ᠰᠦᠯᠵᠢᠶᠡᠨ ᠵᠢᠭᠡᠯᠡᠯᠭᠡ ᠠᠴᠠ ᠰᠡᠷᠡᠮᠵᠢ ᠲᠠᠢ ᠪᠠᠶᠢᠪᠠᠯ ᠵᠤᠬᠢᠨ᠎ᠠ
ᠨᠡᠶᠢᠲᠡᠯᠡᠭᠰᠡᠨ ᠴᠠᠭ᠄
2021/7/6
        ᠰᠦᠯᠵᠢᠶᠡᠨ ᠵᠢᠭᠡᠯᠡᠯᠭᠡ ᠶᠢᠨ ᠲᠠᠪᠴᠠᠩ ᠪᠤᠯ ᠨᠢᠭᠡ ᠵᠦᠢᠯ ᠤᠨ ᠤᠯᠠᠮᠵᠢᠯᠠᠯᠳᠤ ᠮᠠᠶ᠋ᠢᠬ ᠤᠨ ᠵᠢᠭᠡᠯᠡᠯᠭᠡ ᠪᠤᠯᠤᠨ ᠰᠦᠯᠵᠢᠶ᠎ᠡ ᠶᠢ ᠬᠠᠷᠢᠯᠴᠠᠨ ᠤᠶᠠᠯᠳᠤᠭᠤᠯᠤᠬᠰᠠᠨ ᠰᠦᠯᠵᠢᠶᠡᠨ ᠤ ᠮᠦᠡᠭᠭᠦᠨ ᠭᠦᠢᠯᠭᠡᠭᠡᠨ ᠤ ᠵᠢᠭᠡᠯᠡᠯᠭᠡ ᠶᠢᠨ ᠲᠠᠪᠴᠠᠩ ᠪᠤᠯᠤᠨ᠎ᠠ᠃ ᠲᠡᠷᠡ ᠨᠢ ᠰᠦᠯᠵᠢᠶᠡᠨ ᠤ ᠮᠡᠷᠭᠡᠵᠢᠯ ᠳᠤ ᠲᠦᠰᠢᠭᠯᠡᠨ ᠵᠢᠭᠡᠯᠡᠭᠴᠢ ᠪᠤᠯᠤᠨ ᠵᠢᠭᠡᠯᠡᠭᠦᠯᠦᠭᠴᠢ ᠬᠤᠶᠠᠷ ᠡᠳᠡᠭᠡᠳ ᠢ ᠰᠦᠯᠵᠢᠶᠡᠨ ᠵᠢᠭᠡᠯᠡᠯᠭᠡ ᠶᠢᠨ ᠲᠠᠪᠴᠠᠩ ᠤᠨ ᠬᠤᠶᠠᠷ ᠲᠠᠯ᠎ᠠ ᠪᠤᠯᠭᠠᠨ ᠬᠤᠪᠢᠷᠠᠭᠤᠯᠵᠤ ᠰᠦᠯᠵᠢᠶᠡᠨ ᠲᠡᠭᠡᠷ᠎ᠡ ᠶᠠᠪᠤᠬᠳᠠᠳᠠᠬ ᠮᠦᠡᠭᠭᠦᠨ ᠭᠦᠢᠯᠭᠡᠭᠡᠨ ᠤ ᠨᠢᠭᠡ ᠵᠦᠢᠯ ᠤᠨ ᠬᠡᠯᠪᠡᠷᠢ ᠪᠤᠯᠤᠬᠰᠠᠨ ᠪᠠᠶᠢᠨ᠎ᠠ ᠃             ᠰᠦᠯᠵᠢᠶᠡᠨ ᠵᠢᠭᠡᠯᠡᠯᠭᠡ ᠶᠢᠨ ᠲᠠᠪᠴᠠᠩ ᠨᠢ ᠨᠦᠬᠦᠴᠡᠯ ᠱᠠᠭᠠᠷᠳᠠᠯᠭ᠎ᠠ ᠪᠠᠷ ᠲᠤᠤᠷ᠎ᠠ᠂ ᠵᠢᠭᠡᠯᠡᠯᠭᠡ ᠶᠢᠨ ᠶᠠᠪᠤᠴᠠ ᠨᠢ ᠲᠦᠭᠦᠮ ᠵᠡᠷᠭᠡ ᠲᠠᠪᠠᠭᠤᠯᠢᠬ ᠲᠠᠯ᠎ᠠ ᠪᠠᠷ ᠢᠶᠠᠨ ᠦᠪᠡᠷ ᠤᠨ ᠭᠡᠬᠦ ᠤᠷᠤᠨ ᠪᠠᠶᠢᠷᠢ ᠪᠠᠨ ᠡᠵᠡᠯᠡᠵᠤ᠂ ᠲᠤᠩ ᠤᠯᠠᠨ ᠬᠡᠷᠡᠭᠯᠡᠭᠴᠢᠳ ᠲᠠᠢ ᠪᠠᠶᠢᠳᠠᠭ᠃ ᠤᠨᠴᠠᠭᠠᠢᠢᠯᠠᠨ ᠶᠡᠭᠡ ᠲᠡᠭᠡᠳᠦ ᠰᠤᠷᠭᠠᠭᠤᠯᠢ ᠶᠢᠨ ᠰᠤᠷᠤᠬᠴᠢᠳ ᠤᠨ ᠬᠦᠷᠢᠶᠡᠯᠡᠯ ᠢ ᠤᠯᠵᠤ᠂ ᠰᠦᠯᠵᠢᠶᠡᠨ ᠵᠢᠭᠡᠯᠡᠯᠭᠡ ᠶᠡᠭᠡ ᠰᠤᠷᠭᠠᠭᠤᠯᠢ ᠶᠢᠨ ᠬᠦᠷᠢᠶᠡᠨ ᠳᠤ ᠶᠡᠭᠡ ᠪᠠᠷ ᠵᠠᠢ ᠠᠪᠴᠤ᠂ ᠵᠠᠷᠢᠮ ᠨᠢ ᠲᠦᠢᠯ ᠤᠨ ᠮᠠᠭᠤ ᠨᠠᠶᠢᠬᠡᠮ ᠤᠨ ᠬᠤᠤᠷ ᠬᠦᠨᠦᠭᠡᠯ ᠢ ᠭᠠᠷᠭᠠᠬᠰᠠᠨ ᠪᠠᠶᠢᠨ᠎ᠠ᠃ ᠢᠨᠲᠧᠷ ᠰᠦᠯᠵᠢᠶᠡᠨ ᠤ ᠮᠡᠷᠭᠡᠵᠢᠯ ᠬᠢᠭᠡᠳ ᠮᠦᠡᠭᠭᠦᠨ ᠭᠦᠢᠯᠭᠡᠭᠡᠨ ᠤ ᠵᠠᠬ᠎ᠠ ᠲᠡᠯᠭᠡᠭᠦᠷ ᠤᠨ ᠲᠠᠰᠤᠷᠠᠯᠳᠠ ᠦᠭᠡᠢ ᠬᠦᠭᠵᠢᠯᠳᠡ ᠶᠢ ᠲᠠᠭᠠᠯᠳᠤᠨ ᠡᠯ᠎ᠡ ᠵᠦᠢᠯ ᠤᠨ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠵᠢᠭᠡᠯᠡᠯᠭᠡ ᠬᠤᠷ ᠎ᠠ ᠶᠢᠨ ᠲᠠᠷᠠᠭᠠᠬᠢ ᠬᠤᠯᠤᠰᠤᠨ ᠰᠦᠶ᠎ᠡ ᠮᠡᠳᠦ ᠶᠡᠭᠡ ᠲᠡᠭᠡᠳᠦ ᠰᠤᠷᠭᠠᠭᠤᠯᠢ ᠶᠢᠨ ᠬᠦᠷᠢᠶᠡᠨ ᠳᠤ ᠬᠦᠭᠵᠢᠯ ᠢᠶᠠᠨ ᠤᠯᠵᠤ᠂ ᠨᠢᠭᠡ ᠲᠠᠯ ᠎ᠠ ᠪᠠᠷ ᠶᠡᠭᠡ ᠰᠤᠷᠭᠠᠭᠤᠯᠢ ᠶᠢᠨ ᠰᠤᠷᠤᠬᠴᠢᠳ ᠤᠨ ᠪᠡᠯᠡ ᠮᠦᠡᠭᠭᠦᠨ ᠤ ᠬᠡᠷᠡᠭᠴᠡᠭᠡ ᠶᠢ ᠬᠠᠨᠭ᠍ᠭᠠᠬᠤ ᠳᠤ ᠲᠦᠭᠦᠮ ᠦᠵᠡᠭᠦᠯᠵᠤ᠂ ᠨᠦᠭᠦᠭᠡ ᠲᠠᠯ ᠎ᠠ ᠪᠠᠷ ᠲᠡᠭᠦᠨ ᠤ ᠬᠦᠤ ᠮᠦᠡᠭᠭᠦ ᠨᠢ ᠦᠨᠳᠦᠷ᠂ ᠭᠡᠷ᠎ᠡ ᠶᠢ ᠵᠦᠷᠢᠴᠡᠭᠰᠡᠨ ᠲᠦᠯᠦᠪᠦᠷᠢ ᠨᠢ ᠦᠨᠳᠦᠷ᠂ ᠦᠢᠯᠡᠴᠢᠯᠡᠭᠡᠨ ᠤ ᠰᠦᠢᠳᠬᠡᠯ ᠨᠢ ᠦᠨᠳᠦᠷ ᠵᠡᠷᠭᠡ ᠤᠨᠴᠠᠯᠢᠬ ᠢᠶᠠᠷ ᠢᠶᠠᠨ ᠬᠦᠨᠳᠦ ᠨᠤᠴᠢᠳᠡᠢ ᠬᠤᠬᠢᠷᠠᠯ ᠤᠴᠠᠷᠠᠭᠤᠯᠵᠤ ᠪᠠᠶᠢᠭ᠎ᠠ ᠦᠵᠡᠭᠳᠡᠯ ᠴᠦᠭᠡᠨ ᠪᠤᠰᠤ ᠪᠤᠢ᠃ ᠵᠢᠱᠢᠶᠡᠯᠡᠪᠡᠯ ᠨᠢᠭᠡᠨ ᠮᠡᠳᠡᠭᠡᠯᠡᠯ ᠳᠤ ᠮᠡᠳᠡᠭᠡᠯᠡᠭᠰᠡᠨ ᠢᠶᠠᠷ᠂ ᠴᠠᠩᠱᠠ ᠬᠤᠳᠠ ᠶᠢᠨ ᠨᠢᠭᠡᠨ ᠶᠡᠭᠡ ᠰᠤᠷᠭᠠᠭᠤᠯᠢ ᠶᠢᠨ ᠰᠤᠷᠤᠬᠴᠢᠳ ︽ᠵᠢᠭᠡᠯᠡᠯᠭᠡ ᠪᠠᠷ ᠭᠠᠷ ᠤᠳᠠᠰᠤ ᠬᠤᠳᠠᠯᠳᠤᠨ ᠠᠪᠬᠤ︾ ᠮᠡᠬᠡᠯᠡᠯ ᠳᠤ ᠤᠴᠠᠷᠠᠵᠤ᠂ 40 ᠭᠠᠷᠤᠢ ᠬᠦᠮᠦᠨ 37 ᠲᠦᠮᠡᠨ ᠲᠦᠭᠦᠷᠢᠭ ᠤᠨ ᠲᠦᠯᠦᠪᠦᠷᠢ ᠳᠤ ᠤᠷᠤᠵᠡᠢ︔ ᠬᠤᠨᠠᠨ ᠮᠤᠵᠢ ᠶᠢᠨ ᠨᠢᠭᠡᠨ ᠶᠡᠭᠡ ᠰᠤᠷᠭᠠᠭᠤᠯᠢ ᠶᠢᠨ ᠰᠤᠷᠤᠬᠴᠢ ᠭᠠᠷ ᠤᠳᠠᠰᠤ ᠠᠪᠬᠤ ᠶᠢᠨ ᠲᠦᠯᠦᠭᠡ 3 ᠲᠦᠮᠡᠨ ᠲᠦᠭᠦᠷᠢᠭ ᠤᠨ ᠵᠢᠭᠡᠯᠡᠯᠭᠡ ᠠᠪᠤᠬᠰᠠᠨ ᠤ ᠲᠠᠷᠠᠭ᠎ᠠ ᠲᠦᠯᠦᠵᠦ ᠲᠡᠶᠢᠯᠬᠦ ᠦᠭᠡᠢ ᠪᠤᠯᠵᠤ ᠪᠤᠰᠤᠳ ᠵᠢᠭᠡᠯᠡᠯᠭᠡ ᠶᠢᠨ ᠺᠤᠮᠫᠠᠨᠢ ᠠᠴᠠ ᠵᠢᠭᠡᠯᠡᠯᠭᠡ ᠠᠪᠴᠤ ᠵᠡᠭᠦᠨ ᠬᠡᠷᠡᠮ ᠢᠶᠠᠨ ᠨᠤᠷᠠᠭᠠᠨ ᠪᠠᠷᠠᠭᠤᠨ ᠬᠡᠷᠡᠮ ᠢᠶᠠᠨ ᠪᠦᠭᠯᠡᠭᠰᠡᠭᠡᠷ ᠪᠠᠶᠢᠭᠠᠳ ᠬᠡᠳᠦᠨ ᠺᠤᠮᠫᠠᠨᠢ ᠳᠤ ᠨᠡᠶᠢᠳᠡ 70 ᠲᠦᠮᠡᠨ ᠲᠦᠭᠦᠷᠢᠭ ᠦᠷᠢᠳᠦᠵᠡᠢ︔ ᠪᠠᠰᠠ ᠬᠠᠨᠭ᠍ᠵᠸᠤ ᠶᠢᠨ ᠨᠢᠭᠡᠨ ᠶᠡᠭᠡ ᠰᠤᠷᠭᠠᠭᠤᠯᠢ ᠶᠢᠨ ᠰᠤᠷᠤᠬᠴᠢ ᠠᠷᠠᠯᠵᠢᠶ᠎ᠠ ᠬᠢᠬᠦ ᠨᠡᠷ᠎ᠡ ᠪᠠᠷ ᠤᠯᠠᠨ ᠬᠠᠮᠳᠤ ᠰᠤᠷᠤᠬᠴᠢ ᠪᠠᠨ ᠮᠡᠬᠡᠯᠡᠵᠤ ᠲᠡᠳᠡᠨ ᠢᠶᠠᠷ ᠨᠡᠶᠢᠳᠡ 20 ᠲᠦᠮᠡᠨ ᠲᠦᠭᠦᠷᠢᠭ ᠤᠨ ᠵᠢᠭᠡᠯᠡᠯᠭᠡ ᠠᠪᠤᠭᠤᠯᠤᠭᠠᠳ ᠪᠦᠬᠦᠨ ᠢ ᠵᠤᠭᠤᠰ ᠮᠦᠷᠦ᠋ᠢᠴᠡᠬᠦ ᠳᠤ ᠵᠠᠷᠤᠴᠠᠭᠤᠯᠵᠤ ᠱᠦᠭᠦᠭᠳᠡᠵᠤ ᠪᠠᠷᠠᠬᠰᠠᠨ ᠪᠠᠶᠢᠨ᠎ᠠ ᠃             ᠲᠡᠭᠡᠷᠡᠬᠢ ᠵᠢᠱᠢᠶ᠎ᠠ ᠨᠦᠭᠦᠳ ᠠᠴᠠ ᠦᠵᠡᠪᠡᠯ ᠰᠦᠯᠵᠢᠶᠡᠨ ᠵᠢᠭᠡᠯᠡᠯᠭᠡ ᠨᠢ ᠨᠢᠭᠡ ᠳᠤ ᠰᠤᠷᠤᠬᠴᠢᠳ ᠤᠨ ᠰᠤᠷᠤᠯᠭ᠎ᠠ ᠶᠢ ᠨᠦᠯᠦᠭᠡᠯᠡᠨ᠎ᠡ᠃ ᠰᠦᠯᠵᠢᠶᠡᠨ ᠵᠢᠭᠡᠯᠡᠯᠭᠡ ᠨᠢ ᠬᠤᠭᠤᠴᠠᠭ᠎ᠠ ᠬᠤᠪᠢᠶᠠᠨ ᠲᠦᠯᠦᠬᠦ ᠪᠤᠯᠬᠤᠷ ᠤᠶᠤᠳᠠᠳ ᠲᠤ ᠤᠷᠢᠳᠴᠢᠯᠠᠬᠰᠠᠨ ᠬᠡᠷᠡᠭᠯᠡᠭᠡ ᠬᠢᠬᠦ ᠨᠦᠬᠦᠴᠡᠯ ᠢ ᠪᠦᠷᠢᠯᠳᠦᠭᠦᠯᠦᠭᠡᠰᠡᠨ ᠠᠴᠠ ᠵᠠᠷᠢᠮ ᠨᠢ ᠶᠡᠭᠡ ᠬᠡᠮᠵᠢᠶᠡᠨ ᠤ ᠦᠷᠢ ᠴᠢᠷᠦᠭᠳᠡᠯ ᠳᠤ ᠤᠨᠠᠵᠤ᠂ ᠡᠴᠢᠭᠡ ᠡᠬᠡ ᠳᠡᠭᠡᠨ ᠠᠵᠤ ᠠᠬᠤᠢ ᠶᠢᠨ ᠲᠠᠷᠤᠭᠠᠰᠤ ᠶᠢ ᠠᠪᠴᠢᠷᠠᠳᠠᠬ︔ ᠬᠤᠶᠠᠷ ᠲᠤ ᠰᠤᠷᠤᠬᠴᠢᠳ ᠤᠨ ᠰᠡᠳᠬᠢᠴᠡ ᠶᠢᠨ ᠭᠠᠵᠢᠭᠤᠳᠠᠯ ᠢ ᠪᠤᠢ ᠪᠤᠯᠭᠠᠵᠤ᠂ ᠴᠢᠨᠠᠬᠰᠢᠯᠠᠨ ᠭᠤᠨᠢᠬᠳᠤ ᠦᠷ ᠎ᠡ ᠳ᠋ᠦᠡᠭ ᠳᠤ ᠬᠦᠷᠭᠡᠳᠡᠭ ᠪᠠᠶᠢᠨ᠎ᠠ᠃ ᠰᠦᠯᠵᠢᠶᠡᠨ ᠵᠢᠭᠡᠯᠡᠯᠭᠡ ᠶᠢᠨ ᠲᠠᠪᠴᠠᠩ ᠤᠨ ᠢᠳᠡᠭᠡᠮᠵᠢᠳᠤ ᠵᠢᠭᠡᠯᠡᠯᠭᠡ ᠶᠢᠨ ᠲᠤᠬᠳᠠᠴᠠ ᠪᠦᠷᠢᠨ ᠲᠡᠭᠦᠯᠳᠡᠷ ᠪᠤᠰᠤ᠂ ᠵᠢᠭᠡᠯᠡᠭᠴᠢ ᠶᠢᠨ ᠬᠠᠤᠯᠢ ᠶᠤᠰᠤᠨ ᠤ ᠡᠷᠬᠡ ᠠᠰᠢᠬ ᠪᠠᠳᠤᠯᠠᠭ᠎ᠠ ᠦᠭᠡᠢ᠂ ᠬᠠᠮᠢᠶᠠᠷᠤᠯᠳᠠ ᠶᠢᠨ ᠲᠦᠭᠰᠢᠭᠦᠷᠢ ᠲᠠᠢ ᠵᠡᠷᠭᠡ ᠬᠠᠤᠯᠢ ᠴᠠᠭᠠᠵᠠ ᠶᠢᠨ ᠠᠰᠠᠭᠤᠳᠠᠯ ᠤᠷᠤᠰᠢᠵᠤ ᠪᠠᠶᠢᠭ᠎ᠠ ᠪᠤᠯᠬᠤᠷ ᠪᠢᠳᠠ ᠰᠦᠯᠵᠢᠶᠡᠨ ᠵᠢᠭᠡᠯᠡᠯᠭᠡ ᠠᠴᠠ ᠰᠡᠷᠡᠮᠵᠢ ᠲᠠᠢ ᠪᠠᠶᠢᠬᠤ ᠴᠢᠬᠤᠯᠠᠳᠡᠢ ᠪᠠᠶᠢᠨ᠎ᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ