ᠬᠢᠶ᠎ᠠ ᠪᠠᠭᠰᠢ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/6/3
      ᠨᠢᠭᠡ᠂ ᠤᠳᠤᠷᠢᠳᠬᠤ ᠪᠠᠭ       ᠴᠧᠩ ᠵᠧᠩ ᠬᠤᠸᠠ        ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠸᠠᠩ ᠬᠠᠶ ᠵᠢᠶᠦ᠋ᠨ         ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ       ᠭᠥᠸᠧ ᠴᠢᠩ             ᠳᠡᠳ᠋ ᠲᠣᠪᠴᠢᠶᠠᠨ ᠳᠠᠷᠤᠭ᠎ᠠ       ᠰᠢᠤᠢ ᠯᠢ ᠫᠢᠩ            ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ       ᠭᠦᠸᠧ ᠬᠤᠶ              ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ                              ᠦᠢᠯᠡᠴᠢᠯᠡᠭᠡᠨ ᠤ ᠲᠥᠪ ᠤᠨ ᠡᠷᠬᠢᠯᠡᠭᠴᠢ      ᠰᠢᠤᠢ ᠶᠦᠩ ᠯᠢ           ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ      ᠬᠤᠶᠠᠷ᠂ ᠭᠤᠣᠯ ᠡᠷᠬᠡ ᠲᠤᠰᠢᠶᠠᠯ       ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠳᠠᠭᠠᠭᠠᠨ ᠡᠭᠦᠷᠭᠡᠯᠡᠨ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠵᠤᠬᠢᠴᠠᠨ ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠥᠬᠦᠶ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃       ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠤᠨ ᠬᠢᠨᠠᠯᠲᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ ᠬᠠᠤᠯᠢ ᠶᠤᠰᠤᠨ ᠤ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠪᠥᠬᠦ  ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠯᠠᠭᠤᠯᠬᠤ ᠶᠢ ᠠᠬᠢᠭᠤᠯᠤᠨ᠎ᠠ ᠃ ᠪᠥᠬᠦ ᠲᠤᠭᠤᠷᠢᠭ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠠᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠲᠤᠭᠤᠷᠢᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠠᠭᠦᠯᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠵᠢᠷᠤᠮᠵᠢᠭᠰᠠᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠳᠠᠩᠰᠠᠯᠠᠬᠤ᠂  ᠲᠢᠭᠯᠡᠬᠦ ᠠᠵᠢᠯ ᠢ ᠡᠭᠦᠷᠭᠡᠯᠡᠨ᠎ᠡ᠃       ︵ᠭᠤᠷᠪᠠ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠲᠤᠭᠤᠷᠢᠭ  ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠶᠢ ᠠᠬᠢᠭᠤᠯᠤᠨ᠎ᠠ᠃ ᠪᠥᠬᠦ ᠲᠤᠭᠤᠷᠢᠭ ᠤᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠪᠠᠷᠢᠯᠳᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠳᠥᠷᠪᠡ︶ ᠪᠥᠬᠦ ᠲᠤᠭᠤᠷᠢᠭ ᠤᠨ ᠨᠡᠶᠢᠭᠡᠮ ᠲᠣᠭᠤᠷᠢᠭ ᠤᠨ ᠵᠠᠰᠠᠵᠤ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠲᠤᠭᠤᠷᠢᠭ ᠤᠨ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠲᠠᠪᠤ︶ ᠪᠥᠬᠦ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ  ᠰᠢᠰᠲ᠋ᠧᠮ ᠪᠠᠶᠢᠭᠤᠯᠬᠤ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠢᠨᠠᠨ ᠪᠠᠶᠢᠴᠠᠭᠠᠬᠤ ᠪᠠ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ  ᠤᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠵᠤ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠬᠠᠤᠯᠢ ᠪᠠᠷᠢᠯᠳᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠵᠢᠴᠢ ᠡᠳ᠋ ᠤᠨ ᠶᠠᠪᠤᠳᠠᠯ᠂ ᠪᠡᠯᠡᠳᠬᠡᠮᠵᠢ᠂ ᠲᠠᠯᠠᠪᠤᠷ ᠵᠡᠷᠭᠡ ᠶᠢ  ᠪᠠᠳᠣᠯᠠᠬᠤ ᠠᠵᠢᠯ ᠢ ᠬᠠᠷᠢᠭᠤᠴᠠᠨ᠎ᠠ᠃      ︵ᠳᠣᠯᠤᠭ᠎ᠠ︶ ᠪᠥᠬᠦ ᠲᠤᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ ᠵᠣᠬᠢᠴᠠᠭᠤᠯᠵᠤ ᠵᠢᠯᠤᠭᠤᠳᠤᠨ᠂ ᠬᠠᠤᠯᠢ ᠪᠠᠷᠢᠯᠳᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠲᠠ ᠪᠠ ᠦᠵᠡᠯ ᠰᠤᠷᠲᠠᠯ᠂ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠬᠠᠷᠢᠭᠤᠴᠠᠨ᠎ᠠ᠃ ᠬᠠᠤᠯᠢ ᠪᠠᠷᠢᠯᠳᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠨᠠᠢᠮᠠ︶ ᠬᠠᠤᠯᠢ ᠪᠠᠷᠢᠯᠳᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠵᠠᠩᠬᠢᠴᠢᠯᠠᠯᠳᠠ ᠶᠢᠨ ᠠᠵᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃       ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ  ᠠᠴᠠ ᠳᠠᠭᠠᠭᠠᠯᠭᠠᠭᠰᠠᠨ ᠪᠤᠰᠤᠳ ᠡᠭᠦᠷᠭᠡ  ᠶᠢ  ᠪᠡᠶᠡᠯᠡᠭᠦᠯᠦᠨ᠎ᠡ᠃      ᠬᠠᠷᠢᠯᠴᠠᠬᠤ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠹᠦ᠋ ᠬᠤᠸᠠ ᠲᠣᠮᠣ ᠠᠰᠠᠷ ᠤᠨ ᠨᠢᠭᠡᠳᠦᠭᠡᠷ ᠳᠠᠪᠬᠤᠷᠭ᠎ᠠ       ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ 00 — 17᠄ 30       ᠬᠠᠷᠢᠯᠴᠠᠬᠤ ᠤᠲᠠᠰᠤ᠄ 0477 — 8580877
ᠢᠷᠡᠯᠲᠡ᠄ ᠲᠣᠰ ᠰᠦᠯᠵᠢᠶ᠎ᠡ