠᠷ ᠪᠦᠯᠦᠭ ᠪᠤᠳᠠᠰ ᠤᠨ ᠡᠷᠬᠡ ᠶᠢ ᠬᠠᠮᠠᠭᠠᠯᠠᠬᠤ            ᠬᠤᠶᠠᠷ ᠵᠠᠭᠤ ᠭᠤᠴᠢᠨ ᠭᠤᠷᠪᠠᠳᠤᠭᠠᠷ ᠵᠦᠢᠯ ᠪᠤᠳᠠᠰ ᠤᠨ ᠡᠷᠬᠡ ᠬᠥᠨᠥᠭᠡᠯ ᠳᠤ ᠤᠴᠠᠷᠠᠭᠰᠠᠨ ᠪᠠᠶᠢᠪᠠᠯ᠂ ᠡᠷᠬᠡᠳᠦ ᠬᠦᠮᠦᠨ ᠡᠪᠰᠡᠬᠦ᠂ ᠡᠶᠡᠳᠡᠬᠦᠯᠭᠡ ᠬᠢᠯᠭᠡᠬᠦ᠂ ᠬᠦᠨᠳᠡᠯᠡᠨ ᠠᠴᠠ ᠲᠠᠰᠤᠯᠤᠭᠤᠯᠬᠤ᠂ ᠵᠠᠷᠭᠤᠯᠳᠤᠬᠤ ᠵᠡᠷᠭᠡ ᠠᠷᠭ᠎ᠠ ᠵᠠᠮ ᠢᠶᠠᠷ ᠰᠢᠢᠳᠪᠦᠷᠢᠯᠡᠵᠦ ᠪᠤᠯᠤᠨ᠎ᠠ᠃      ᠬᠤᠶᠠᠷ ᠵᠠᠭᠤ ᠭᠤᠴᠢᠨ ᠲᠦᠷᠪᠡᠳᠤᠭᠡᠷ ᠵᠦᠢᠯ ᠪᠤᠳᠠᠰ ᠤᠨ ᠡᠷᠬᠡ ᠶᠢᠨ ᠬᠠᠷᠢᠶᠠᠯᠠᠯ᠂ ᠠᠭᠤᠯᠭ᠎ᠠ ᠠᠴᠠ ᠪᠤᠯᠵᠤ ᠮᠠᠷᠭᠤᠯᠳᠤᠭᠠᠨ ᠭᠠᠷᠤᠭᠰᠠᠨ ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠡᠷᠬᠡ ᠶᠢ ᠨᠣᠳᠠᠯᠠᠭᠤᠯᠬᠤ ᠪᠠᠷ ᠭᠤᠶᠤᠴᠢᠯᠠᠵᠤ ᠪᠤᠯᠤᠨ᠎ᠠ᠃             ᠬᠤᠶᠠᠷ ᠵᠠᠭᠤ ᠭᠤᠴᠢᠨ ᠲᠠᠪᠤᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠡᠷᠬᠡ ᠦᠭᠡᠢ ᠪᠠᠷ ᠡᠵᠡᠮᠰᠢᠭᠰᠡᠨ ᠪᠠᠶᠢᠪᠠᠯ᠂ ᠡᠷᠬᠡᠳᠦ ᠬᠦᠮᠦᠨ ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠵᠤ ᠪᠤᠯᠤᠨ᠎ᠠ᠃             ᠬᠤᠶᠠᠷ ᠵᠠᠭᠤ ᠭᠤᠴᠢᠨ ᠵᠢᠷᠭᠤᠳᠤᠭᠠᠷ ᠵᠦᠢᠯ ᠪᠤᠳᠠᠰ ᠤᠨ ᠡᠷᠬᠡ ᠶᠢ ᠬᠠᠷᠰᠢᠯᠠᠬᠰᠠᠨ ᠪᠤᠶᠤ ᠪᠤᠳᠠᠰ ᠤᠨ ᠡᠷᠬᠡ ᠶᠢ ᠬᠠᠷᠰᠢᠯᠠᠵᠤ ᠮᠡᠳᠡᠬᠦ ᠳᠤ ᠬᠥᠷᠪᠡᠯ᠂ ᠡᠷᠬᠡᠳᠦ ᠬᠦᠮᠦᠨ ᠬᠠᠷᠰᠢᠯᠡᠯ ᠢ ᠠᠷᠢᠯᠭᠠᠭᠤᠯᠬᠤ ᠪᠤᠶᠤ ᠠᠶᠤᠯ ᠲᠥᠭᠰᠢᠬᠦᠷᠢ ᠶᠢ ᠠᠷᠢᠯᠭᠠᠭᠤᠯᠬᠤ ᠪᠠᠷ ᠭᠤᠶᠤᠴᠢᠯᠠᠵᠤ ᠪᠤᠯᠤᠨ᠎ᠠ᠃             ᠬᠤᠶᠠᠷ ᠵᠠᠭᠤ ᠭᠤᠴᠢᠨ ᠲᠤᠯᠤᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠡᠪᠳᠡᠯᠡᠭᠰᠡᠨ ᠪᠠᠶᠢᠪᠠᠯ᠂ ᠡᠷᠬᠡᠳᠦ ᠬᠦᠮᠦᠨ ᠰᠡᠯᠪᠢᠨ ᠵᠠᠰᠠᠭᠤᠯᠬᠤ᠂ ᠲᠠᠬᠢᠨ ᠬᠢᠯᠭᠡᠬᠦ᠂ ᠰᠤᠯᠢᠭᠤᠯᠬᠤ ᠪᠤᠶᠤ ᠤᠭ ᠪᠠᠶᠢᠳᠠᠯ ᠢ ᠨᠢ ᠰᠡᠷᠬᠦᠭᠡᠯᠭᠡᠬᠦ ᠪᠠᠷ ᠬᠠᠣᠯᠢ ᠶᠣᠰᠣᠭᠠᠷ ᠭᠤᠶᠤᠴᠢᠯᠠᠵᠤ ᠪᠤᠯᠤᠨ᠎ᠠ᠃        ᠬᠤᠶᠠᠷ ᠵᠠᠭᠤ ᠭᠤᠴᠢᠨ ᠨᠠᠢᠮᠠᠳᠤᠭᠠᠷ ᠵᠦᠢᠯ ᠪᠤᠳᠠᠰ ᠤᠨ ᠡᠷᠬᠡ ᠶᠢ ᠬᠥᠨᠥᠭᠡᠭᠡᠳ ᠡᠷᠬᠡᠳᠦ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡᠳᠦ ᠬᠦᠮᠦᠨ ᠬᠠᠣᠯᠢ ᠶᠣᠰᠣᠭᠠᠷ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠵᠤ ᠪᠤᠯᠤᠨ᠎ᠠ᠂ ᠪᠤᠰᠤᠳ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦᠯᠬᠦ ᠪᠠᠷ ᠬᠠᠣᠯᠢ ᠶᠣᠰᠣᠭᠠᠷ ᠭᠤᠶᠤᠴᠢᠯᠠᠭᠰᠠᠨ ᠴᠤ ᠪᠤᠯᠤᠨ᠎ᠠ᠃             ᠬᠤᠶᠠᠷ ᠵᠠᠭᠤ ᠭᠤᠴᠢ ᠶᠢᠰᠤᠳᠤᠭᠡᠷ ᠵᠦᠢᠯ ᠲᠤᠰ ᠪᠦᠯᠦᠭ ᠲᠤ ᠲᠤᠭᠳᠠᠭᠠᠭᠰᠠᠨ ᠪᠤᠳᠠᠰ ᠤᠨ ᠡᠷᠬᠡ ᠶᠢ ᠬᠠᠮᠠᠭᠠᠯᠠᠬᠤ ᠠᠷᠭ᠎ᠠ ᠮᠠᠶ᠋ᠢᠭ ᠢ ᠲᠤᠰᠠᠭᠠᠷ ᠨᠢ ᠲᠣᠬᠢᠷᠠᠭᠤᠯᠣᠨ ᠬᠡᠷᠡᠭᠯᠡᠵᠦ ᠪᠤᠯᠤᠨ᠎ᠠ᠂ ᠡᠷᠬᠡ ᠶᠢᠨ ᠬᠥᠨᠥᠭᠡᠭᠳᠡᠭᠰᠡᠨ ᠪᠠᠶᠢᠳᠠᠯ ᠢ ᠦᠨᠳᠦᠰᠦᠯᠡᠵᠥ ᠨᠡᠶᠢᠯᠡᠬᠦᠯᠦᠨ ᠲᠣᠬᠢᠷᠠᠭᠤᠯᠣᠨ ᠬᠡᠷᠡᠭᠯᠡᠭᠰᠡᠨ ᠴᠤ ᠪᠤᠯᠤᠨ᠎ᠠ᠃             ᠬᠤᠶᠠᠳᠤᠭᠠᠷ ᠬᠤᠪᠢᠶᠠᠷᠢ ᠠᠩᠬᠢ ᠦᠮᠴᠢᠯᠡᠯ ᠤᠨ ᠡᠷᠬᠡ             ᠲᠦᠷᠪᠡᠳᠦᠭᠡᠷ ᠪᠦᠯᠦᠭ ᠡ᠊ᠩ ᠤᠨ ᠲᠤᠭᠳᠠᠭᠠᠯ             ᠬᠤᠶᠠᠷ ᠵᠠᠭᠤ ᠲᠦᠴᠢᠳᠤᠭᠡᠷ ᠵᠦᠢᠯ ᠦᠮᠴᠢᠯᠡᠯ ᠤᠨ ᠡᠷᠬᠡᠳᠦ ᠬᠦᠮᠦᠨ ᠦᠪᠡᠷ ᠤᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠬᠠᠤᠯᠢ ᠶᠤᠰᠤᠭᠠᠷ ᠡᠳ᠋ᠯᠡᠨ᠎ᠠ᠃             ᠬᠤᠶᠠᠷ ᠵᠠᠭᠤ ᠲᠦᠴᠢᠨ ᠨᠢᠭᠡᠳᠤᠭᠡᠷ ᠵᠦᠢᠯ ᠦᠮᠴᠢᠯᠡᠯ ᠤᠨ ᠡᠷᠬᠡᠳᠦ ᠬᠦᠮᠦᠨ ᠦᠪᠡᠷ ᠤᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠡᠭᠡᠨ ᠠᠰᠢᠭ ᠤᠯᠬᠤ ᠪᠤᠳᠠᠰ ᠤᠨ ᠡᠷᠬᠡ ᠪᠠ ᠲᠠᠭᠠᠭᠠᠯᠳᠠᠳᠦ ᠪᠤᠳᠠᠰ ᠤᠨ ᠡᠷᠬᠡ ᠶᠢ ᠲᠤᠭᠳᠠᠭᠠᠬᠤ ᠡᠷᠬᠡ ᠲᠠᠢ᠃ ᠠᠰᠢᠭ ᠤᠯᠬᠤ ᠪᠤᠳᠠᠰ ᠤᠨ ᠡᠷᠬᠡᠳᠦ ᠬᠦᠮᠦᠨ᠂ ᠲᠠᠭᠠᠭᠠᠯᠳᠠᠳᠦ ᠪᠤᠳᠠᠰ ᠤᠨ ᠡᠷᠬᠡᠳᠦ ᠬᠦᠮᠦᠨ ᠡᠷᠬᠡ ᠪᠠᠨ ᠬᠡᠷᠡᠭᠵᠢᠬᠦᠯᠬᠦ ᠳᠡᠭᠡᠨ ᠦᠮᠴᠢᠯᠡᠯ ᠤᠨ ᠡᠷᠬᠡᠳᠦ ᠬᠦᠮᠦᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ ᠃             ᠬᠤᠶᠠᠷ ᠵᠠᠭᠤ ᠲᠦᠴᠢᠨ ᠬᠤᠶᠠᠳᠤᠭᠠᠷ ᠵᠦᠢᠯ ᠤᠯᠤᠰ ᠤᠨ ᠦᠮᠴᠢᠯᠡᠯ ᠳᠤ ᠲᠤᠰᠬᠠᠢ ᠬᠠᠷᠢᠶᠠᠯᠠᠭᠳᠠᠬᠤ ᠪᠠᠷ ᠬᠠᠤᠯᠢ ᠴᠠᠭᠠᠵᠠ ᠳᠤ ᠲᠤᠭᠳᠠᠭᠠᠭᠰᠠᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠤ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠦᠮᠴᠢᠯᠡᠯ ᠤᠨ ᠡᠷᠬᠡ ᠤᠯᠵᠤ ᠪᠤᠯᠬᠤ ᠦᠭᠡᠢ᠃             ᠬᠤᠶᠠᠷ ᠵᠠᠭᠤ ᠲᠦᠴᠢᠨ ᠭᠤᠷᠪᠠᠳᠤᠭᠠᠷ ᠵᠦᠢᠯ ᠤᠯᠨᠨ ᠨᠠᠶᠢᠳᠠ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ᠂ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠤᠰᠤᠭᠠᠷ ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠪᠠ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠭᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠶᠢ ᠲᠠᠳᠠᠪᠤᠷᠢᠯᠠᠨ ᠠᠪᠴᠤ ᠪᠤᠯᠤᠨ᠎ᠠ᠃             ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠶᠢ ᠲᠠᠳᠠᠪᠤᠷᠢᠯᠠᠨ ᠠᠪᠬᠤ ᠳᠤ ᠬᠦᠷᠪᠡᠯ᠂ ᠭᠠᠵᠠᠷ ᠰᠢᠷᠤᠢ ᠶᠢᠨ ᠨᠦᠬᠦᠪᠦᠷᠢ ᠶᠢᠨ ᠵᠠᠷᠣᠳᠠᠯ ᠂ ᠲᠦᠪᠬᠢᠨᠡᠬᠦᠯᠬᠦ ᠨᠦᠬᠦᠪᠦᠷᠢ ᠶᠢᠨ ᠵᠠᠷᠣᠳᠠᠯ ᠵᠢᠴᠢ ᠬᠥᠳᠡᠭᠡ ᠲᠣᠰᠬᠤᠨ ᠤ ᠲᠣᠰᠬᠤᠨ ᠤ ᠠᠷᠠᠳ ᠤᠨ ᠣᠷᠣᠨ ᠰᠠᠭᠤᠴᠠ᠂ ᠭᠠᠵᠠᠷ ᠲᠡᠭᠡᠷᠡᠬᠢ ᠪᠣᠰᠣᠳ ᠲᠠᠭᠠᠯᠳᠠ ᠪᠤᠳᠠᠰ ᠪᠠ ᠬᠥᠭᠡ ᠴᠢᠬᠢ ᠵᠠᠷᠭᠡ ᠶᠢᠨ ᠨᠦᠬᠦᠪᠦᠷᠢ ᠶᠢᠨ ᠵᠠᠷᠣᠳᠠᠯ ᠢ ᠬᠠᠤᠯᠢ ᠶᠤᠰᠤᠭᠠᠷ ᠴᠠᠭ ᠲᠣᠬᠠᠢ ᠳᠤᠨᠢ ᠬᠥᠢᠴᠡᠳ ᠦᠭᠬᠦ ᠪᠥᠭᠡᠳ ᠭᠠᠵᠠᠷ ᠰᠢᠷᠤᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠨᠡᠶᠢᠭᠡᠮ ᠤᠨ ᠪᠠᠳᠤᠯᠠᠭ᠎ᠠ ᠶᠢᠨ ᠵᠠᠷᠣᠳᠠᠯ ᠢ ᠲᠤᠬᠢᠷᠠᠭᠤᠯᠵᠤ᠂ ᠭᠠᠵᠠᠷ ᠰᠢᠷᠤᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠠᠮᠢᠳᠤᠷᠠᠯ ᠢ ᠪᠠᠳᠤᠯᠠᠵᠤ᠂ ᠭᠠᠵᠠᠷ ᠰᠢᠷᠤᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃             ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠬᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠶᠢ ᠲᠠᠳᠠᠪᠤᠷᠢᠯᠠᠨ ᠠᠪᠬᠤ ᠳᠤ ᠬᠦᠷᠪᠡᠯ᠂ ᠬᠠᠣᠯᠢ ᠶᠣᠰᠣᠭᠠᠷ ᠲᠠᠳᠠᠪᠣᠷᠢᠯᠠᠯᠳᠠ ᠶᠢᠨ ᠨᠦᠬᠦᠪᠦᠷᠢ ᠦᠭᠴᠦ᠂ ᠲᠠᠳᠠᠪᠤᠷᠢᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ︔ ᠬᠤᠪᠢ ᠬᠥᠮᠤᠨ ᠤ ᠤᠷᠤᠨ ᠰᠠᠭᠤᠴᠠ ᠶᠢ ᠲᠠᠳᠠᠪᠤᠷᠢᠯᠠᠨ ᠠᠪᠤᠭᠰᠠᠨ ᠪᠠᠶᠢᠪᠠᠯ᠂ ᠲᠠᠳᠠᠪᠤᠷᠢᠯᠠᠭᠳᠠᠭᠴᠢ ᠶᠢᠨ ᠤᠷᠤᠰᠢᠨ ᠰᠠᠭᠤᠬᠤ ᠨᠦᠬᠦᠴᠡᠯ ᠢ ᠪᠠᠰᠠ ᠪᠠᠳᠤᠯᠠᠬᠤ ᠬᠡᠷᠡᠭᠳᠡᠢ᠃             ᠲᠠᠳᠠᠪᠤᠷᠢᠯᠠᠯᠳᠠ ᠶᠢᠨ ᠨᠦᠬᠦᠪᠦᠷᠢ ᠶᠢᠨ ᠵᠠᠷᠣᠳᠠᠯ ᠵᠡᠷᠭᠡ ᠵᠠᠷᠣᠳᠠᠯ ᠢ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠱᠠᠮᠰᠢᠵᠤ᠂ ᠨᠡᠬᠦᠯᠭᠡᠨ ᠬᠡᠷᠡᠭᠯᠡᠵᠦ᠂ ᠲᠤᠲᠤᠷ᠎ᠠ ᠵᠠᠭᠤᠷ᠎ᠠ ᠪᠠᠨ ᠬᠤᠪᠢᠶᠠᠯᠴᠠᠵᠥ᠂ ᠲᠣᠮᠳᠠ ᠠᠴᠠ ᠨᠢ ᠦᠯᠡᠳᠡᠭᠡᠨ ᠠᠪᠴᠤ᠂ ᠦᠷᠢᠳᠥᠨ ᠤᠳᠠᠭᠠᠰᠢᠷᠠᠭᠤᠯᠵᠤ ᠪᠤᠯᠬᠤ ᠦᠭᠡᠢ᠃       ᠬᠤᠶᠠᠷ ᠵᠠᠭᠤ ᠲᠦᠴᠢᠨ ᠲᠦᠷᠪᠡᠳᠤᠭᠡᠷ ᠵᠦᠢᠯ ᠤᠯᠤᠰ ᠠᠴᠠ ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠶᠢ ᠴᠢᠩᠭ᠎ᠠ ᠬᠢᠵᠠᠭᠠᠷᠯᠠᠵᠤ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠥᠩᠬᠡᠢ ᠬᠡᠮᠵᠢᠶ᠎ᠡ ᠶᠢ ᠬᠢᠵᠠᠭᠠᠷᠯᠠᠨ᠎ᠠ᠃ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠶᠢᠨ ᠭᠡᠪᠴᠢᠶ᠎ᠠ ᠪᠠ ᠵᠢᠷᠤᠮ ᠠᠴᠠ ᠵᠦᠷᠢᠴᠡᠡ ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠶᠢ ᠲᠠᠳᠠᠪᠤᠷᠢᠯᠠᠨ ᠠᠪᠴᠤ ᠪᠤᠯᠬᠤ ᠦᠭᠡᠢ᠃             ᠬᠤᠶᠠᠷ ᠵᠠᠭᠤ ᠲᠦᠴᠢᠨ ᠲᠠᠪᠤᠳᠤᠭᠠᠷ ᠵᠦᠢᠯ ᠠᠶᠤᠯ ᠠᠴᠠ ᠠᠪᠤᠷᠠᠬᠤ ᠭᠠᠮᠰᠢᠭ ᠠᠴᠠ ᠠᠪᠤᠷᠠᠬᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠪᠠᠴᠢᠮ ᠬᠡᠷᠡᠭᠴᠡᠭᠡ ᠠᠴᠠ ᠪᠤᠯᠵᠤ᠂ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠶᠢᠨ ᠭᠡᠪᠴᠢᠶ᠎ᠠ ᠪᠠ ᠵᠢᠷᠤᠮ ᠤᠨ ᠶᠤᠰᠤᠭᠠᠷ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠲᠠᠳᠠᠪᠤᠷᠢᠯᠠᠨ ᠬᠡᠷᠡᠭᠯᠡᠵᠦ ᠪᠤᠯᠤᠨ᠎ᠠ᠃ ᠲᠠᠳᠠᠪᠤᠷᠢᠯᠠᠭᠳᠠᠨ ᠬᠡᠷᠡᠭᠯᠡᠭᠳᠡᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠡᠷᠡᠭᠯᠡᠭᠰᠡᠨ ᠤ ᠲᠠᠷᠠᠭ᠎ᠠ ᠲᠠᠳᠠᠪᠤᠷᠢᠯᠠᠭᠳᠠᠨ ᠬᠡᠷᠡᠭᠯᠡᠬᠦᠯᠥᠭᠴᠢ ᠳᠤ ᠪᠤᠴᠠᠭᠠᠵᠤ ᠦᠭᠬᠦ ᠬᠡᠷᠡᠭᠳᠡᠢ᠃ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠲᠠᠳᠠᠪᠤᠷᠢᠯᠠᠭᠳᠠᠨ ᠬᠡᠷᠡᠭᠯᠡᠭᠳᠡᠬᠦ ᠪᠤᠶᠤ ᠲᠠᠳᠠᠪᠤᠷᠢᠯᠠᠨ ᠬᠡᠷᠡᠭᠯᠡᠭᠰᠡᠨ ᠤ ᠲᠠᠷᠠᠭ᠎ᠠ ᠡᠪᠳᠡᠷᠡᠵᠦ ᠂ ᠤᠰᠠᠳᠤᠭᠰᠠᠨ ᠪᠠᠶᠢᠪᠠᠯ ᠨᠦᠬᠦᠪᠦᠷᠢ ᠦᠭᠬᠦ ᠬᠡᠷᠡᠭᠳᠡᠢ᠃    ︵ᠦᠷᠬᠦᠯᠵᠢᠯᠡᠯ ᠪᠤᠢ︶
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ