ᠦᠪᠦᠷ ᠮᠤᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/7/20
        2021 ᠣᠨ ᠤ 7 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠠᠴᠠ 7 ᠳ᠋ᠤᠭᠠᠷ ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠵᠠᠢ︶ ᠨᠡᠮᠡᠭᠳᠡᠵᠡᠢ᠃ 2021 ᠣᠨ ᠤ 7 ᠳ᠋ᠤᠭᠠᠷ ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ