ᠡᠳᠦᠷ ᠪᠦᠷᠢ ᠠᠯᠬᠤᠬᠤ ᠶᠢᠨ 12 ᠰᠡᠶᠢᠨ ᠲᠠᠢ ᠲᠠᠯ᠎ᠠ
ᠨᠡᠶᠢᠲᠡᠯᠡᠭᠰᠡᠨ ᠴᠠᠭ᠄
2021/7/14
     1᠂ ᠠᠯᠬᠤᠬᠤ ᠨᠢ ᠵᠢᠷᠦᠬᠡᠨ ᠤ ᠴᠢᠳᠠᠪᠬᠢ ᠶᠢ ᠰᠠᠶᠢᠵᠢᠷᠠᠭᠤᠯᠤᠨ᠎ᠠ᠃      2᠂ ᠠᠯᠬᠤᠬᠤ ᠨᠢ ᠴᠢᠰᠤᠨ ᠰᠤᠳᠠᠯ ᠤᠨ ᠬᠠᠷᠢᠮᠠᠬᠠᠢ ᠴᠢᠨᠠᠷ ᠢ ᠰᠠᠶᠢᠵᠢᠷᠠᠭᠤᠯᠤᠨ᠎ᠠ᠃     3᠂ ᠠᠯᠬᠤᠬᠤ ᠨᠢ ᠬᠦᠮᠦᠨ ᠤ ᠪᠡᠶ᠎ᠡ ᠶᠢᠨ ᠬᠡᠪᠡᠯᠢ ᠶᠢᠨ ᠬᠡᠰᠡᠭ ᠲᠠᠬᠢ ᠦᠬᠡᠬᠦᠨ ᠪᠦᠬᠡᠮᠨᠡᠷᠡᠯ ᠢ ᠪᠠᠭᠠᠰᠬᠠᠨ᠎ᠠ᠃      4᠂ ᠠᠯᠬᠤᠬᠤ ᠨᠢ ᠴᠢᠰᠤᠨ ᠤ ᠨᠦᠵᠢᠷᠡᠯ ᠢ ᠪᠠᠭᠠᠰᠬᠠᠨ᠎ᠠ᠃     5᠂ ᠠᠯᠬᠤᠬᠤ ᠨᠢ ᠭᠤᠷᠪᠠᠴᠢ ᠭᠯᠢᠼᠧᠷᠢᠳ᠋ ᠪᠠ ᠺᠤᠯᠧᠰᠲᠧᠷᠤᠯ ᠤᠨ ᠯᠤᠭᠰᠢᠭᠤᠨ ᠰᠤᠳᠠᠯ ᠤᠨ ᠬᠠᠨ᠎ᠠ ᠲᠡᠭᠡᠷᠡᠬᠢ ᠪᠦᠬᠡᠮᠨᠡᠷᠡᠯ ᠢ ᠪᠠᠭᠠᠰᠬᠠᠬᠤ ᠪᠠᠷ ᠪᠠᠷᠠᠬᠤ ᠦᠬᠡᠢ ᠪᠠᠰᠠ ᠴᠢᠰᠤᠨ ᠰᠢᠬᠢᠷ ᠤᠨ ᠭᠤᠷᠪᠠᠴᠢ ᠭᠯᠢᠼᠧᠷᠢᠳ᠋ ᠪᠤᠯᠵᠤ ᠬᠤᠪᠢᠷᠠᠬᠤ ᠪᠤᠯᠤᠮᠵᠢ ᠶᠢ ᠪᠠᠭᠠᠰᠬᠠᠨ᠎ᠠ᠃     6᠂ ᠠᠯᠬᠤᠬᠤ ᠨᠢ ᠬᠤᠷᠮᠤᠨ ᠤ ᠢᠯᠭᠠᠷᠠᠭᠤᠯᠤᠯᠳᠠ ᠶᠢ ᠨᠠᠮᠳᠠᠭᠤᠯᠵᠤ᠂ ᠪᠦᠬᠡᠷ᠎ᠡ ᠶᠢᠨ ᠲᠡᠭᠡᠳᠦ ᠪᠤᠯᠴᠢᠷᠬᠠᠢ ᠶᠢᠨ ᠡᠳ᠋ ᠬᠡᠳᠦ ᠠᠷᠪᠢᠨ ᠢᠯᠭᠠᠷᠠᠭᠤᠯᠬᠤ ᠠᠴᠠ ᠰᠡᠷᠬᠡᠶᠢᠯᠡᠵᠦ ᠲᠡᠶᠢᠯᠦᠨ᠎ᠡ᠃     7᠂ ᠠᠯᠬᠤᠬᠤ ᠨᠢ ᠪᠤᠯᠴᠢᠩ ᠤᠨ ᠴᠢᠩᠭᠠᠷᠠᠯ ᠢ ᠰᠠᠶᠢᠵᠢᠷᠠᠭᠤᠯᠵᠤ᠂ ᠬᠦᠯ᠂ ᠶᠠᠰᠤ ᠰᠢᠷᠪᠦᠰᠦ ᠶᠢ ᠴᠢᠬᠢᠷᠠᠭᠵᠢᠭᠤᠯᠬᠤ ᠪᠦᠬᠡᠳ ᠦᠶ᠎ᠡ ᠬᠡᠰᠢᠬᠦᠦ ᠶᠢ ᠵᠦᠬᠡᠯᠡᠷᠡᠬᠦᠯᠵᠦ᠂ ᠬᠦᠮᠦᠨ ᠤ ᠪᠡᠶ᠎ᠡ ᠶᠢᠨ ᠴᠢᠰᠤᠨ ᠤ ᠡᠷᠬᠢᠯᠳᠡ ᠪᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠠᠬᠢᠭᠤᠯᠤᠨ᠎ᠠ᠃     8᠂ ᠴᠠᠭ ᠲᠤᠭᠳᠠᠭᠠᠵᠤ ᠠᠯᠬᠤᠬᠤ ᠶᠢ ᠪᠠᠷᠢᠮᠳᠠᠯᠠᠪᠠᠯ ᠵᠢᠷᠦᠬᠡᠨ ᠴᠢᠰᠤ ᠲᠤᠳᠠᠬᠤ ᠴᠢᠨᠠᠷᠳᠠᠢ ᠡᠪᠡᠳᠴᠢᠨ ᠢ ᠠᠷᠢᠯᠭᠠᠬᠤ ᠪᠤᠶᠤ ᠴᠢᠰᠤᠨ ᠲᠠᠷᠤᠯᠳᠠ ᠶᠢ ᠪᠠᠭᠤᠷᠠᠭᠤᠯᠤᠨ᠎ᠠ᠃     9᠂ ᠠᠯᠬᠤᠬᠤ ᠨᠢ ᠤᠷᠴᠢᠨ ᠠᠬᠤᠢ ᠶᠢ ᠬᠠᠮᠠᠭᠠᠯᠠᠨ᠂ ᠬᠠᠶᠠᠭᠳᠠᠮᠠᠯ ᠬᠡᠢ ᠶᠢᠨ ᠪᠤᠬᠢᠷᠳᠤᠯ ᠢ ᠠᠷᠢᠯᠭᠠᠵᠤ᠂ ᠪᠡᠶ᠎ᠡ ᠮᠠᠬᠠᠪᠤᠳ ᠢ ᠴᠢᠬᠢᠷᠠᠭᠵᠢᠭᠤᠯᠤᠨ᠂ ᠡᠪᠡᠳᠴᠢᠨ ᠡᠰᠡᠷᠬᠦᠴᠡᠬᠦ ᠴᠢᠳᠠᠪᠤᠷᠢ ᠶᠢ ᠲᠡᠭᠡᠭᠰᠢᠯᠡᠬᠦᠯᠳᠡᠭ᠃     10᠂ ᠠᠯᠬᠤᠬᠤ ᠨᠢ ᠰᠢᠩᠭᠡᠭᠡᠯᠳᠡ ᠶᠢᠨ ᠪᠤᠯᠴᠢᠷᠬᠠᠢ ᠶᠢᠨ ᠱᠦᠬᠦᠷᠡᠬᠦᠯᠬᠦ ᠴᠢᠳᠠᠪᠬᠢ ᠶᠢ ᠰᠠᠶᠢᠵᠢᠷᠠᠭᠤᠯᠤᠨ᠂ ᠬᠤᠳᠤᠭᠤᠳᠤ ᠬᠡᠳᠡᠰᠦᠨ ᠤ ᠵᠢᠮ᠎ᠠ ᠶᠤᠰᠤᠳᠠᠢ ᠬᠦᠳᠡᠯᠬᠡᠬᠡᠨ ᠢ ᠠᠬᠢᠭᠤᠯᠵᠤ᠂ ᠢᠳᠡᠰᠢᠨ ᠲᠤᠷᠠᠰᠢᠯ ᠢ ᠨᠡᠮᠡᠭᠳᠡᠬᠦᠯᠦᠨ᠂ ᠴᠢᠰᠤᠨ ᠲᠠᠷᠤᠯᠳᠠ ᠦᠨᠳᠦᠷᠵᠢᠬᠦ᠂ ᠰᠢᠬᠢᠷ ᠰᠢᠵᠢᠩ ᠡᠪᠡᠳᠴᠢᠨ᠂ ᠮᠠᠷᠢᠶᠠᠯᠠᠬᠤ ᠡᠪᠡᠳᠴᠢᠨ ᠂ ᠲᠠᠳᠮᠠᠭᠠᠢ ᠴᠢᠨᠠᠷᠳᠤ ᠬᠤᠷᠭᠤᠰᠤᠯ ᠵᠡᠷᠬᠡ ᠡᠪᠡᠳᠴᠢᠨ ᠢ ᠵᠠᠰᠠᠬᠤ ᠳᠤ ᠴᠦᠮ ᠶᠡᠭᠡ ᠰᠡᠶᠢᠨ ᠦᠢᠯᠡᠳᠦᠯ ᠲᠠᠢ ᠪᠠᠶᠢᠳᠠᠭ᠃     11᠂ ᠠᠯᠬᠤᠬᠤ ᠨᠢ ᠮᠡᠳᠡᠷᠡᠯ ᠤᠨ ᠪᠤᠯᠴᠢᠩ ᠤᠨ ᠴᠢᠩᠭᠠᠷᠠᠯ ᠢ ᠨᠠᠮᠳᠠᠭᠤᠯᠳᠠᠭ᠃      12᠂ ᠭᠠᠳᠠᠨᠠᠬᠢ ᠰᠢᠨ᠎ᠠ ᠰᠤᠷᠭᠤᠭ ᠠᠭᠠᠷ ᠲᠤᠮᠳᠠ ᠠᠯᠬᠤᠪᠠᠯ ᠲᠠᠷᠢᠬᠢᠨ ᠤ ᠰᠡᠳᠬᠢᠬᠦᠢ ᠶᠢᠨ ᠠᠵᠢᠯᠯᠠᠭ᠎ᠠ ᠬᠤᠷᠴᠠ ᠰᠡᠷᠬᠡᠭ ᠮᠦᠷᠳᠡᠬᠡᠨ ᠠᠮᠢᠳᠤᠯᠢᠭ ᠪᠤᠯᠳᠠᠭ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ