ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ ︵ᠦᠷᠬᠦᠯᠵᠢᠯᠡᠯ︶
ᠨᠡᠶᠢᠲᠡᠯᠡᠭᠰᠡᠨ ᠴᠠᠭ᠄
2021/7/20
         ᠲᠠᠪᠤᠳᠤᠭᠠᠷ ᠪᠦᠯᠦᠭ ᠤᠯᠤᠰ ᠤᠨ ᠦᠮᠴᠢᠯᠡᠯ ᠤᠨ ᠡᠷᠬᠡ ᠪᠠ ᠬᠠᠮᠳᠤ ᠶᠢᠨ ᠦᠮᠴᠢᠯᠡᠯ ᠤᠨ ᠡᠷᠬᠡ᠂ ᠬᠤᠪᠢ ᠶᠢᠨ ᠦᠮᠴᠢᠯᠡᠯ ᠤᠨ ᠡᠷᠬᠡ              ᠬᠤᠶᠠᠷ ᠵᠠᠭᠤ ᠲᠦᠴᠢᠨ ᠵᠢᠷᠭᠤᠳᠤᠭᠠᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠡᠳ᠋ ᠬᠦᠷᠦᠩᠭᠡ ᠨᠢ ᠤᠯᠤᠰ ᠤᠨ ᠦᠮᠴᠢᠯᠡᠯ ᠲᠤᠬᠠᠢᠢᠯᠠᠪᠠᠯ ᠠᠷᠠᠳ ᠨᠡᠶᠢᠳᠡ ᠶᠢᠨ ᠦᠮᠴᠢᠯᠡᠯ ᠳᠤ ᠬᠠᠷᠢᠶᠠᠯᠠᠭᠳᠠᠨ᠎ᠠ᠃               ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠲᠦᠷᠦ ᠶᠢᠨ ᠶᠠᠪᠤᠳᠠᠯ ᠤᠨ ᠬᠤᠷᠢᠶ᠎ᠡ ᠤᠯᠤᠰ ᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃               ᠬᠤᠶᠠᠷ ᠵᠠᠭᠤ ᠲᠦᠴᠢᠨ ᠲᠤᠯᠤᠳᠤᠭᠠᠷ ᠵᠦᠢᠯ ᠠᠭᠤᠷᠬᠠᠢ ᠶᠢᠨ ᠪᠤᠯᠠᠭᠳᠠᠴᠠ᠂ ᠤᠰᠤ ᠤᠷᠤᠰᠬᠠᠯ᠂ ᠲᠠᠯᠠᠢ ᠶᠢᠨ ᠤᠷᠤᠨ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃               ᠬᠤᠶᠠᠷ ᠵᠠᠭᠤ ᠲᠦᠴᠢᠨ ᠨᠠᠢᠮᠠᠳᠤᠭᠠᠷ ᠵᠦᠢᠯ ᠰᠠᠭᠤᠭᠠᠯᠢ ᠠᠷᠠᠳ ᠥᠭᠡᠢ ᠲᠠᠯᠠᠢ ᠶᠢᠨ ᠠᠷᠠᠯ ᠣᠯᠣᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠲᠦᠷᠦ ᠶᠢᠨ ᠶᠠᠪᠤᠳᠠᠯ ᠤᠨ ᠬᠤᠷᠢᠶ᠎ᠡ ᠤᠯᠤᠰ ᠢ ᠲᠦᠯᠦᠭᠡᠯᠡᠨ ᠰᠠᠭᠤᠭᠠᠯᠢ ᠠᠷᠠᠳ ᠥᠭᠡᠢ ᠲᠠᠯᠠᠢ ᠶᠢᠨ ᠠᠷᠠᠯ ᠤᠨ ᠥᠮᠴᠢᠯᠡᠯ ᠤᠨ ᠡᠷᠭᠡ ᠶᠢ ᠬᠡᠷᠡᠭᠵᠢᠬᠦᠯᠥᠨ᠎ᠠ᠃               ᠬᠤᠶᠠᠷ ᠵᠠᠭᠤ ᠲᠦᠴᠢ ᠶᠢᠰᠤᠳᠤᠭᠡᠷ ᠵᠦᠢᠯ ᠬᠤᠳᠠ ᠶᠢᠨ ᠭᠠᠵᠠᠷ ᠰᠢᠷᠤᠢ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃               ᠬᠤᠶᠠᠷ ᠵᠠᠭᠤ ᠲᠠᠪᠢᠳᠤᠭᠠᠷ ᠵᠦᠢᠯ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠠᠤᠯᠢ ᠴᠠᠭᠠᠵᠠ ᠳᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠨᠢ ᠡᠬᠦᠨ ᠳᠤ ᠪᠠᠭᠳᠠᠬᠤ ᠦᠭᠡᠢ᠃               ᠬᠤᠶᠠᠷ ᠵᠠᠭᠤ ᠲᠠᠪᠢᠨ ᠨᠢᠭᠡᠳᠤᠭᠡᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠠᠯ ᠳᠤ ᠬᠠᠷᠢᠶᠠᠯᠠᠭᠳᠠᠨ᠎ᠠ ᠭᠡᠵᠤ ᠲᠤᠬᠳᠠᠭᠠᠭᠰᠠᠨ ᠭᠡᠭᠡᠷ᠎ᠠ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃          ᠬᠤᠶᠠᠷ ᠵᠠᠭᠤ ᠲᠠᠪᠢᠨ ᠬᠤᠶᠠᠳᠤᠭᠠᠷ ᠵᠦᠢᠯ ᠷᠠᠳᠢᠣ᠋ ᠲᠠᠪᠳᠠᠮᠵᠢ ᠶᠢᠨ ᠵᠢᠭᠰᠠᠯ ᠤᠨ ᠡᠬᠢ ᠪᠠᠶᠠᠯᠢᠭ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠃               ᠬᠤᠶᠠᠷ ᠵᠠᠭᠤ ᠲᠠᠪᠢᠨ ᠭᠤᠷᠪᠠᠳᠤᠭᠠᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠲᠡᠦᠬᠡ ᠶᠢᠨ ᠲᠤᠷᠠᠰᠬᠠᠯᠳᠤ ᠵᠦᠢᠯ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃          ᠬᠤᠶᠠᠷ ᠵᠠᠭᠤ ᠲᠠᠪᠢᠨ ᠲᠦᠷᠪᠡᠳᠤᠭᠡᠷ ᠵᠦᠢᠯ ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠡᠯᠡ ᠬᠥᠷᠤᠩᠭᠡ ᠤᠯᠤᠰ ᠤᠨ ᠦᠮᠴᠢᠯᠠᠯ ᠳᠤ ᠬᠠᠷᠢᠶᠠᠯᠠᠬᠳᠠᠨ᠎ᠠ ᠃               ᠲᠠᠮᠤᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ ᠤ ᠲᠦᠬᠦᠭᠡᠷᠦᠮᠵᠢ᠂ ᠴᠠᠬᠢᠯᠭᠠᠨ ᠬᠤᠯᠪᠤᠭᠠᠨ ᠤ ᠲᠦᠬᠦᠭᠡᠷᠦᠮᠵᠢ ᠪᠠ ᠲᠤᠰᠤ ᠬᠡᠢ ᠶᠢᠨ ᠬᠤᠭᠤᠯᠠᠢ ᠵᠡᠷᠭᠡ ᠰᠠᠭᠤᠷᠢ ᠲᠦᠬᠦᠭᠡᠷᠤᠮᠵᠢ ᠬᠠᠤᠯᠢ ᠴᠠᠭᠠᠵᠠ ᠶᠢᠨ ᠲᠣᠭᠳᠠᠭᠠᠯ ᠶᠤᠰᠤᠭᠠᠷ ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠳᠤ ᠬᠥᠷᠪᠡᠯ᠂ ᠲᠡᠳᠡᠭᠡᠷ ᠨᠢ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃               ᠬᠤᠶᠠᠷ ᠵᠠᠭᠤ ᠲᠠᠪᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠰᠢᠭᠤᠳ ᠵᠠᠬᠢᠷᠴᠤ ᠪᠠᠶᠢᠭ᠎ᠠ ᠦᠯᠦ ᠬᠦᠳᠡᠯᠬᠦ ᠬᠦᠷᠦᠩᠭᠡ ᠪᠤᠯᠤᠨ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ ᠵᠢᠴᠢ ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠬᠦ ᠡᠷᠬᠡ ᠶᠢ ᠡᠳ᠋ᠯᠡᠨ᠎ᠠ᠃               ᠬᠤᠶᠠᠷ ᠵᠠᠭᠤ ᠲᠠᠪᠢᠨ ᠵᠢᠷᠭᠤᠳᠤᠭᠠᠷ ᠵᠦᠢᠯ ᠤᠯᠤᠰ ᠠᠴᠠ ᠡᠷᠬᠢᠯᠡᠭᠰᠡᠨ ᠠᠵᠢᠯ ᠦᠢᠯᠡᠰ ᠤᠨ ᠨᠢᠭᠡᠴᠢ ᠰᠢᠭᠤᠳ ᠵᠠᠬᠢᠷᠴᠤ ᠪᠠᠶᠢᠭ᠎ᠠ ᠦᠯᠦ ᠬᠦᠳᠡᠯᠬᠦ ᠬᠦᠷᠦᠩᠭᠡ ᠪᠤᠯᠤᠨ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ ᠵᠢᠴᠢ ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠰᠢᠭ ᠣᠯᠬᠤ᠂ ᠰᠢᠢᠳᠪᠦᠷᠢᠯᠡᠬᠦ ᠡᠷᠬᠡ ᠶᠢ ᠡᠳ᠋ᠯᠡᠨ᠎ᠠ᠃               ᠬᠤᠶᠠᠷ ᠵᠠᠭᠤ ᠲᠠᠪᠢᠨ ᠲᠤᠯᠤᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠢᠯᠠᠯ ᠳᠤ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠲᠤᠰ ᠲᠤᠰ ᠤᠯᠤᠰ ᠢ ᠲᠦᠯᠦᠭᠡᠯᠡᠨ ᠪᠡᠯᠡ ᠭᠠᠷᠭᠠᠭᠴᠢ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠭᠡᠵᠦ᠂ ᠪᠡᠯᠡ ᠭᠠᠷᠭᠠᠭᠴᠢ ᠶᠢᠨ ᠡᠷᠬᠡ ᠠᠰᠢᠭ ᠢ ᠡᠳ᠋ᠯᠡᠨ᠎ᠡ᠃               ᠬᠤᠶᠠᠷ ᠵᠠᠭᠤ ᠲᠠᠪᠢᠨ ᠨᠠᠢᠮᠠᠳᠤᠭᠠᠷ ᠵᠦᠢᠯ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠲᠣᠮᠳᠠ ᠠᠴᠠ ᠨᠢ ᠦᠯᠡᠳᠡᠭᠡᠨ ᠠᠪᠬᠤ᠂ ᠡᠪᠳᠡᠬᠦ ᠶᠢ ᠴᠠᠭᠠᠵᠠᠯᠠᠨ᠎ᠠ᠃               ᠬᠤᠶᠠᠷ ᠵᠠᠭᠤ ᠲᠠᠪᠢ ᠶᠢᠰᠤᠳᠤᠭᠡᠷ ᠵᠦᠢᠯ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠠᠮᠢᠶᠠᠷᠬᠤ᠂ ᠬᠢᠨᠠᠬᠤ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠬᠦ ᠪᠠᠶᠢᠭᠤᠯᠤᠮᠵᠢ ᠵᠢᠴᠢ ᠲᠡᠬᠦᠨ ᠤ ᠠᠵᠢᠯᠳᠠᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ᠂ ᠬᠢᠨᠠᠯᠳᠠ ᠶᠢ ᠬᠠᠤᠯᠢ ᠶᠤᠰᠤᠭᠠᠷ ᠴᠢᠩᠭᠠᠳᠬᠠᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠳᠤᠯᠠᠵᠤ ᠦᠷᠳᠡᠭ ᠢ ᠨᠡᠮᠡᠭᠳᠡᠬᠦᠯᠬᠦ ᠶᠢ ᠠᠬᠢᠭᠤᠯᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠤᠬᠢᠷᠠᠬᠤ ᠶᠢ ᠰᠡᠷᠭᠡᠶᠢᠯᠡᠬᠦ ᠬᠡᠷᠡᠭᠳᠡᠢ︔ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠢᠯᠠᠭᠠᠳ ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃               ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠲᠤᠭᠳᠠᠭᠠᠯ ᠠᠴᠠ ᠵᠦᠷᠢᠴᠡᠵᠦ᠂ ᠠᠵᠤ ᠠᠬᠤᠢᠢᠯᠠᠯ ᠤᠨ ᠪᠠᠶᠢᠭᠤᠯᠤᠯ ᠢ ᠦᠭᠡᠷᠡᠴᠢᠯᠡᠬᠦ᠂ ᠠᠵᠦ ᠠᠬᠤᠢᠢᠯᠠᠯ ᠢ ᠨᠠᠶᠢᠯᠡᠬᠦᠯᠬᠦ ᠪᠠ ᠰᠠᠯᠭᠠᠬᠤ᠂ ᠬᠤᠯᠪᠤᠭᠳᠠᠯᠳᠣ ᠡᠳᠡᠭᠡᠳ ᠲᠠᠢ ᠪᠠᠨ ᠠᠷᠠᠯᠵᠢᠶᠠᠯᠠᠬᠤ ᠵᠡᠷᠭᠡ ᠶᠠᠪᠤᠴᠠ ᠳᠤ ᠬᠢᠮᠳᠡ ᠦᠨ᠎ᠠ ᠪᠠᠷ ᠰᠢᠯᠵᠢᠬᠦᠯᠦᠨ ᠦᠭᠬᠦ᠂ ᠰᠦᠯᠪᠡᠭᠡᠯᠳᠤᠨ ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠲᠤᠷ᠎ᠠ ᠪᠠᠷ ᠢᠶᠠᠨ ᠲᠠᠭᠠᠭᠠᠯᠳᠠ ᠬᠢᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃               ᠬᠤᠶᠠᠷ ᠵᠠᠭᠤ ᠵᠢᠷᠠᠳᠣᠭᠠᠷ ᠵᠦᠢᠯ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠤ᠄               ︵ᠨᠢᠭᠡ︶ ᠬᠠᠤᠯᠢ ᠴᠠᠭᠠᠵᠠ ᠳᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠭᠠᠵᠠᠷ ᠰᠢᠷᠤᠢ ᠪᠠ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ︔               ︵ᠬᠤᠶᠠᠷ︶ ᠬᠠᠮᠳᠤ ᠶᠢᠨ ᠦᠮᠴᠢᠯᠡᠯ ᠤᠨ ᠪᠠᠷᠢᠯᠭ᠎ᠠ᠂ ᠦᠢᠯᠡᠳᠪᠦᠷᠢᠯᠡᠯ ᠤᠨ ᠲᠦᠬᠦᠭᠡᠷᠦᠮᠵᠢ᠂ ᠲᠠᠷᠢᠶᠠᠯᠠᠩ ᠤᠨ ᠤᠰᠤᠨ ᠠᠰᠢᠬᠯᠠᠯᠳᠠ ᠶᠢᠨ ᠲᠦᠬᠦᠭᠡᠷᠦᠮᠵᠢ︔               ︵ᠭᠤᠷᠪᠠ︶ ᠬᠠᠮᠳᠤ ᠶᠢᠨ ᠦᠮᠴᠢᠯᠡᠯ ᠤᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠬᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠶᠢᠨ ᠲᠦᠬᠦᠭᠡᠷᠦᠮᠵᠢ︔               ︵ᠲᠦᠷᠪᠡ︶ ᠬᠠᠮᠳᠤ ᠶᠢᠨ ᠦᠮᠴᠢᠯᠡᠯ ᠤᠨ ᠪᠤᠰᠤᠳ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠪᠠᠭᠳᠠᠨ᠎ᠠ᠃               ᠬᠤᠶᠠᠷ ᠵᠠᠭᠤ ᠵᠢᠷᠠᠨ ᠨᠢᠭᠡᠳᠤᠭᠡᠷ ᠵᠦᠢᠯ ᠲᠠᠷᠢᠶᠠᠴᠢᠳ ᠤᠨ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠨᠢ ᠲᠤᠰ ᠬᠠᠮᠳᠤ ᠶᠢᠨ ᠪᠦᠷᠢᠯᠳᠦᠬᠦᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃               ᠲᠤᠤᠷ᠎ᠠ ᠵᠢᠭᠰᠠᠭᠠᠭᠰᠠᠨ ᠤᠴᠢᠷ ᠶᠠᠪᠤᠳᠠᠯ ᠢ ᠬᠠᠤᠯᠢ ᠳᠤ ᠲᠤᠭᠳᠠᠭᠠᠭᠰᠠᠨ ᠵᠢᠷᠤᠮ ᠶᠤᠰᠤᠭᠠᠷ ᠲᠤᠰ ᠬᠠᠮᠳᠤ ᠶᠢᠨ ᠪᠦᠷᠢᠯᠳᠦᠬᠦᠨ ᠢᠶᠠᠷ ᠲᠤᠭᠳᠠᠭᠠᠯᠭᠠᠬᠤ ᠬᠡᠷᠡᠭᠳᠡᠢ᠄               ︵ᠨᠢᠭᠡ︶ ᠭᠠᠵᠠᠷ ᠰᠢᠷᠤᠢ ᠶᠢ ᠲᠠᠭᠠᠭᠠᠴᠢᠯᠠᠬᠤ ᠲᠦᠰᠦᠯ ᠵᠢᠴᠢ ᠭᠠᠵᠠᠷ ᠰᠢᠷᠤᠢ ᠶᠢ ᠲᠤᠰ ᠬᠠᠮᠳᠤ ᠠᠴᠠ ᠭᠠᠳᠠᠨᠠᠬᠢ ᠵᠣᠬᠢᠶᠠᠨ ᠪᠠᠶᠢᠭᠤᠯᠣᠯᠳᠠ ᠪᠤᠶᠤ ᠬᠤᠪᠢ ᠬᠦᠮᠦᠨ ᠳᠤ ᠲᠠᠭᠠᠭᠠᠴᠢᠯᠠᠭᠤᠯᠬᠤ︔                  ︵ᠬᠤᠶᠠᠷ︶ ᠤᠨᠴᠠ ᠵᠠᠷᠢᠮ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠡᠷᠭᠡᠳᠦ ᠬᠦᠮᠦᠨ ᠤ ᠬᠤᠭᠤᠷᠤᠨᠳᠤ ᠲᠠᠭᠠᠭᠠᠴᠢᠯᠠᠯᠲᠠ ᠶᠢᠨ ᠭᠠᠵᠠᠷ ᠢ ᠲᠤᠬᠢᠷᠠᠭᠤᠯᠬᠤ︔               ︵ᠭᠤᠷᠪᠠ︶ ᠭᠠᠵᠠᠷ ᠰᠢᠷᠤᠢ ᠶᠢᠨ ᠨᠦᠬᠦᠪᠦᠷᠢ ᠶᠢᠨ ᠵᠠᠷᠣᠳᠠᠯ ᠵᠡᠷᠭᠡ ᠵᠠᠷᠣᠳᠠᠯ ᠢ ᠬᠡᠷᠡᠭᠯᠡᠬᠦ᠂ ᠬᠤᠪᠢᠶᠠᠷᠢᠯᠠᠬᠤ ᠠᠷᠭ᠎ᠠ︔               ︵ᠲᠦᠷᠪᠡ︶ ᠬᠠᠮᠳᠤ ᠠᠴᠠ ᠪᠡᠯᠡ ᠭᠠᠷᠭᠠᠭᠰᠠᠨ ᠠᠵᠤ ᠠᠬᠤᠢᠢᠯᠠᠯ ᠤᠨ ᠦᠮᠴᠢᠯᠡᠯ ᠤᠨ ᠡᠷᠬᠡ ᠶᠢ ᠬᠤᠪᠢᠷᠠᠭᠤᠯᠬᠤ ᠵᠡᠷᠭᠡ ᠤᠴᠢᠷ ᠶᠠᠪᠤᠳᠠᠯ︔               ︵ᠲᠠᠪᠤ︶ ᠬᠠᠤᠯᠢ ᠴᠠᠭᠠᠵᠠ ᠳᠤ ᠲᠤᠭᠳᠠᠭᠠᠭᠰᠠᠨ ᠪᠤᠰᠤᠳ ᠤᠴᠢᠷ ᠶᠠᠪᠤᠳᠠᠯ᠃               ᠬᠤᠶᠠᠷ ᠵᠠᠭᠤ ᠵᠢᠷᠠᠡ ᠬᠤᠶᠠᠳᠤᠭᠠᠷ ᠵᠦᠢᠯ ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠪᠠ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ ᠵᠡᠷᠭᠡ ᠳᠤ ᠲᠤᠤᠷ᠎ᠠ ᠵᠢᠭᠰᠠᠭᠠᠭᠰᠠᠨ ᠲᠤᠭᠳᠠᠭᠠᠯ ᠶᠤᠰᠤᠭᠠᠷ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠄         ︵ᠨᠢᠭᠡ︶ ᠲᠣᠰᠬᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ ᠠᠴᠠ ᠬᠠᠣᠯᠢ ᠶᠣᠰᠣᠭᠠᠷ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ︔               ︵ᠬᠤᠶᠠᠷ︶ ᠲᠣᠰᠬᠤᠨ ᠤ ᠲᠤᠳᠤᠷᠠᠬᠢ ᠬᠤᠶᠠᠷ ᠠᠴᠠ ᠲᠡᠭᠡᠭᠰᠢ ᠲᠠᠷᠢᠶᠠᠴᠢᠨ ᠤ ᠬᠠᠮᠳᠤ ᠶᠢᠨ ᠦᠮᠴᠢᠯᠡᠯ ᠳᠤ ᠲᠤᠰ ᠲᠤᠰ ᠬᠠᠷᠢᠶᠠᠯᠠᠭᠳᠠᠵᠤ ᠪᠠᠶᠢᠪᠠᠯ᠂ ᠲᠣᠰᠬᠤᠨ ᠤ ᠲᠤᠳᠤᠷᠠᠬᠢ ᠲᠤᠰ ᠬᠠᠮᠳᠤ ᠶᠢᠨ ᠠᠵᠤ ᠠᠬᠤᠢ ᠶᠢᠨ ᠡᠯ᠎ᠡ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠲᠤᠭᠤᠢᠢᠯᠠᠩ ᠠᠴᠠ ᠬᠠᠣᠯᠢ ᠶᠣᠰᠣᠭᠠᠷ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ︔               ︵ᠭᠤᠷᠪᠠ︶ ᠰᠢᠶᠠᠩ ᠪᠠᠯᠭᠠᠰᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ ᠰᠢᠶᠠᠩ ᠪᠠᠯᠭᠠᠰᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ᠃         ᠬᠤᠶᠠᠷ ᠵᠠᠭᠤ ᠵᠢᠷᠠᠨ ᠭᠤᠷᠪᠠᠳᠤᠭᠠᠷ ᠵᠦᠢᠯ ᠬᠤᠳᠠ ᠪᠠᠯᠭᠠᠰᠤᠨ ᠤ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠤ᠂ ᠲᠤᠰ ᠬᠠᠮᠳᠤ ᠶᠢᠨ ᠬᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠡ᠃         ᠬᠤᠶᠠᠷ ᠵᠠᠭᠤ ᠵᠢᠷᠠᠨ ᠲᠦᠷᠪᠡᠳᠤᠭᠡᠷ ᠵᠦᠢᠯ ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ᠂ ᠲᠣᠰᠬᠤᠨ ᠤ ᠠᠷᠠᠳ ᠤᠨ ᠲᠤᠭᠤᠢᠢᠯᠠᠩ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠵᠢᠴᠢ ᠲᠦᠷᠢᠮ᠂ ᠲᠣᠰᠬᠤᠨ ᠤ ᠲᠤᠬᠳᠠᠭᠠᠯ ᠠᠷᠠᠳ ᠤᠨ ᠭᠡᠷ᠎ᠡ ᠶᠤᠰᠤᠭᠠᠷ ᠲᠤᠰ ᠬᠠᠮᠳᠤ ᠶᠢᠨ ᠪᠦᠷᠢᠯᠳᠦᠬᠦᠨ ᠳᠡᠭᠡᠨ ᠬᠠᠮᠳᠤ ᠶᠢᠨ ᠡᠳ᠋ ᠬᠦᠷᠦᠩᠭᠡ ᠶᠢᠨ ᠪᠠᠶᠢᠳᠠᠯ ᠢᠶᠠᠨ ᠨᠡᠶᠢᠳᠡᠯᠡᠬᠦ ᠬᠡᠷᠡᠭᠳᠡᠢ᠃ ᠬᠠᠮᠳᠤ ᠶᠢᠨ ᠪᠦᠷᠢᠯᠳᠦᠬᠦᠨ ᠨᠢ ᠬᠤᠯᠪᠣᠭᠳᠠᠯ ᠪᠥᠬᠦᠢ ᠮᠠᠲ᠋ᠧᠷᠢᠶᠠᠯ ᠢ ᠪᠠᠶᠢᠴᠠᠭᠠᠨ ᠥᠵᠡᠬᠦ᠂ ᠪᠠᠭᠤᠯᠭᠠᠨ ᠠᠪᠬᠤ ᠡᠷᠭᠡ ᠲᠠᠢ᠃               ᠬᠤᠶᠠᠷ ᠵᠠᠭᠤ ᠵᠢᠷᠠᠨ ᠲᠠᠪᠣᠳᠣᠭᠠᠷ ᠵᠦᠢᠯ ᠬᠠᠮᠳᠤ ᠶᠢᠨ ᠦᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠡᠪᠳᠡᠬᠦ ᠶᠢ ᠴᠠᠭᠠᠵᠠᠯᠠᠨ᠎ᠠ᠃               ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠲᠣᠰᠬᠤᠨ ᠤ ᠠᠷᠠᠳ ᠤᠨ ᠵᠦᠪᠯᠡᠯ ᠪᠤᠶᠤ ᠲᠡᠬᠦᠨ ᠤ ᠬᠠᠷᠢᠭᠤᠴᠠᠯᠭᠠᠳᠠᠨ ᠤ ᠭᠠᠷᠭᠠᠭᠰᠠᠨ ᠲᠤᠭᠳᠠᠭᠠᠯ ᠨᠢ ᠬᠠᠮᠳᠤ ᠶᠢᠨ ᠪᠦᠷᠢᠯᠳᠦᠬᠦᠨ ᠤ ᠬᠠᠤᠯᠢ ᠶᠤᠰᠤᠨ ᠤ ᠡᠷᠬᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠳᠤ ᠤᠴᠠᠷᠠᠭᠰᠠᠨ ᠬᠠᠮᠳᠤ ᠶᠢᠨ ᠪᠦᠷᠢᠯᠳᠦᠬᠦᠨ ᠲᠡᠬᠦᠨ ᠢ ᠬᠦᠴᠦᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠵᠤ ᠪᠤᠯᠤᠨ᠎ᠠ᠃          ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠬᠤᠪᠢ ᠬᠦᠮᠦᠨ ᠦᠪᠡᠷ ᠤᠨ ᠢᠶᠠᠨ ᠬᠠᠤᠯᠢ ᠶᠤᠰᠤᠨ ᠤ ᠤᠷᠤᠯᠭ᠎ᠠ᠂ ᠭᠡᠷ ᠪᠠᠶᠢᠰᠢᠩ᠂ ᠠᠮᠢᠳᠤᠷᠠᠯ ᠤᠨ ᠡᠳ᠋ᠯᠡᠯ ᠬᠡᠷᠡᠭᠰᠡᠯ᠂ ᠦᠢᠯᠡᠳᠪᠦᠷᠢᠯᠡᠯ ᠤᠨ ᠪᠠᠭᠠᠵᠢ᠂ ᠲᠦᠬᠦᠭᠡᠢ ᠮᠠᠲ᠋ᠧᠷᠢᠶᠠᠯ ᠵᠡᠷᠭᠡ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠦᠮᠴᠢᠯᠡᠯ ᠤᠨ ᠡᠷᠬᠡ ᠶᠢ ᠡᠳ᠋ᠯᠡᠨ᠎ᠠ᠃               ᠬᠤᠶᠠᠷ ᠵᠠᠭᠤ ᠵᠢᠷᠠᠨ ᠲᠣᠯᠣᠳᠤᠭᠠᠷ ᠵᠦᠢᠯ ᠬᠤᠪᠢ ᠬᠦᠮᠦᠨ ᠤ ᠬᠠᠤᠯᠢ ᠶᠤᠰᠤᠨ ᠤ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ ᠡᠪᠳᠡᠬᠦ ᠶᠢ ᠴᠠᠭᠠᠵᠠᠯᠠᠨ᠎ᠠ ᠃         ᠬᠤᠶᠠᠷ ᠵᠠᠭᠤ ᠵᠢᠷᠠᠨ ᠨᠠᠢᠮᠠᠳᠣᠭᠠᠷ ᠵᠦᠢᠯ ᠤᠯᠤᠰ᠂ ᠬᠠᠮᠳᠤ ᠨᠠᠶᠢᠳᠠ ᠪᠠ ᠬᠤᠪᠢ ᠬᠦᠮᠦᠨ ᠬᠠᠤᠯᠢ ᠶᠤᠰᠤᠭᠠᠷ ᠪᠡᠯᠡ ᠭᠠᠷᠭᠠᠵᠤ ᠬᠢᠵᠠᠭᠠᠷᠳᠣ ᠬᠠᠷᠢᠭᠤᠴᠠᠯᠭᠠᠳᠤ ᠺᠤᠮᠫᠠᠨᠢ᠂ ᠬᠤᠪᠢ ᠤᠷᠤᠭᠤᠯᠤᠭᠰᠠᠨ ᠬᠢᠵᠠᠭᠠᠷᠳᠣ ᠬᠠᠷᠢᠭᠤᠴᠠᠯᠭᠠᠳᠤ ᠺᠤᠮᠫᠠᠨᠢ ᠪᠤᠶᠤ ᠪᠤᠰᠤᠳ ᠠᠵᠤ ᠠᠬᠤᠢᠢᠯᠠᠯ ᠪᠠᠶᠢᠭᠤᠯᠵᠤ ᠪᠤᠯᠤᠨ᠎ᠠ᠃ ᠤᠯᠤᠰ᠂ ᠬᠠᠮᠳᠤ ᠨᠠᠶᠢᠳᠠ ᠪᠠ ᠬᠤᠪᠢ ᠬᠦᠮᠦᠨ ᠤ ᠦᠮᠴᠢᠯᠡᠯ ᠤᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠠᠵᠤ ᠠᠬᠤᠢᠢᠯᠠᠯ ᠳᠤ ᠤᠷᠤᠭᠤᠯᠤᠭᠰᠠᠨ ᠪᠠᠶᠢᠪᠠᠯ᠂ ᠪᠡᠯᠡ ᠭᠠᠷᠭᠠᠭᠴᠢ ᠨᠢ ᠪᠤᠯᠵᠤᠯ ᠶᠤᠰᠤᠭᠠᠷ ᠪᠤᠶᠤ ᠪᠡᠯᠡ ᠭᠠᠷᠭᠠᠭᠰᠠᠨ ᠬᠠᠷᠢᠴᠠᠯ ᠢᠶᠠᠷ ᠢᠶᠠᠨ ᠪᠡᠯᠡ ᠬᠦᠷᠦᠩᠭᠡ ᠶᠢᠨ ᠠᠰᠢᠭ ᠤᠯᠬᠤ᠂ ᠴᠢᠬᠤᠯᠠ ᠶᠡᠭᠡ ᠪᠤᠳᠤᠯᠭ᠎ᠠ ᠲᠤᠭᠳᠠᠭᠠᠬᠤ ᠵᠢᠴᠢ ᠡᠵᠡᠩᠨᠡᠨ ᠬᠠᠮᠢᠶᠠᠷᠤᠭᠴᠢ ᠶᠢ ᠰᠢᠯᠢᠬᠦ ᠵᠡᠷᠭᠡ ᠡᠷᠬᠡ ᠶᠢ ᠡᠳ᠋ᠯᠡᠬᠦ ᠶᠢᠨ ᠬᠠᠮᠳᠤ ᠡᠬᠦᠷᠭᠡ ᠪᠠᠨ ᠬᠦᠢᠴᠡᠳᠭᠡᠨ᠎ᠡ᠃               ᠬᠤᠶᠠᠷ ᠵᠠᠭᠤ ᠵᠢᠷᠠ ᠶᠢᠰᠤᠳᠤᠭᠡᠷ ᠵᠦᠢᠯ ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠦᠪᠡᠷ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠵᠢᠴᠢ ᠲᠦᠷᠢᠮ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃               ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠠᠴᠠ ᠭᠠᠳᠠᠨᠠᠬᠢ ᠬᠠᠤᠯᠢ ᠶᠢᠨ ᠬᠦᠮᠦᠨ ᠤ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢᠨ ᠡᠷᠬᠡ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠵᠢᠴᠢ ᠲᠦᠷᠢᠮ ᠤᠨ ᠲᠤᠭᠳᠠᠭᠠᠯ ᠢ ᠲᠣᠬᠢᠷᠠᠭᠤᠯᠣᠨ ᠬᠡᠷᠡᠭᠯᠡᠨ᠎ᠡ᠃               ᠬᠤᠶᠠᠷ ᠵᠠᠭᠤ ᠲᠠᠯᠠᠳᠤᠭᠠᠷ ᠵᠦᠢᠯ ᠨᠠᠶᠢᠭᠡᠮ ᠤᠨ ᠪᠦᠯᠬᠦᠮ ᠬᠠᠣᠯᠢ ᠶᠢᠨ ᠬᠥᠮᠥᠨ᠂ ᠬᠠᠨᠳᠢᠪᠯᠡᠨ ᠲᠣᠰᠠᠯᠠᠬᠤ ᠬᠠᠣᠯᠢ ᠶᠢᠨ ᠬᠥᠮᠥᠨ ᠤ ᠬᠠᠤᠯᠢ ᠶᠤᠰᠤᠭᠠᠷ ᠦᠮᠴᠢᠯᠡᠵᠤ ᠪᠠᠶᠢᠭ᠎ᠠ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠃                                         ︵ᠦᠷᠬᠦᠯᠵᠢᠯᠡᠯ ᠪᠤᠢ︶ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ