ᠺᠠᠩ ᠫᠢᠩ
ᠨᠡᠶᠢᠲᠡᠯᠡᠭᠰᠡᠨ ᠴᠠᠭ᠄
2021/7/30
康平.jpg
ᠠᠵᠢᠯ ᠤᠨ ᠬᠤᠪᠢᠶᠠᠷᠢ᠄         ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠭᠠᠳᠠᠭᠠᠳᠤ ᠯᠤᠭ᠎ᠠ ᠨᠡᠭᠡᠭᠡᠯᠲᠡ ᠬᠢᠬᠦ ᠵᠢᠴᠢ ᠪᠣᠭᠤᠮᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠺᠠᠩ ᠢᠦᠢ ᠰᠣᠷᠭᠠᠨ ᠬᠦᠮᠦᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠲᠣᠪᠴᠢ ᠨᠠᠮᠳᠠᠷ᠄         ᠺᠠᠩ ᠫᠢᠩ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 12 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠭᠤᠷᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠳᠣᠰ ᠰᠦᠯᠵᠢᠶ᠎ᠡ