ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠠ ᠶᠢᠨ  ᠪᠠᠶᠢᠳᠠᠯ
ᠨᠡᠶᠢᠲᠡᠯᠡᠭᠰᠡᠨ ᠴᠠᠭ᠄
2021/7/16
       ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠺᠠᠩ ᠱᠢ ᠯᠢᠶᠠᠨ ᠢ ᠤᠷᠢᠵᠤ᠂ ᠬᠢᠶ᠎ᠠ ᠪᠠᠭᠰᠢ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠺᠠᠩ ᠡᠷᠬᠢᠯᠡᠭᠴᠢ ᠡ᠂ ᠲᠠ ᠰᠠᠶᠢᠨ ᠤᠤ︕        ᠺᠠᠩ ᠱᠢ ᠯᠢᠶᠠᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠡᠭᠡᠨ ᠮᠠᠰᠢ ᠪᠠᠶᠠᠷᠲᠠᠶ ᠪᠠᠶᠢᠨ᠎ᠠ᠃ 
800.jpg   
        ᠬᠥᠲᠥᠯᠥᠭᠴᠢ᠄ ᠲᠠ ᠪᠢᠳᠠᠨ ᠳᠤ ᠣᠳᠣᠬᠠᠨ ᠤ ᠬᠢᠶ᠎ᠠ ᠪᠠᠭᠰᠢ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖        ᠺᠠᠩ ᠱᠢ ᠯᠢᠶᠠᠨ᠄ ᠬᠢᠶ᠎ᠠ ᠪᠠᠭᠰᠢ ᠲᠣᠭᠤᠷᠢᠭ ᠲᠤ ᠣᠲᠣ ᠭᠤᠷᠪᠠᠨ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠶᠡᠷᠥᠩᠭᠡᠢ ᠡᠮᠨᠡᠯᠭᠡ ᠶᠢᠨ ᠬᠤᠷᠢᠶ᠎ᠠ᠂ ᠭᠤᠷᠪᠠᠨ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ᠂ ᠨᠢᠭᠡ ᠨᠢᠭᠡᠳᠦᠭᠡᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ᠂ ᠲᠠᠪᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ  ᠪᠠᠶᠢᠨ᠎ᠠ᠃ ᠡᠭᠦᠨ ᠤ ᠬᠠᠮᠳᠦ᠂ ᠨᠡᠶᠢᠭᠡᠮ ᠤᠨ ᠬᠦᠴᠦᠨ ᠤ ᠡᠮᠨᠡᠯᠭᠡ ᠶᠢᠨ ᠬᠤᠷᠢᠶ᠎ᠠ ᠡᠷᠭᠢᠯᠡᠬᠦ ᠬᠥᠭᠵᠢᠯᠲᠡ ᠲᠦᠷᠭᠡᠨ᠂ ᠤᠨᠴᠠᠯᠢᠬᠳᠤ ᠲᠤᠰᠬᠠᠶ ᠮᠡᠷᠭᠡᠵᠢᠯ ᠲᠣᠪᠤᠶᠢᠮ᠎ᠠ ᠪᠠᠶᠢᠵᠤ᠂ ᠨᠠᠢᠮᠠᠨ ᠮᠣᠩᠭᠤᠯ ᠡᠮᠨᠡᠯᠭᠡ᠂ ᠬᠢᠲᠠᠳ ᠡᠮᠨᠡᠯᠭᠡ᠂ ᠠᠮᠠᠨ ᠬᠥᠨᠳᠡᠶ ᠶᠢᠨ ᠡᠮᠨᠡᠯᠭᠡ᠂ ᠨᠢᠳᠦᠨ ᠡᠮᠨᠡᠯᠭᠡ᠂ ᠡᠷᠡᠭᠦᠯᠵᠢᠯ ᠤᠨ ᠡᠮᠨᠡᠯᠭᠡ᠂ ᠠᠨᠠᠭᠠᠬᠤ ᠤᠬᠠᠭᠠᠨ ᠢᠶᠠᠷ ᠵᠢᠰᠦ ᠭᠤᠶᠣᠯᠠᠬᠤ ᠵᠡᠷᠭᠡ ᠠᠷᠠᠳ ᠠᠴᠠ ᠡᠵᠡᠩᠨᠡᠭᠰᠡᠨ ᠲᠤᠰᠬᠠᠢ ᠡᠮᠴᠢᠯᠡᠭᠡᠨ ᠤ  ᠪᠠᠶᠢᠭᠤᠯᠣᠮᠵᠢ  ᠪᠠᠶᠢᠨ᠎ᠠ᠃ ᠢᠩᠭᠢᠭᠡᠳ ᠬᠤᠲᠠ ᠶᠢᠨ ᠱᠠᠲᠤᠨ ᠤ ᠶᠡᠷᠥᠩᠭᠡᠢ ᠡᠮᠨᠡᠯᠭᠡ ᠶᠢᠨ ᠬᠤᠷᠢᠶ᠎ᠠ ᠪᠠᠷ ᠬᠦᠳᠦᠴᠢ ᠪᠣᠯᠭᠠᠭᠰᠠᠨ᠂ ᠲᠣᠭᠤᠷᠢᠭ ᠤᠨ ᠬᠠᠷᠢᠶᠠᠳᠦ ᠲᠤᠰᠬᠠᠶ ᠡᠮᠨᠡᠯᠭᠡ ᠶᠢᠨ ᠬᠤᠷᠢᠶ᠎ᠠ ᠪᠠᠷ ᠭᠤᠤᠯᠯᠠᠭᠴᠢ ᠪᠣᠯᠭᠠᠭᠰᠠᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠰᠠᠭᠤᠷᠢ ᠪᠣᠯᠭᠠᠭᠰᠠᠨ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ  ᠪᠠᠶᠢᠭᠤᠯᠪᠠ᠃        ᠬᠥᠲᠥᠯᠥᠭᠴᠢ᠄ ᠬᠢᠶ᠎ᠠ ᠪᠠᠭᠰᠢ ᠲᠣᠭᠤᠷᠢᠭ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖        ᠺᠠᠩ ᠱᠢ ᠯᠢᠶᠠᠨ᠄ ᠨᠢᠭᠡ᠂ ︽ᠢᠨᠲ᠋ᠧᠷ ᠰᠦᠯᠵᠢᠶ᠎ᠡ + ᠡᠮᠨᠡᠯᠭᠡ︾ ᠶᠢ ᠢᠳᠡᠪᠬᠢᠲᠡᠶ ᠪᠠᠷ ᠳᠥᠯᠭᠢᠨ ᠠᠬᠢᠭᠤᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠪᠠ ᠳ᠋ᠢᠵᠢᠲ᠋ᠠᠯᠴᠢᠯᠠᠭᠰᠠᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠳᠡᠭᠦᠯᠳᠡᠷᠵᠢᠭᠦᠯᠪᠡ᠃ ᠵᠢᠱᠢᠶᠡᠯᠡᠪᠡᠯ᠂ ︽ᠰᠠᠭᠤᠭᠠᠯᠢ ᠠᠷᠠᠳ ᠤᠨ ᠡᠷᠡᠭᠦᠯ ᠮᠡᠨᠳᠦ︾ APP ᠶᠢᠨ ᠬᠡᠷᠡᠭᠯᠡᠯᠲᠡ ᠶᠢ ᠭᠦᠨᠵᠡᠭᠡᠶ ᠠᠬᠢᠭᠤᠯᠵᠤ᠂ ᠰᠦᠯᠵᠢᠶᠡᠨ ᠳᠡᠭᠡᠷ᠎ᠡ ᠡᠷᠡᠭᠦᠯ ᠮᠡᠨᠳᠦ ᠶᠢᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠣᠨ ᠳᠡᠮᠲᠡᠭᠯᠡᠯ ᠢ ᠪᠠᠶᠢᠴᠠᠭᠠᠵᠦ ᠡᠷᠢᠬᠦ ᠴᠢᠳᠠᠮᠵᠢ ᠶᠢ ᠪᠡᠶᠡᠯᠡᠭᠦᠯᠦᠨ᠂ ᠣᠨᠣᠰᠢᠯᠠᠨ ᠡᠮᠨᠡᠭᠰᠡᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ︽ᠣᠶᠤᠨᠴᠢ ᠬᠠᠮᠢᠶᠠᠷᠤᠯᠲᠠ︾ ᠶᠢ ᠠᠩᠬ᠎ᠠ ᠠᠯᠬᠤᠮ ᠪᠡᠶᠡᠯᠡᠭᠦᠯᠪᠡ᠃ ᠬᠤᠶᠠᠷ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠭᠤᠤᠯᠯᠠᠭᠴᠢ ᠬᠦᠴᠦᠨ ᠢ ᠬᠥᠮᠦᠵᠢᠭᠦᠯᠬᠦ ᠶᠢ ᠲᠠᠰᠤᠷᠠᠯᠲᠠ ᠥᠬᠡᠶ ᠴᠢᠩᠭᠠᠳᠬᠠᠨ᠂ ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠣᠯᠢᠬᠤ ᠪᠣᠯᠪᠠᠰᠤᠷᠠᠯ ᠪᠠ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠢ ᠰᠠᠶᠢᠲᠤᠷ ᠬᠢᠵᠦ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠡᠶᠢᠲᠡ 23 ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠵᠦ᠂ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠳᠤ ᠣᠷᠣᠯᠴᠠᠭᠰᠠᠨ ᠨᠣᠷᠮ᠎ᠠ ᠨᠢ 100% ᠳᠤ ᠬᠥᠷᠥᠪᠡ᠃ ᠢᠩᠭᠢᠭᠡᠳ ᠮᠠᠨ ᠤ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠴᠢᠳᠠᠪᠦᠷᠢᠲᠠᠨ ᠤ ᠮᠡᠷᠭᠡᠵᠢᠯ ᠤᠨ ᠴᠢᠳᠠᠪᠤᠷᠢ ᠨᠢ ᠦᠳᠲᠡᠷ ᠲᠦᠷᠭᠡᠨ ᠳᠡᠭᠡᠭᠰᠢᠯᠡᠵᠦ᠂ ᠳᠤᠮᠳᠠ ᠳᠡᠭᠡᠳᠦ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠥᠮᠦᠨ 49  ᠪᠠᠶᠢᠵᠦ᠂ ᠲᠤᠰᠬᠠᠶ ᠮᠡᠷᠭᠡᠵᠢᠯ ᠤᠨ ᠠᠵᠢᠯᠲᠠᠨ ᠤ 31.4% ᠶᠢ ᠡᠵᠡᠯᠡᠪᠡ᠃ 2019 ᠣᠨ ᠠᠴᠠ 2020 ᠣᠨ ᠪᠣᠯᠲᠠᠯ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠷᠪᠠᠨ ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ᠂ ᠳᠣᠯᠣᠭᠠᠨ ᠲᠤᠰᠬᠠᠶ ᠮᠡᠷᠭᠡᠵᠢᠯᠲᠡᠨ ᠢ ᠳᠠᠭᠢᠵᠤ ᠤᠷᠢᠨ᠂ ᠭᠤᠷᠪᠠᠨ ᠥᠪᠡᠷᠲᠡᠭᠡᠨ ᠵᠠᠰᠠᠬᠤ ᠣᠷᠣᠨ ᠤ ᠨᠠᠶᠢᠳᠠᠨ ᠬᠥᠮᠦᠵᠢᠭᠦᠯᠬᠦ ᠰᠣᠷᠣᠭᠴᠢ ᠲᠠᠢ ᠬᠡᠷ᠎ᠡ ᠳᠤᠭᠲᠠᠭᠠᠵᠤ᠂ ᠵᠠᠰᠠᠭ ᠤᠨ ᠣᠷᠳᠣᠨ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ 32 ᠠᠵᠢᠯᠲᠠᠨ ᠢ ᠤᠷᠢᠨ ᠬᠡᠷᠡᠭᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠪᠠᠨ ᠦᠷᠭᠦᠯᠵᠢᠯᠡᠨ ᠪᠤᠵᠠᠭᠠᠶᠢᠷᠠᠭᠤᠯᠪᠠ᠃ ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠪᠡ᠃ ᠬᠢᠵᠢᠭ ᠢ ᠰᠡᠷᠭᠡᠶᠢᠯᠡᠬᠦ ᠲᠥᠪ᠂ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠲᠥᠪ ᠵᠡᠷᠭᠡ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠣᠳᠣᠬᠠᠨ ᠳᠤ ᠨᠢᠭᠡᠨᠲᠡ ᠬᠢᠯᠢ ᠬᠠᠶᠢᠬᠤ᠂ ᠲᠥᠷᠥᠯ ᠵᠦᠢᠯ ᠤᠨ ᠡᠷᠭᠦᠳᠡᠯ ᠤᠨ ᠪᠢᠴᠢᠭ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠴᠣᠬᠤᠯᠠᠪᠤᠷᠢ ᠵᠡᠷᠭᠡ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ ᠭᠠᠷ ᠬᠦᠢᠴᠡᠳᠭᠡᠯ ᠢ ᠬᠢᠵᠦ ᠳᠠᠭᠤᠰᠬᠠᠪᠠ᠃ ᠡᠭᠦᠨ ᠠᠴᠠ ᠭᠠᠳᠠᠨ᠎ᠠ᠂ ᠤᠵᠢᠭ ᠡᠪᠡᠳᠴᠢᠨ ᠤ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠧᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠪᠥᠬᠦ ᠲᠣᠭᠤᠷᠢᠭ ᠤᠨ 15 ᠮᠢᠨᠦ᠋ᠲ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠪᠴᠢᠶ᠎ᠡ ᠶᠢ ᠦᠨᠡᠨᠬᠦ ᠪᠠᠬᠢᠵᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠤᠯᠠᠮ ᠨᠢᠭᠡ ᠠᠯᠬᠤᠮ ᠡᠷᠴᠢᠮᠵᠢᠭᠦᠯᠪᠡ᠃       ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠭᠤᠣᠯᠳᠠᠭᠤ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠦᠷ᠎ᠡ ᠪᠦᠲᠦᠮᠵᠢ ᠣᠯᠤᠭᠰᠠᠨ ᠪᠣᠶ︖        ᠺᠠᠩ ᠱᠢ ᠯᠢᠶᠠᠨ᠄ ᠪᠢᠳᠡ ︽ᠦᠨᠳᠦᠰᠦᠨ ᠵᠦᠢᠯ ᠢ ᠠᠬᠢᠭᠤᠯᠵᠦ᠂ ᠦᠨᠳᠦᠰᠦᠨ ᠱᠠᠲᠤ ᠶᠢ ᠴᠢᠩᠭᠠᠳᠬᠠᠨ᠂ ᠲᠣᠭᠲᠠᠴᠠ ᠶᠢ ᠪᠠᠶᠢᠭᠤᠯᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠳᠠᠭᠤ ᠳᠣᠣᠷᠠᠭᠢ ᠭᠤᠷᠪᠠᠨ ᠲᠠᠯ᠎ᠠ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠨᠢᠭᠡ ᠳᠤ ᠱᠠᠲᠤ ᠬᠤᠪᠢᠶᠠᠵᠦ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠠᠬᠢᠭᠤᠯᠪᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠳᠦ ᠶᠢᠨ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶᠠᠳᠦ ᠭᠠᠵᠠᠷ ᠤᠨ ᠬᠤᠲᠠ ᠶᠢᠨ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠯᠤᠭ᠎ᠠ ᠨᠢᠭᠲᠠ ᠬᠠᠮᠵᠢᠯᠴᠠᠨ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠥᠭᠵᠢᠯᠲᠡ ᠶᠢ ᠠᠬᠢᠭᠤᠯᠵᠤ᠂ ᠪᠥᠬᠦ ᠲᠣᠭᠤᠷᠢᠭ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠣᠰᠢᠯᠠᠭᠰᠠᠨ ᠬᠡᠮᠵᠢᠶᠡᠨ ᠤ ᠵᠢᠯ ᠤᠨ ᠨᠡᠮᠡᠭᠳᠡᠯ ᠨᠢ 27.1% ᠳᠤ ᠬᠦᠷᠴᠦ᠂ ︽ᠦᠨᠳᠦᠰᠦᠨ ᠱᠠᠲᠤᠨ ᠳᠤ ᠠᠩᠬ᠎ᠠ ᠡᠮᠨᠡᠭᠦᠯᠬᠦ᠂ ᠬᠤᠤᠰ ᠴᠢᠭᠯᠡᠯ ᠢᠶᠠᠷ ᠡᠮᠨᠡᠯᠭᠡ ᠰᠣᠯᠢᠬᠤ᠂ ᠲᠦᠷᠭᠡᠨ ᠤᠳᠠᠭᠠᠨ ᠡᠪᠡᠳᠴᠢᠨ ᠢ ᠰᠠᠯᠭᠠᠨ ᠡᠮᠨᠡᠬᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ ᠭᠦᠳᠡᠯᠭᠦ︾ ᠱᠠᠲᠤ ᠬᠤᠪᠢᠶᠠᠵᠦ ᠣᠨᠣᠰᠢᠯᠠᠨ ᠡᠮᠨᠡᠬᠦ ᠲᠦᠷᠢᠮ ᠢ ᠦᠨᠳᠦᠰᠦᠨ ᠳᠡᠭᠡᠨ ᠪᠦᠷᠢᠯᠳᠥᠬᠦᠯᠪᠡ᠃ ᠬᠤᠶᠠᠷ ᠲᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠢᠳᠡᠪᠬᠢᠲᠡᠶ ᠠᠬᠢᠭᠤᠯᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢ ᠡᠷᠴᠢᠮᠵᠢᠭᠦᠯᠪᠡ᠃ ︽ᠡᠮᠴᠢᠯᠡᠭᠡ ᠶᠢᠨ ᠳᠠᠭᠠᠳᠬᠠᠯ ᠡᠷᠡᠭᠦᠯ ᠬᠠᠮᠠᠭᠠᠯᠠᠯ ᠡᠮ ᠤᠨ ᠵᠦᠢᠯ ᠭᠤᠷᠪᠠ ᠶᠢ ᠬᠠᠮᠳᠣᠷᠠᠭᠤᠯᠣᠨ ᠬᠦᠳᠡᠯᠥᠯᠴᠡᠭᠦᠯᠭᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠤᠨ ᠵᠦᠢᠯ ᠤᠨ ᠲᠣᠬᠢᠷᠠᠭᠤᠯᠤᠯᠲᠠ ᠨᠢ 70% ᠣᠷᠴᠢᠮ ᠳᠤ ᠬᠥᠷᠥᠪᠡ᠃ 2020 ᠣᠨ ᠳᠤ᠂ ᠬᠢᠶ᠎ᠠ ᠪᠠᠭᠰᠢ ᠲᠣᠭᠤᠷᠢᠭ ᠲᠠᠬᠢ ᠠᠯᠪᠠᠨ ᠠᠴᠠ ᠪᠠᠶᠢᠭᠤᠯᠤᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠪᠣᠷᠣᠯᠠᠭᠤᠯᠤᠯᠲᠠ ᠶᠢᠨ ᠶᠡᠷᠦᠩᠬᠡᠶ ᠲᠤᠭ᠎ᠠ ᠨᠢ 179.96 ᠲᠦᠮᠡᠨ ᠲᠥᠭᠦᠷᠢᠭ ᠲᠤ ᠬᠦᠷᠴᠦ᠂ ᠠᠷᠠᠳ ᠲᠤ 28.26 ᠲᠦᠮᠡᠨ ᠲᠥᠭᠦᠷᠢᠭ ᠤᠨ ᠠᠰᠢᠭ ᠭᠦᠷᠲᠡᠭᠡᠨ᠂ ᠡᠪᠡᠳᠴᠢᠲᠡᠨ ᠤ ᠠᠰᠢᠭ ᠲᠤᠰᠠ ᠶᠢ ᠪᠦᠲᠦᠮᠵᠢᠲᠡᠶ ᠪᠠᠳᠣᠯᠠᠪᠠ᠃ ᠭᠤᠷᠪᠠ ᠳᠤ᠂ ᠤᠳᠣᠭᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠬᠦ ᠶᠢ ᠰᠦᠪᠡᠭᠴᠢᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ  ᠢ ᠰᠢᠯᠭᠠᠨ ᠬᠢᠨᠠᠬᠤ ᠲᠦᠷᠢᠮ ᠪᠠ ᠡᠮᠨᠡᠯᠭᠡ ᠶᠢᠨ ᠠᠵᠢᠯᠳᠠᠨ ᠢ ᠦᠨᠡᠯᠡᠬᠦ ᠳᠣᠭᠲᠠᠴᠠ ᠶᠢ ᠲᠡᠭᠦᠯᠳᠡᠷᠵᠢᠭᠦᠯᠪᠡ᠃ ᠢᠩᠭᠢᠭᠡᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠦᠳᠲᠡᠷ ᠲᠦᠷᠭᠡᠨ ᠬᠥᠭᠵᠢᠵᠦ᠂ ᠤᠯᠤᠰ ᠤᠨ ︽ᠰᠢᠯᠢᠳᠡᠭ ᠦᠢᠯᠡᠴᠢᠯᠡᠭᠡᠨ ᠢ ᠦᠨᠳᠦᠰᠦᠨ ᠱᠠᠲᠤᠨ ᠳᠤ ᠬᠦᠷᠭᠡᠬᠦ︾  ᠠᠵᠢᠯᠯᠠᠭ᠎ᠠ ᠳᠤ᠂ ᠬᠢᠶ᠎ᠠ ᠪᠠᠭᠰᠢ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠯᠤᠰ ᠠᠴᠠ ᠲᠠᠨᠢᠯᠴᠠᠭᠤᠯᠬᠤ ᠪᠠᠷᠢᠮᠵᠢᠶ᠎ᠠ ᠳᠤ ᠬᠦᠷᠴᠦ᠂ ᠺᠠᠩ ᠰᠢᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠢᠨ ᠾᠧ ᠵᠡᠭᠡᠯᠢ ᠭᠤᠳᠤᠮᠵᠢ ᠶᠢᠨ ᠰᠢᠩ ᠸᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠴᠢᠩ ᠴᠦᠨ ᠱᠠᠨ ᠵᠡᠭᠡᠯᠢ ᠭᠤᠳᠤᠮᠵᠢ ᠶᠢᠨ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠢᠷᠢ ᠲᠡᠩᠴᠡᠭᠰᠡᠨ ᠪᠠᠷᠢᠮᠵᠢᠶ᠎ᠠ ᠳᠤ ᠭᠦᠷᠦᠭᠰᠡᠨ ᠶᠤᠮ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠣᠯᠠᠨ ᠲᠦᠮᠡᠨ ᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠶᠢ ᠬᠠᠩᠭᠠᠪᠠ᠃        ᠬᠥᠲᠥᠯᠥᠭᠴᠢ᠄ ᠬᠤᠶᠢᠰᠢᠳᠠ ᠶᠢᠨ ᠠᠵᠢᠯ ᠤᠨ ᠬᠠᠷᠠᠯᠲᠠ ᠨᠢ ᠶᠠᠭᠤ ᠪᠣᠶ︖        ᠺᠠᠩ ᠱᠢ ᠯᠢᠶᠠᠨ᠄ ᠬᠤᠶᠢᠰᠢᠳᠠ ᠪᠢᠳᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠨᠢᠭᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠭᠤᠷᠢᠭ ᠤᠨ ᠬᠠᠷᠢᠶᠠᠲᠤ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠥᠲᠥᠭᠡᠨ ᠪᠠᠶᠢᠭᠤᠯᠬᠤ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡᠨ ᠤ ᠲᠥᠷᠥᠯ ᠵᠦᠢᠯ ᠳᠤ ᠣᠷᠣᠭᠤᠯᠬᠤ ᠶᠢᠨ ᠬᠠᠮᠳᠦ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠬᠤᠲᠠ ᠶᠢᠨ ᠪᠥᠲᠥᠭᠡᠨ ᠪᠠᠶᠢᠭᠤᠯᠤᠯᠲᠠ ᠯᠤᠭ᠎ᠠ ᠵᠡᠷᠭᠡ ᠳᠤᠨᠢ ᠲᠥᠯᠥᠪᠵᠢᠭᠦᠯᠦᠨ ᠬᠡᠷᠡᠭᠵᠢᠭᠦᠯᠵᠦ᠂ ᠴᠢᠩ ᠴᠦᠨ ᠱᠠᠨ ᠵᠡᠭᠡᠯᠢ ᠭᠤᠳᠤᠮᠵᠢ ᠶᠢᠨ ᠧᠨ ᠾᠧ ᠨᠡᠶᠢᠭᠡᠮ ᠲᠣᠭᠤᠷᠢᠭ᠂ ᠬᠢᠶ᠎ᠠ ᠪᠠᠭᠰᠢ ᠲᠣᠭᠤᠷᠢᠭ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ᠂ ᠬᠢᠶ᠎ᠠ ᠪᠠᠭᠰᠢ ᠲᠣᠭᠤᠷᠢᠭ ᠤᠨ ᠺᠠᠩ ᠵᠧᠨ ᠪᠠᠯᠭᠠᠰᠤ ᠵᠡᠷᠭᠡ ᠰᠢᠨ᠎ᠡ ᠪᠠᠷ ᠪᠠᠶᠢᠭᠤᠯᠤᠭᠰᠠᠨ ᠵᠢᠵᠢᠭ ᠲᠣᠭᠤᠷᠢᠭ ᠲᠤ 3 — 4 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠥᠲᠥᠭᠡᠨ ᠪᠠᠶᠢᠭᠤᠯᠤᠨ᠎ᠠ᠃ ᠬᠤᠶᠠᠷ ᠲᠤ ᠬᠤᠳᠠ ᠶᠢᠨ ᠡᠮ ᠡᠮᠨᠡᠯᠭᠡ ᠶᠢᠨ ᠪᠦᠯᠦᠭᠯᠡᠯ ᠢ ᠬᠥᠭᠵᠢᠭᠦᠯᠦᠨ᠎ᠡ᠃ ᠭᠤᠷᠪᠠ ᠳᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃         ᠬᠥᠲᠥᠯᠥᠭᠴᠢ᠄ ᠵᠠ᠂ ᠺᠠᠩ ᠡᠷᠬᠢᠯᠡᠭᠴᠢ ᠶᠢᠨ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠭᠥᠯᠢᠶᠡᠨ ᠠᠪᠴᠤ ᠦᠵᠡᠭᠰᠡᠨ ᠳᠤ ᠴᠦ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠫᠷᠤᠭ᠍ᠷᠠᠮ ᠳᠤ ᠪᠢᠳᠡ ᠪᠠᠶᠠᠷᠲᠠᠶ ᠵᠣᠯᠭᠠᠶ᠎ᠠ︕  
ᠢᠷᠡᠯᠲᠡ᠄ ᠲᠣᠰ ᠰᠥᠯᠵᠢᠶ᠎ᠡ