ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠠᠯᠪᠠᠨ ᠭᠡᠷ
ᠨᠡᠶᠢᠲᠡᠯᠡᠭᠰᠡᠨ ᠴᠠᠭ᠄
2021/6/9
           ᠨᠢᠭᠡ᠂ ᠤᠳᠤᠷᠢᠳᠬᠤ ᠪᠠᠭ            ᠵᠣᠣ     ᠷᠦᠢ       ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ    ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠭᠡᠷ ᠤᠨ ᠡᠷᠬᠢᠯᠡᠭᠴᠢ            ᠮᠧᠩ    ᠵᠢᠶᠦ᠋ᠨ     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠮᠥᠩᠭᠦᠨ  ᠭᠦᠢᠯᠭᠡᠭᠡᠨ ᠤ ᠠᠵᠢᠯ ᠤᠨ ᠠᠯᠪᠠᠨ ᠭᠡᠷ ᠤᠨ  ᠡᠷᠬᠢᠯᠡᠭᠴᠢ           ᠵᠤᠤ     ᠷᠦᠩ      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ            ᠱᠢ       ᠹᠧᠩ     ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠦᠪ ᠤᠨ ᠳᠡᠳ᠋ ᠡᠷᠬᠢᠯᠡᠭᠴᠢ           ᠡᠦ ᠱᠧᠩ ᠷᠦᠩ     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ            ᠵᠠᠩ ᠶᠤᠸᠠᠢ ᠴᠧᠩ    ᠲᠣᠭᠤᠷᠢᠭ ᠤᠨ ᠠᠵᠤ  ᠦᠢᠯᠡᠰ ᠤᠨ  ᠭᠦᠭᠵᠢᠯᠲᠡ ᠶᠢ ᠰᠤᠳᠤᠯᠬᠤ ᠲᠥᠪ ᠤᠨ ᠳᠡᠳ᠋ ᠡᠷᠬᠢᠯᠡᠭᠴᠢ            ᠳ᠋ᠤᠸᠠᠨ    ᠯᠸᠢ      ᠲᠣᠭᠤᠷᠢᠭ ᠤᠨ ᠠᠵᠤ  ᠦᠢᠯᠡᠰ ᠤᠨ ᠬᠥᠭᠵᠢᠯᠲᠡ ᠶᠢ ᠰᠤᠳᠤᠯᠬᠤ ᠲᠥᠪ ᠤᠨ ᠳᠡᠳ᠋ ᠡᠷᠬᠢᠯᠡᠭᠴᠢ            ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ            ︵ᠨᠢᠭᠡ︶ ᠶᠡᠷᠦᠩᠬᠡᠶᠢᠯᠡᠭᠰᠡᠨ ᠠᠯᠪᠠᠨ ᠭᠡᠷ            1. ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ ᠵᠣᠬᠢᠴᠠᠭᠤᠯᠤᠨ ᠬᠠᠷᠢᠯᠴᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠢᠴᠢ ᠬᠤᠯᠪᠣᠭᠳᠠᠯ ᠪᠥᠬᠦᠶ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠤᠷᠠᠯ ᠤᠨ ᠲᠡᠮᠳᠡᠭᠯᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠥᠯᠥᠪᠯᠡᠭᠡ ᠪᠠ ᠳ᠋ᠦᠩᠨᠡᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠶᠡᠷᠦᠩᠬᠡᠶᠢᠯᠡᠭᠰᠡᠨ ᠴᠢᠨᠠᠷᠲᠠᠶ ᠮᠠᠲ᠋ᠧᠷᠢᠶᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ  ᠡᠯ᠎ᠡ ᠵᠦᠢᠯ ᠤᠨ ᠪᠢᠴᠢᠭ ᠮᠠᠲ᠋ᠧᠷᠢᠶᠠᠯ ᠤᠨ ᠨᠤᠤᠷᠠᠭᠯᠠᠬᠤ ᠶᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂   ᠲᠤᠭᠤᠷᠢᠭ ᠤᠨ ᠠᠷᠠᠳ ᠤᠨ  ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠵᠤᠬᠢᠶᠠᠨ ᠪᠠᠶᠢᠭᠤᠯᠤᠨ ᠪᠡᠯᠡᠳᠬᠡᠨ᠎ᠡ ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠤᠨ  ᠮᠡᠳᠡᠭᠦᠯᠦᠨ᠎ᠡ ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ  ᠭᠦᠢᠴᠡᠳᠬᠡᠨ᠎ᠡ ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠮᠠᠭ᠎ᠠ ᠵᠢᠴᠢ ᠲᠠᠨᠢᠯᠴᠠᠭᠤᠯᠬᠤ ᠪᠢᠴᠢᠭ᠂ ᠲᠣᠭᠤᠷᠢᠭ ᠤᠨ ᠳᠠᠷᠤᠭ᠎ᠠ ᠶᠢᠨ ᠭᠠᠷ ᠤᠨ ᠥᠰᠥᠭ ᠵᠢᠷᠤᠭᠰᠠᠨ ᠲᠠᠮᠠᠭ᠎ᠠ ᠶᠢᠨ ᠬᠠᠮᠢᠶᠠᠷᠤᠯᠲᠠ ᠶᠢᠨ ᠠᠵᠢᠯ ᠢ  ᠬᠠᠷᠢᠭᠤᠴᠠᠨ᠎ᠠ᠃           2.  ᠲᠤᠭᠤᠷᠢᠭ ᠤᠨ ᠠᠷᠠᠳ  ᠤᠨ  ᠵᠠᠰᠠᠭ  ᠤᠨ ᠣᠷᠳᠣᠨ  ᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠮᠢᠶᠠᠷᠬᠤ ᠰᠠᠯᠠᠭ᠎ᠠ ᠮᠥᠴᠢᠷ ᠬᠢᠭᠡᠳ ᠤᠯᠤᠰ ᠤᠨ ᠥᠮᠴᠢᠯᠡᠯᠳᠤ ᠠᠵᠤ ᠠᠬᠤᠶᠢᠯᠠᠯ ᠢ ᠵᠣᠬᠢᠴᠠᠭᠤᠯᠬᠤ ᠪᠠ ᠬᠠᠷᠢᠯᠴᠠᠵᠤ᠂ ᠲᠤᠭᠤᠷᠢᠭ ᠤᠨ ᠠᠷᠠᠳ  ᠤᠨ ᠵᠠᠰᠠᠭ  ᠤᠨ ᠣᠷᠳᠣᠨ   ᠤ ᠡᠯ᠎ᠡ  ᠤᠳᠤᠷᠢᠳᠤᠯᠭ᠎ᠠ  ᠶᠢᠨ ᠠᠵᠢᠯ  ᠤᠨ ᠬᠡᠪᠴᠢᠶᠡᠨ ᠳᠣᠲᠣᠷᠠᠬᠢ ᠡᠭᠡ ᠨᠤᠤᠷᠠᠭ᠂ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠬᠤᠷᠠᠯ  ᠤᠨ ᠶᠠᠪᠤᠳᠠᠯ᠂ ᠰᠢᠪᠠᠳᠠᠨ ᠬᠢᠯᠭᠡᠭᠦ ᠵᠡᠷᠭᠡ ᠠᠵᠢᠯ  ᠢ ᠬᠠᠷᠢᠭᠤᠴᠠᠨ᠎ᠠ᠃           3. ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠶᠠᠨ ᠭᠠᠵᠠᠷ ᠤᠨ  ᠳᠡᠰ ᠤᠨ  ᠤᠳᠤᠷᠢᠳᠤᠯᠭ᠎ᠠ ᠺᠠᠳ᠋ᠷ ᠤᠨ ᠭᠠᠳᠠᠭᠰᠢ ᠭᠠᠷᠴᠤ ᠴᠢᠯᠥᠭᠡ ᠭᠤᠶᠤᠬᠤ ᠶᠢ ᠳᠡᠭᠡᠭᠰᠢ ᠮᠡᠳᠡᠭᠦᠯᠦᠨ ᠳᠠᠩᠰᠠᠯᠠᠭᠤᠯᠬᠤ ᠠᠵᠢᠯ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠠᠯᠠᠭ᠎ᠠ ᠶᠢᠨ  ᠳᠡᠰ ᠤᠨ ᠤᠳᠤᠷᠢᠳᠤᠯᠭ᠎ᠠ ᠺᠠᠳ᠋ᠷ ᠤᠨ ᠭᠠᠳᠠᠭᠰᠢ ᠭᠠᠷᠴᠤ ᠴᠢᠯᠥᠭᠡ ᠭᠤᠶᠤᠬᠤ ᠶᠢ ᠳᠡᠭᠡᠭᠰᠢ ᠮᠡᠳᠡᠭᠦᠯᠦᠨ ᠳᠠᠩᠰᠠᠯᠠᠭᠤᠯᠬᠤ ᠶᠢ ᠭᠥᠯᠢᠶᠡᠨ ᠠᠪᠴᠤ ᠰᠢᠢᠳᠪᠦᠷᠢᠯᠡᠬᠦ᠂  ᠭᠦᠢᠴᠡᠳᠬᠡᠬᠦ ᠠᠵᠢᠯ ᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠭᠡᠨᠡᠳᠲᠡ ᠶᠢᠨ ᠬᠡᠷᠡᠭ  ᠤᠨ ᠮᠡᠳᠡᠭᠡ ᠵᠠᠩᠭᠢ ᠪᠣᠯᠤᠨ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂   ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠤᠳᠤᠷᠢᠳᠤᠯᠭ᠎ᠠ ᠨᠦᠬᠦᠷ  ᠤᠨ ᠵᠢᠭᠠᠪᠤᠷᠢ ᠶᠢ ᠤᠯᠠᠮᠵᠢᠯᠠᠬᠤ ᠶᠢᠨ ᠬᠠᠮᠲᠤ  ᠰᠢᠪᠠᠳᠠᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷᠯᠡᠬᠦ ᠠᠵᠢᠯ ᠢ ᠵᠢᠯᠣᠭᠤᠳᠤᠨ᠎ᠠ᠃ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ    ᠰᠢᠢᠳᠪᠦᠷᠢᠯᠡᠬᠦ᠂ ᠰᠢᠯᠵᠢᠭᠦᠯᠦᠨ    ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃            4.ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ  ᠤᠨ ᠣᠷᠳᠣᠨ  ᠤ ᠠᠯᠪᠠᠨ ᠭᠡᠷ ᠤᠨ ᠴᠠᠬᠢᠯᠭᠠᠨ ᠮᠡᠳᠡᠭᠡ ᠬᠤᠷᠢᠶᠠᠵᠤ ᠲᠠᠷᠬᠠᠭᠠᠬᠤ ᠠᠵᠢᠯᠯᠠᠭ᠎ᠠ᠂ ᠠᠯᠪᠠᠨ ᠪᠢᠴᠢᠭ ᠢ ᠬᠢᠨᠠᠨ ᠬᠠᠷᠭᠤᠭᠤᠯᠬᠤ᠂ ᠳᠠᠷᠤᠮᠠᠯᠯᠠᠨ  ᠲᠠᠷᠬᠠᠭᠠᠬᠤ᠂ ᠡᠭᠡ ᠨᠤᠤᠷᠠᠬ ᠢ ᠲᠡᠩᠰᠠ ᠡᠪᠬᠡᠮᠡᠯ ᠳᠤ ᠣᠷᠣᠭᠤᠯᠬᠤ᠂ ᠨᠢᠭᠤᠴᠠ ᠶᠢ ᠬᠠᠮᠠᠭᠠᠯᠠᠬᠤ ᠪᠦᠳᠦᠭᠡᠠ ᠪᠠᠶᠢᠭᠤᠯᠤᠯᠲᠠ᠂ ᠨᠢᠭᠤᠴᠠ ᠴᠢᠮᠡᠭᠡ ᠨᠡᠪᠲᠡᠷᠡᠭᠦᠯᠭᠡ  ᠵᠡᠷᠭᠡ ᠠᠵᠢᠯ  ᠢ ᠬᠠᠷᠢᠭᠤᠴᠠᠨ᠎ᠠ᠃ ᠪᠦᠬᠦ ᠲᠤᠭᠤᠷᠢᠭ ᠤᠨ ᠵᠠᠰᠠᠭ ᠤᠨ ᠣᠷᠳᠣᠨ ᠤ  ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠨᠠᠶᠢᠷᠠᠭᠤᠯᠬᠤ᠂ ᠬᠡᠪᠯᠡᠭᠦᠯᠬᠦ᠂ ᠲᠠᠷᠬᠠᠭᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠵᠠᠬᠢᠳᠠᠯ ᠴᠢᠮᠡᠭᠡ᠂ ᠮᠠᠲ᠋ᠧᠷᠢᠶᠠᠯ ‍ᠤᠨ‌ᠭᠠᠷ ᠤᠨ ᠥᠰᠥᠭ ᠵᠢᠷᠤᠵᠤ ᠬᠤᠷᠢᠶᠠᠬᠤ᠂ ᠳᠠᠩᠰᠠᠯᠠᠬᠤ᠂  ᠲᠠᠷᠬᠠᠭᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠤᠳᠤᠷᠢᠳᠤᠯᠭ᠎ᠠ ᠨᠦᠬᠦᠷ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠤᠯᠭ᠎ᠠ ᠶᠢᠨ ᠬᠤᠷᠠᠯ ᠤᠨ  ᠮᠡᠳᠡᠭᠳᠡᠯ ᠂ ᠬᠠᠷᠢᠭᠤ ᠲᠤᠰᠬᠠᠬᠤ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ  ᠤᠷᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠴᠢᠨᠠᠷᠲᠠᠶ ᠲᠧᠯᠸᠢᠰ ᠳ᠋ᠢᠶᠠᠩᠬᠤᠸᠠ ᠬᠤᠷᠠᠯ ᠤᠨ ᠬᠢᠶ᠎ᠠ ᠪᠠᠭᠰᠢ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠵᠦ ᠬᠠᠮᠢᠶᠠᠷᠬᠤ᠂ ᠲᠡᠮᠳᠡᠭᠯᠡᠵᠦ ᠲᠠᠩᠰᠠ ᠡᠪᠬᠡᠮᠡᠯ ᠳᠤ ᠣᠷᠣᠭᠤᠯᠬᠤ ᠠᠵᠢᠯ ᠢ  ᠬᠠᠷᠢᠭᠤᠴᠠᠨ᠎ᠠ᠃           5.ᠲᠤᠭᠤᠷᠢᠭ ᠤᠨ ᠠᠷᠠᠳ  ᠤᠨ ᠵᠠᠰᠠᠭ ᠤᠨ ᠣᠷᠳᠣᠨ  ᠤ ᠠᠯᠪᠠᠨ ᠭᠡᠷ  ᠤᠨ ᠡᠳᠦᠷ ᠲᠤᠳᠤᠮ ᠤᠨ  ᠭᠦᠢᠴᠡᠳᠬᠡᠬᠦ ᠠᠵᠢᠯ  ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠠᠯᠪᠠᠨ ᠬᠡᠷ ᠤᠨ ᠭᠤᠤᠯ  ᠤᠳᠤᠷᠢᠳᠤᠯᠭ᠎ᠠ ᠨᠦᠬᠦᠷ ᠤᠨ ᠡᠯ᠎ᠡ ᠲᠥᠷᠥᠯ ᠤᠨ ᠡᠬᠡ ᠪᠢᠴᠢᠭ  ᠨᠤᠤᠷᠠᠭᠯᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠦᠢᠯ ᠤᠨ ᠪᠠᠶᠢᠴᠠᠭᠠᠨ ᠦᠵᠡᠬᠦ ᠠᠵᠢᠯ ᠢ ᠵᠣᠬᠢᠴᠠᠭᠤᠯᠤᠨ ᠬᠠᠷᠢᠯᠴᠠᠵᠤ᠂ ᠪᠥᠬᠦ   ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠵᠦ ᠪᠠᠶᠢᠭ᠎ᠠ  ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠰᠦᠪ ᠪᠠ ᠲᠥᠰᠦᠪ ᠤᠨ ᠭᠦᠢᠴᠡᠳᠬᠡᠯ  ᠢ ᠨᠠᠶᠢᠷᠠᠭᠤᠯᠤᠨ ᠮᠡᠳᠡᠭᠦᠯᠬᠦ ᠪᠠ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ  ᠬᠠᠮᠢᠶᠠᠷᠤᠯᠲᠠ  ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠠᠯᠪᠠᠨ ᠬᠡᠷ ᠤᠨ ᠬᠡᠷᠡᠭᠰᠡᠯ ᠬᠤᠳᠠᠯᠳᠤᠨ ᠠᠪᠬᠤ ᠵᠢᠴᠢ ᠬᠠᠮᠢᠶᠠᠷᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠦ᠋ᠲ᠋ᠣᠴᠢᠯᠠᠭᠰᠠᠨ ᠲᠥᠬᠦᠭᠡᠷᠦᠮᠵᠢ ᠶᠢ ᠬᠠᠮᠠᠭᠠᠯᠠᠬᠤ᠂ ᠬᠤᠳᠠᠯᠳᠤᠨ ᠠᠪᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃   ᠲᠤᠭᠤᠷᠢᠭ ‍ᠤᠨ‌ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠬᠥᠮᠦᠵᠢᠯ ᠪᠣᠯᠪᠠᠰᠤᠷᠠᠭᠤᠯᠤᠯ᠂ ᠴᠢᠯᠥᠭᠡ  ᠭᠤᠶᠤᠵᠤ  ᠳᠠᠶᠢᠯᠠᠬᠤ ᠶᠢ ᠬᠠᠮᠢᠶᠠᠷᠬᠤ᠂ ᠠᠵᠢᠯ ᠳᠤ ᠭᠠᠷᠬᠤ ᠶᠢ ᠰᠢᠯᠭᠠᠨ ᠬᠢᠨᠠᠬᠤ᠂ ᠬᠤᠪᠢ ᠶᠢᠨ ᠤᠴᠢᠷ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠢᠯᠵᠢᠭᠦᠯᠦᠨ ᠪᠣᠯᠪᠠᠰᠤᠷᠠᠭᠤᠯᠬᠤ᠂ ᠡᠭᠡᠯᠵᠢᠯᠡᠨ ᠪᠣᠯᠪᠠᠰᠤᠷᠠᠭᠤᠯᠬᠤ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ  ᠤᠨ  ᠳᠠᠰᠤᠭ           1. ᠵᠢᠷᠤᠮᠵᠢᠭᠤᠯᠤᠭᠰᠠᠨ  ᠪᠢᠴᠢᠭ  ᠮᠠᠲ᠋ᠧᠷᠢᠶᠠᠯ  ᠤᠨ ᠬᠠᠤᠯᠢ ᠶᠣᠰᠣᠨ  ᠤ ᠴᠢᠨᠠᠷᠲᠠᠶ ᠬᠢᠨᠠᠨ ᠪᠠᠶᠢᠴᠠᠭᠠᠬᠤ ᠲᠥᠷᠢᠮ ᠢ ᠲᠣᠭᠲᠠᠭᠠᠵᠤ᠂ ᠪᠥᠬᠦ ᠲᠤᠭᠤᠷᠢᠭ ᠤᠨ ᠵᠢᠷᠤᠮᠵᠢᠭᠤᠯᠤᠭᠰᠠᠨ ᠪᠢᠴᠢᠭ  ᠮᠠᠲ᠋ᠧᠷᠢᠶᠠᠯ  ᠤᠨ ᠬᠠᠤᠯᠢ ᠶᠣᠰᠣᠨ  ᠤ  ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃  ᠲᠤᠭᠤᠷᠢᠭ  ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ  ᠲᠤᠭᠲᠠᠭᠠᠵᠤ ᠲᠠᠷᠬᠠᠭᠠᠬᠤ ᠵᠢᠷᠤᠮᠵᠢᠭᠤᠯᠤᠭᠰᠠᠨ  ᠪᠢᠴᠢᠭ ᠮᠠᠲ᠋ᠧᠷᠢᠶᠠᠯ ᠳᠤ ᠬᠠᠤᠯᠢ  ᠶᠤᠰᠤᠨ ᠤ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠤ ᠪᠣᠳᠣᠯᠭ᠎ᠠ ᠳᠤ ᠬᠠᠤᠯᠢ  ᠶᠤᠰᠤᠨ  ᠤ ᠴᠢᠨᠠᠷ ᠤᠨ ᠬᠢᠨᠠᠨ ᠪᠠᠶᠢᠴᠠᠭᠠᠯᠲᠠ ᠬᠢᠬᠦ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠠᠭᠰᠠᠨ ᠭᠡᠷ᠎ᠡ᠂  ᠬᠡᠯᠡᠯᠴᠡᠭᠡᠷ  ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ ᠬᠠᠷᠭᠤᠭᠤᠯᠬᠤ ᠠᠵᠢᠯ ᠢ  ᠭᠦᠢᠴᠡᠳᠬᠡᠨ᠎ᠡ᠃            2. ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᢭ ᠤᠨ ᠵᠠᠰᠠᠭ ᠤᠨ ᠣᠷᠳᠣᠨ ᠬᠢᠭᠡᠳ ᠬᠤᠳᠠ ᠶᠢᠨ ᠠᠷᠠᠳ  ᠤᠨ ᠵᠠᠰᠠᠭ  ᠤᠨ ᠣᠷᠳᠣᠨ  ᠤ ᠲᠣᠭᠲᠠᠭᠠᠭᠰᠠᠨ ᠴᠢᠭᠯᠡᠯᠲᠡ ᠲᠥᠷᠥ ᠶᠢᠨ ᠪᠤᠳᠤᠯᠭ᠎ᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠢᠮ ᠲᠣᠭᠲᠠᠭᠠᠯ ᢭ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ᠃  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ  ᠰᠢᠢᠳᠪᠦᠷᠢᠲᠤ ᠪᠣᠳᠣᠯᠭ᠎ᠠ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠣᠭᠲᠠᠭᠠᠭᠰᠠᠨ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ᠂ ᠡᠯ᠎ᠡ ᠵᠦᠢᠯ ᠤᠨ ᠲᠥᠯᠥᠪᠯᠡᠭᠡ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ  ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ ᠲᠤᠰᠬᠠᠶ ᠵᠦᠢᠯ  ᠤᠨ ᠰᠢᠪᠠᠳᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂   ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠨ ᠥᠷᠨᠢᠭᠦᠯᠦᠭᠰᠡᠨ  ᠰᠢᠪᠠᠳᠠᠨ ᠪᠠᠶᠢᠴᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ  ᠰᠢᠪᠠᠳᠠᠨ ᠪᠠᠶᠢᠴᠠᠭᠠᠬᠤ ᠠᠵᠢᠯ ᠤᠨ ᠲᠦᠷᠢᠮ ᠪᠠ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃            3. ᠪᠥᠬᠦ ᠲᠤᠭᠤᠷᠢᠭ ᠤᠨ ᠡᠯ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ  ᠮᠡᠳᠡᠭᠦᠯᠬᠦ ᠰᠠᠯᠠᠭ᠎ᠠ ᠮᠥᠴᠢᠷ ᠲᠠᠢ ᠬᠠᠷᠢᠯᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠪᠥᠬᠦ ᠲᠤᠭᠤᠷᠢᠭ ‍ᠤᠨ‌ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ᠂ ᠲᠥᠯᠥᠪᠯᠡᠭᠡ ᠲᠣᠭᠲᠠᠭᠠᠬᠤ ᠪᠠ ᠲᠣᠤᠷ ᠰᠦᠯᠵᠢᠶ᠎ᠡ ᠶᠢᠨ ᠲᠠᠪᠴᠠᠩ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠤᠨ ᠲᠡᠮᠳᠡᠭᠯᠡᠯ ᠨᠠᠶᠢᠷᠠᠭᠤᠯᠤᠨ ᠪᠢᠴᠢᠬᠦ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠲᠤᠭᠤᠷᠢᠭ ᠤᠨ ᠵᠠᠰᠠᠭ ᠤᠨ ᠣᠷᠳᠣᠨ ᠤ  ᠰᠢᠰᠲ᠋ᠧᠮ᠟  ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠯᠪᠠᠨ ᠬᠡᠷ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠬᠡᠷᠡᠭᠯᠡᠬᠦ ᠂ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠤ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃            4. ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠮᠣᠩᠭᠤᠯ   ᠬᠡᠯᠡᠨ ᠤ ᠤᠷᠴᠢᠭᠤᠯᠭ᠎ᠠ  ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠮᠣᠩᠭᠤᠯ ᠬᠡᠯᠡᠨ ᠤ ᠤᠷᠴᠢᠭᠤᠯᠭ᠎ᠠ  ᠪᠠ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃   ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ ᠶᠢᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠪᠥᠬᠦ   ᠲᠤᠭᠤᠷᠢᠭ ‍ᠤᠨ‌ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ  ᠵᠢᠨ‌ᠠᠵᠢᠯ ᠢ ᠵᠢᠯᠤᠭᠤᠳᠤᠨ᠎ᠠ᠃           5. ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠪᠥᠬᠦ ᠲᠤᠭᠤᠷᠢᠭ ᠤᠨ ᠠᠵᠤ ᠠᠬᠤᠶ ᠶᠢᠨ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠦᠬᠦ ᠲᠤᠭᠤᠷᠢᠭ ᠤᠨ ᠠᠵᠤ ᠠᠬᠤᠶ ᠶᠢᠨ ᠠᠮᠢ ᠠᠬᠤᠶ ᠶᠢᠨ ᠪᠣᠯᠪᠠᠰᠤᠨ ᠤ ᠬᠦᠷᠢᠶᠡᠨ ᠤ ᠥᠭᠡᠷᠡᠴᠢᠯᠡᠯᠲᠡ ᠶᠢᠨ ᠠᠵᠢᠯ ᠤᠨ ᠲᠥᠰᠦᠯ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ  ᠲᠣᠭᠲᠠᠭᠠᠨ᠎ᠠ᠃ ᠪᠥᠬᠦ   ᠲᠤᠭᠤᠷᠢᠭ ‍ᠤᠨ‌ᠠᠵᠤ ᠠᠬᠤᠶ ᠶᠢᠨ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠨ ᠵᠢᠱᠢᠯᠲᠡ ᠪᠠ  ᠰᠢᠪᠠᠳᠠᠨ ᠪᠠᠶᠢᠴᠠᠭᠠᠯᠲᠠ ᠬᠢᠨ᠎ᠠ᠃ ᠪᠥᠬᠦ   ᠲᠤᠭᠤᠷᠢᠭ ᠤᠨ ᠠᠵᠤ ᠠᠬᠤᠶ ᠶᠢᠨ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠵᠦᠢᠯᠡᠰ ᠤᠨ ᠠᠬᠢᠴᠠ ᠶᠢᠨ ᠪᠠᠶᠢᠳᠠᠯ ᠢ ᠳᠣᠭᠢᠷᠠᠭᠤᠯᠬᠤ᠂ ᠬᠤᠷᠢᠶᠠᠩᠭᠤᠶᠢᠯᠠᠬᠤ ᠪᠠ  ᠮᠡᠳᠡᠭᠳᠡᠬᠦ ᠶᠢ ᠬᠠᠷᠢᠭᠤᠴᠠᠨ᠎ᠠ᠃ ᠲᠤᠭᠤᠷᠢᠭ ᠤᠨ ᠠᠵᠤ ᠠᠬᠤᠶ ᠶᠢᠨ  ᠳᠤᠭᠲᠠᠯᠴᠠᠭ᠎ᠠ ᠪᠣᠯᠤᠨ ᠠᠮᠢ ᠠᠬᠤᠶ  ᠶᠢᠨ ᠪᠣᠯᠪᠠᠰᠤᠨ  ᠤ  ᠳᠤᠭᠲᠠᠯᠴᠠᠭ᠎ᠠ    ᠶᠢᠨ ᠥᠭᠡᠷᠡᠴᠢᠯᠡᠯᠲᠡ  ᠶᠢᠨ ᠲᠤᠰᠬᠠᠶ ᠵᠦᠢᠯ  ᠤᠨ ᠳᠤᠭᠤᠶᠢᠯᠠᠩ ᠤᠨ ᠠᠯᠪᠠᠨ ᠭᠡᠷ  ᠤᠨ ᠡᠳᠦᠷ ᠲᠤᠳᠤᠮ ᠤᠨ ᠠᠵᠢᠯ  ᠢ ᠡᠭᠦᠷᠭᠡᠯᠡᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠨ ᠤ ᠪᠣᠳᠠᠲᠤ ᠠᠮᠵᠢᠯᠲᠠ ᠶᠢᠨ ᠰᠢᠯᠭᠠᠨ  ᠬᠢᠨᠠᠯᠲᠠ᠂ ︽ᠲᠠᠪᠤ ᠶᠢ ᠨᠢᠭᠡ ᠴᠤᠭᠴᠠᠵᠢᠭᠤᠯᠬᠤ︾  ᠶᠢᠨ ᠰᠢᠯᠭᠠᠨ ᠬᠢᠨᠠᠯᠲᠠ ᠪᠠ ᠪᠠᠶᠢᠭᠤᠯᠭ᠎ᠠ ᠶᠢᠨ ᠳᠣᠲᠣᠭᠠᠳᠤ ᠶᠢᠨ ᠰᠢᠯᠭᠠᠨ  ᠬᠢᠨᠠᠯᠲᠠ ᠶᠢ ᠬᠠᠷᠢᠭᠤᠴᠠᠨ᠎ᠠ ᠃           6. ᠪᠥᠬᠦ ᠲᠤᠭᠤᠷᠢᠭ ᠤᠨ ᠭᠠᠳᠠᠭᠠᠳᠤ ᠳᠤ  ᠬᠤᠯᠪᠤᠭᠳᠠᠭᠰᠠᠨ ᠴᠢᠬᠤᠯᠠ ᠶᠡᠭᠡ ᠬᠡᠷᠡᠭ ᠢ ᠬᠠᠪᠰᠤᠷᠤᠨ ᠰᠢᠢᠳᠪᠦᠷᠢᠯᠡᠨ᠎ᠡ᠃ ᠬᠢᠶ᠎ᠠ ᠪᠠᠭᠰᠢ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠤᠯᠤᠰ ᠤᠨ ᠵᠠᠰᠠᠭ ᠤᠨ ᠪᠤᠰᠤ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠬᠠᠷᠢᠭᠤᠴᠠᠨ᠎ᠠ᠃ ᠬᠢᠶ᠎ᠠ ᠪᠠᠭᠰᠢ ᠲᠣᠭᠤᠷᠢᠭ ᠲᠤ  ᠬᠤᠷᠠᠯᠳᠤᠭᠤᠯᠬᠤ ᠣᠯᠠᠨ ᠤᠯᠤᠰ ᠤᠨ ᠬᠤᠷᠠᠯᠳᠤᠭᠠᠨ ᠤ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠢᠶ᠎ᠠ ᠪᠠᠭᠰᠢ ᠲᠣᠭᠤᠷᠢᠭ ᠤᠨ ᠳᠤᠮᠳᠠᠳᠤ ᠤᠯᠤᠰ ᠲᠤ ᠤᠷᠢᠵᠤ   ᠠᠪᠴᠢᠷᠠᠬᠤ ᠤᠴᠢᠷ ᠶᠠᠪᠤᠳᠠᠯ ᠢ ᠮᠡᠳᠡᠭᠦᠯᠬᠦ᠂ ᠬᠢᠨᠠᠨ ᠬᠠᠷᠭᠤᠭᠤᠯᠬᠤ ᠠᠵᠢᠯ ᠢ ᠳᠠᠭᠠᠭᠠᠨ ᠭᠦᠢᠴᠡᠳᠬᠡᠬᠦ  ᠶᠢ ᠬᠠᠷᠢᠭᠤᠴᠠᠨ᠎ᠠ᠃  ᠰᠦᠷᠲᠡᠭᠦᠯᠭᠡ ᠶᠢ ᠡᠰᠡᠷᠭᠦᠴᠡᠬᠦ᠂ ᠱᠠᠰᠢᠨ ᠰᠤᠷᠲᠠᠬᠤᠨ᠂ ᠬᠤᠤᠷ ᠢ ᠴᠠᠭᠠᠵᠠᠯᠠᠬᠤ᠂ ᠰᠦᠯᠵᠢᠶ᠎ᠡ ᠪᠠᠷ ᠭᠠᠳᠠᠭᠠᠳᠤ  ᠲᠠᠢ ᠬᠤᠯᠪᠣᠭᠳᠠᠬᠤ ᠦᠵᠡᠯ ᠤᠬᠠᠮᠰᠠᠷ ᠤᠨ ᠬᠡᠯᠪᠡᠷᠢ ᠵᠡᠷᠭᠡ ᠬᠤᠯᠪᠣᠭᠳᠠᠯ ᠪᠦᠬᠦᠢ ᠠᠵᠢᠯ  ᠳᠤ ᠤᠷᠤᠯᠴᠠᠵᠤ ᠳᠠᠭᠠᠭᠠᠨ ᠠᠪᠤᠨ᠎ᠠ᠃            7. ᠬᠢᠶ᠎ᠠ ᠪᠠᠭᠰᠢ ᠲᠣᠭᠤᠷᠢᠭ ᠤᠨ ᠮᠥᠩᠭᠦᠨ  ᠭᠦᠢᠯᠭᠡᠭᠡᠨ  ᠤ  ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠥᠬᠦ ᠲᠤᠭᠤᠷᠢᠭ ‍ᠤᠨ‌ᠮᠥ᠋ᠩᠭᠦᠨ  ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨ᠎ᠡ ᠶᠢ  ᠡᠭᠦᠳᠭᠦ  ᠬᠦᠭᠵᠢᠯᠲᠡ ᠶᠢ ᠠᠬᠢᠭᠤᠯᠤᠨ᠎ᠠ᠃ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠲᠦᠭᠰᠢᠭᠦᠷᠢ ᠵᠢᠴᠢ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯ ᠢ   ᠰᠡᠷᠭᠡᠶᠢᠯᠡᠵᠦ᠂ ᠠᠷᠢᠯᠭᠠᠬᠤ ᠪᠠ  ᠰᠢᠢᠳᠪᠦᠷᠢᠯᠡᠨ᠎ᠡ᠃ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ  ᠰᠢᠰᠲ᠋ᠧᠮ ᠢ ᠨᠢᠭᠡᠳᠦᠯᠲᠡᠶ ᠲᠥᠯᠥᠪᠯᠡᠨ ᠪᠠᠶᠢᠭᠤᠯᠤᠨ  ᠲᠡᠭᠦᠯᠳᠡᠷᠵᠢᠭᠦᠯᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠣᠯᠠᠨ ᠲᠠᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ  ᠦᠢᠯᠡᠴᠢᠯᠡᠬᠦ  ᠴᠢᠳᠠᠮᠵᠢ ᠶᠢ ᠲᠠᠰᠤᠷᠠᠯᠲᠠ  ᠦᠭᠡᠢ  ᠴᠢᠩᠭᠠᠳᠬᠠᠨ᠎ᠠ᠃ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠣᠷᠣᠨ ᠨᠤᠲᠤᠭ ᠤᠨ ︽7+4︾ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠪᠰᠢᠶᠡᠷᠡᠯ᠂ ᠬᠢᠨᠠᠯᠲᠠ ᠬᠠᠮᠢᠶᠠᠷᠤᠯᠲᠠ ᠵᠢᠴᠢ ᠦᠢᠯᠡᠴᠢᠯᠡᠭᠡᠨ ᠤ  ᠡᠷᠬᠡ ᠳᠤᠰᠢᠶᠠᠯ  ᠢ ᠡᠭᠦᠷᠭᠡᠯᠡᠵᠦ᠂ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢᠨ ᠵᠢᠷᠤᠮᠵᠢᠯ ᠲᠠᠢ ᠬᠥᠭᠵᠢᠬᠦ ᠶᠢ ᠵᠢᠯᠣᠭᠤᠳᠤᠨ᠎ᠠ᠃ ᠪᠥᠬᠦ  ᠲᠤᠭᠤᠷᠢᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ  ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃               ᠠᠵᠢᠯᠯᠠᠬᠤ ᠭᠠᠵᠠᠷ᠄ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠲᠣᠮᠣ ᠠᠰᠠᠷ ᠤᠨ 6 ᠳ᠋ᠤᠭᠠᠷ ᠠᠰᠠᠷ            ᠤᠲᠠᠰᠤ᠄ 0477 — 8594007            ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00᠂                           ᠦᠳᠡ ᠶᠢᠨ ᠬᠤᠶᠢᠨᠠᠬᠢ 14᠄ 00 — 17᠄ 30                          ︵ᠭᠠᠷᠠᠭ ᠤᠨ ᠵᠢᠷᠭᠤᠭᠠᠨ᠂ ᠭᠠᠷᠠᠭ ᠤᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ︶ 
ᠢᠷᠡᠯᠲᠡ᠄ ᠲᠤᠰ ᠰᠦᠯᠵᠢᠶ᠎ᠡ