ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠥᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/6/3
          ᠨᠢᠭᠡ᠂ ᠤᠳᠤᠷᠢᠳᠬᠤ ᠪᠠᠭ   ᠸᠠᠩ ᠱᠤᠤ ᠰᠢᠤᠢ        ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ   ᠭᠤᠣ ᠵᠢᠶᠠᠨ            ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ   ᠵᠠᠩ ᠢ ᠸᠧᠨ           ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ        ᠬᠤᠶᠠᠷ᠂ ᠦᠨᠳᠦᠰᠦᠨ ᠲᠦᠢᠮᠣ ᠪᠠᠶᠢᠳᠠᠯ         ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠥᠳᠠᠯ ᠤᠨ ᠲᠣᠪᠴᠢᠶ᠎ᠠ ᠪᠣᠯ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠢ ᠬᠠᠷᠢᠭᠤᠴᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ  ᠪᠠᠶᠢᠭᠤᠯᠣᠮᠵᠢᠲᠣ ᠨᠢᠬᠡᠴᠢ ᠪᠣᠯᠤᠨ᠎ᠠ᠃        ᠲᠤᠬᠠᠶᠢᠯᠠᠭᠰᠠᠨ ᠠᠵᠢᠯ ᠤᠨ ᠰᠠᠯᠠᠭ᠎ᠠ ᠳᠠᠰᠤᠭ᠄         ᠨᠢᠭᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠠᠵᠢᠯ ᠤᠨ ᠲᠤᠬᠠᠶ ᠨᠠᠮ ᠪᠠ ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠤᠰᠢᠯᠠᠭᠤᠯᠣᠨ᠂ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠳᠣᠭᠲᠠᠭᠠᠨ ᠬᠡᠷᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭ᠎ᠠ ᠶᠢ ᠮᠠᠭᠲᠠᠨ ᠪᠠᠳᠠᠷᠠᠭᠤᠯᠤᠨ᠎ᠠ᠃         ᠬᠤᠶᠠᠷ᠂ ᠬᠢᠶ᠎ᠠ ᠪᠠᠭᠰᠢ ᠲᠣᠭᠤᠷᠢᠭ ᠤᠨ ᠴᠡᠷᠢᠭ ᠠᠴᠠ ᠬᠠᠯᠠᠭᠳᠠᠵᠦ ᠠᠵᠢᠯ ᠰᠢᠯᠵᠢᠭᠰᠡᠳ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠵᠦ ᠠᠵᠢᠯ ᠠᠴᠠ ᠪᠠᠨ ᠪᠠᠭᠤᠭᠰᠠᠨ ᠠᠬᠠᠮᠠᠳ ᠺᠠᠳ᠋ᠷ᠂ ᠴᠡᠷᠢᠭ ᠤᠨ ᠠᠯᠪᠠ ᠠᠴᠠ ᠪᠠᠭᠤᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠲᠣᠰᠢᠶᠠᠯ ᠠᠴᠠ ᠪᠠᠨ ᠰᠠᠯᠠᠭᠰᠠᠨ ᠺᠠᠳ᠋ᠷ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠡᠵᠡᠨ ᠮᠡᠳᠡᠵᠦ ᠠᠵᠢᠯ ᠰᠣᠩᠭᠤᠨ ᠠᠵᠢᠯ ᠣᠯᠤᠭᠰᠠᠨ ᠴᠡᠷᠢᠭ ᠠᠴᠠ ᠪᠠᠭᠤᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ᠭᠤᠷᠪᠠ᠂ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠣᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ  ᠪᠠ ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠪᠥᠳᠥᠭᠡᠬᠦ ᠶᠢ ᠵᠣᠬᠢᠴᠠᠭᠤᠯᠤᠨ ᠲᠡᠳᠬᠦᠨ᠎ᠡ᠃         ᠳᠥᠷᠪᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠨᠴᠠᠭᠠᠢ ᠪᠠᠳᠣᠯᠭᠠᠲᠣ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ᠲᠠᠪᠤ᠂ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠵᠦ ᠠᠵᠢᠯ ᠠᠴᠠ ᠪᠠᠨ ᠪᠠᠭᠤᠭᠰᠠᠨ ᠠᠬᠠᠮᠠᠳ ᠺᠠᠳ᠋ᠷ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠪᠠᠭᠤᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠲᠣᠰᠢᠶᠠᠯ ᠠᠴᠠ ᠪᠠᠨ ᠰᠠᠯᠠᠭᠰᠠᠨ ᠺᠠᠳ᠋ᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃        ᠦᠢᠯᠡᠴᠢᠯᠡᠭᠡᠨ ᠤ ᠲᠥᠪ᠄         ᠨᠢᠭᠡ᠂ ᠬᠢᠶ᠎ᠠ ᠪᠠᠭᠰᠢ ᠲᠣᠭᠤᠷᠢᠭ ᠤᠨ ᠡᠯ᠎ᠡ ᠪᠠᠶᠢᠭᠤᠯᠭ᠎ᠠ ᠶᠢᠨ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠵᠠᠰᠠᠭ ᠵᠠᠬᠢᠷᠭᠠᠨ ᠤ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠳᠠᠮᠵᠢᠭᠤᠯᠣᠨ ᠵᠠᠯᠭᠠᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠵᠡᠭᠡᠯᠢ ᠭᠤᠳᠤᠮᠵᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠢ ᠵᠢᠯᠣᠭᠤᠳᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠮᠵᠢᠨ ᠰᠠᠶᠢᠳᠣᠷ ᠬᠢᠨ᠎ᠠ᠃         ᠬᠤᠶᠠᠷ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠰᠤᠷᠪᠤᠯᠵᠢᠯᠠᠭ᠎ᠠ ᠶᠢ ᠭᠥᠯᠢᠶᠡᠨ ᠠᠪᠴᠦ᠂ ᠵᠠᠬᠢᠳᠠᠯ᠂ ᠰᠦᠯᠵᠢᠶᠡᠨ ᠳᠡᠭᠡᠷᠡᠭᠢ ᠵᠠᠬᠢᠳᠠᠯ ᠰᠤᠷᠪᠤᠯᠵᠢᠯᠠᠭ᠎ᠠ ᠪᠠ ᠳ᠋ᠢᠶᠠᠩᠬᠤᠸᠠ ᠶᠢᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠨ᠂ ᠳᠡᠭᠡᠳᠦ ᠱᠠᠲᠤᠨ ᠤ ᠤᠳᠤᠷᠢᠳᠤᠯᠭ᠎ᠠ᠂ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠵᠢᠴᠢ ᠲᠥᠷᠥ ᠶᠢᠨ ᠪᠣᠳᠣᠯᠭ᠎ᠠ ᠶᠢᠨ ᠬᠠᠷᠢᠭᠤᠯᠲᠠ᠂ ᠡᠷᠬᠡ ᠠᠰᠢᠭ ᠤᠨ ᠯᠠᠪᠯᠠᠭ᠎ᠠ᠂ ᠰᠡᠳᠬᠢᠴᠡ ᠶᠢᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠬᠥᠲᠥᠯᠦᠨ ᠵᠢᠯᠣᠭᠤᠳᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ᠃          ᠭᠤᠷᠪᠠ᠂ ᠠᠵᠢᠯ ᠣᠯᠵᠤ ᠠᠳᠠᠯ ᠦᠢᠯᠡᠰ ᠪᠥᠳᠥᠭᠡᠬᠦ ᠦᠢᠯᠡᠴᠢᠯᠡᠭᠡ ᠪᠠ ᠳᠦᠷᠦ ᠶᠢᠨ ᠪᠤᠳᠤᠯᠭ᠎ᠠ ᠶᠢᠨ ᠯᠠᠪᠯᠠᠯᠭ᠎ᠠ ᠬᠠᠩᠭᠠᠬᠤ ᠶᠢ ᠬᠠᠷᠢᠭᠤᠴᠠᠨ᠂ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠥᠮᠦᠵᠢᠯ᠂ ᠴᠢᠳᠠᠪᠤᠷᠢ ᠶᠢᠨ ᠪᠣᠯᠪᠠᠰᠦᠷᠠᠯ ᠵᠡᠷᠭᠡ ᠠᠵᠢᠯ ᠢ ᠬᠠᠪᠰᠤᠷᠤᠨ ᠥᠷᠨᠢᠭᠦᠯᠵᠦ᠂ ᠮᠠᠨ ᠤ ᠬᠤᠳᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠪᠥᠳᠥᠭᠡᠬᠦ ᠪᠠᠶᠢᠳᠠᠯ ᠳᠤ ᠵᠠᠳᠠᠯᠤᠯᠲᠠ ᠬᠢᠵᠦ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠴᠣᠭᠯᠠᠭᠤᠯᠣᠨ ᠴᠠᠭ ᠲᠤᠬᠠᠶ ᠳᠤᠨᠢ ᠰᠦᠯᠵᠢᠶᠡᠨ ᠥᠷᠲᠡᠭᠡ᠂ ᠸᠢᠴᠠᠲ ᠶᠢᠨ ᠣᠯᠠᠨ ᠨᠡᠶᠢᠲᠡ ᠶᠢᠨ ᠳᠠᠪᠴᠠᠩ ᠳᠤ  ᠨᠡᠶᠢᠳᠡᠯᠡᠨ ᠂ ᠡᠵᠡᠨ ᠮᠡᠳᠡᠵᠦ ᠠᠵᠢᠯ ᠰᠣᠩᠭᠤᠨ ᠠᠵᠢᠯ ᠣᠯᠤᠭᠰᠠᠨ ᠴᠡᠷᠢᠭ ᠠᠴᠠ ᠪᠠᠭᠤᠭᠰᠠᠳ ᠪᠠ ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ  ᠤ ᠤᠷᠢᠬᠤ ᠬᠤᠷᠠᠯ᠂ ᠲᠠᠨᠢᠯᠴᠠᠭᠤᠯᠬᠤ ᠬᠤᠷᠠᠯ᠂ ᠠᠵᠢᠯ ᠣᠯᠭᠤᠯᠲᠠ ᠶᠢᠨ ᠦᠭᠦᠯᠡᠯ ᠤᠨ ᠲᠠᠪᠴᠠᠩ ᠵᠡᠷᠭᠡ ᠶᠢ ᠳᠠᠭᠠᠭᠠᠨ ᠬᠢᠨ᠎ᠠ᠃         ᠬᠠᠷᠢᠯᠴᠠᠬᠤ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠣᠭᠠᠷ ᠳᠠᠪᠬᠤᠷ         ᠬᠠᠷᠢᠯᠴᠠᠬᠤ ᠤᠲᠠᠰᠤ᠄ 0477-8125182         ᠠᠵᠢᠯᠯᠠᠬᠤ ᠴᠠᠭ᠄ ᠠᠵᠢᠯ ᠤᠨ ᠡᠳᠦᠷ 9᠄ 00 — 12᠄ 00   14᠄ 00 — 17᠄ 30   
ᠢᠷᠡᠯᠲᠡ᠄ ᠲᠣᠰ ᠰᠥᠯᠵᠢᠶ᠎ᠡ