ᠬᠤᠤᠷᠳᠤ ᠡᠳ᠋ ᠠᠴᠠ ᠬᠤᠯᠠᠬᠠᠨ ᠪᠠᠶᠢᠶ᠎ᠠ
ᠨᠡᠶᠢᠲᠡᠯᠡᠭᠰᠡᠨ ᠴᠠᠭ᠄
2021/8/11
        ᠬᠤᠤᠷᠳᠤ ᠡᠳ᠋ ᠨᠢ ᠬᠦᠮᠦᠨ ᠤ ᠪᠡᠶ᠎ᠡ ᠮᠠᠬᠠᠪᠤᠳ ᠲᠤ ᠬᠤᠤᠷ ᠬᠦᠨᠦᠬᠡᠯ ᠠᠪᠴᠢᠷᠠᠬᠤ ᠪᠠᠷ ᠪᠠᠷᠠᠬᠤ ᠦᠬᠡᠢ᠂ ᠰᠡᠳᠬᠢᠴᠡ ᠶᠢᠨ ᠡᠷᠡᠬᠦᠯ ᠮᠡᠨᠳᠦ ᠶᠢ ᠴᠤ ᠬᠤᠬᠢᠷᠠᠭᠤᠯᠳᠠᠭ ᠶᠤᠮ᠃ ᠬᠤᠤᠷᠳᠤ ᠡᠳ᠋ ᠲᠠᠢ ᠤᠢᠢᠷᠠᠳᠤᠭᠠᠳ ᠬᠤᠤᠷ ᠤᠨ ᠰᠢᠨᠤᠯ ᠲᠠᠢ ᠪᠤᠯᠪᠠᠯ ᠠᠯᠢᠪᠠ ᠪᠦᠬᠦᠨ ᠢᠶᠠᠨ ᠦᠪᠡᠷ ᠤᠨ ᠰᠠᠨᠠᠭ᠎ᠠ ᠪᠠᠷ ᠢᠶᠠᠨ ᠡᠵᠡᠮᠳᠡᠵᠦ ᠲᠡᠶᠢᠯᠬᠦ ᠦᠬᠡᠢ ᠪᠤᠯᠤᠨ᠎ᠠ᠃ ᠪᠢᠳᠠ ᠬᠤᠤᠷᠳᠤ ᠡᠳ᠋ ᠠᠴᠠ ᠬᠤᠯᠠᠬᠠᠨ ᠵᠠᠶᠢᠯᠠᠵᠤ᠂ ᠪᠡᠶ᠎ᠡ ᠰᠡᠳᠬᠢᠴᠡ ᠡᠷᠡᠬᠦᠯ ᠴᠢᠬᠢᠷᠠᠭ᠂ ᠦᠬᠡᠳᠡᠷᠬᠡᠭ ᠰᠠᠶᠢᠬᠠᠨ ᠠᠮᠢᠳᠤᠷᠠᠵᠠᠭᠠᠶ᠎ᠠ︕        ᠬᠤᠤᠷᠳᠤ ᠡᠳ᠋ ᠬᠡᠵᠦ ᠶᠠᠭᠤ ᠪᠤᠢ︖              ᠮᠠᠨ ᠤ ᠤᠯᠤᠰ ᠤᠨ ︽ᠡᠷᠡᠬᠦᠦ ᠶᠢᠨ ᠬᠠᠤᠯᠢ︾ ᠶᠢᠨ 357 ᠳ᠋ᠤᠭᠠᠷ ᠵᠦᠢᠯ ᠤᠨ ᠲᠤᠭᠳᠠᠭᠠᠯ ᠢ ᠦᠨᠳᠦᠰᠦᠯᠡᠪᠡᠯ᠂ ᠬᠤᠤᠷᠳᠤ ᠡᠳ᠋ ᠬᠡᠳᠡᠭ ᠨᠢ ᠬᠠᠷ᠎ᠠ ᠲᠠᠮᠠᠬᠢ᠂ ᠾᠧᠷᠦᠶ᠋ᠢᠨ᠂ ᠮᠧᠲ᠋ᠢᠯ ᠪᠧᠨ᠋ᠽᠧᠨᠳᠤᠫᠷᠦᠫᠢᠯ ᠠᠮᠢᠨ ︵ᠮᠦᠰᠦᠨ ᠬᠤᠤᠷ︶᠂ ᠮᠤᠷᠹᠢ᠂ ᠳ᠋ᠠᠮᠠ᠂ ᠺᠤᠺᠠᠶ᠋ᠢᠨ ᠵᠢᠴᠢ ᠤᠯᠤᠰ ᠠᠴᠠ ᠵᠠᠬᠢᠷᠤᠨ ᠬᠠᠮᠢᠶᠠᠷᠬᠤ ᠪᠠᠷ ᠲᠤᠭᠳᠠᠭᠠᠭᠰᠠᠨ ᠬᠦᠮᠦᠨ ᠢ ᠰᠢᠨᠤᠯ ᠲᠠᠢ ᠪᠤᠯᠭᠠᠬᠤ ᠮᠢᠨᠴᠦᠬᠦᠷᠡᠬᠦᠯᠬᠦ ᠡᠮ ᠪᠠ ᠮᠡᠳᠡᠷᠡᠯ ᠤᠨ ᠡᠮ ᠢ ᠵᠢᠭᠠᠵᠤ ᠪᠠᠶᠢᠨ᠎ᠠ᠃              ᠬᠤᠤᠷᠳᠤ ᠡᠳ᠋ ᠨᠢ ᠬᠦᠮᠦᠨ ᠤ ᠪᠡᠶ᠎ᠡ ᠳᠤ ᠶᠠᠮᠠᠷ ᠬᠤᠤᠷ ᠬᠦᠨᠦᠬᠡᠯ ᠲᠠᠢ ᠪᠤᠢ︖              ᠬᠤᠤᠷ ᠲᠠᠳᠠᠬᠤ ᠨᠢ ᠬᠦᠮᠦᠨ ᠤ ᠵᠢᠷᠦᠬᠡ᠂ ᠠᠭᠤᠰᠬᠢ᠂ ᠡᠯᠢᠬᠡ ᠵᠡᠷᠬᠡ ᠡᠷᠬᠡᠳᠡᠨ ᠢ ᠬᠡᠮᠳᠦᠬᠡᠵᠦ᠂ ᠬᠦᠮᠦᠨ ᠤ ᠹᠢᠽᠢᠦᠯᠤᠬᠢ ᠶᠢᠨ ᠠᠵᠢᠯᠯᠠᠭ᠎ᠠ ᠪᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠡᠪᠳᠡᠬᠦ ᠶᠢᠨ ᠬᠠᠮᠳᠤ ᠤᠯᠠᠨ ᠵᠦᠢᠯ ᠤᠨ ᠡᠪᠡᠳᠴᠢᠨ ᠡᠮᠬᠡᠭ ᠢ ᠡᠬᠦᠰᠬᠡᠵᠦ᠂ ᠬᠤᠤᠷ ᠲᠠᠳᠠᠬᠤ ᠬᠡᠮᠵᠢᠶ᠎ᠡ ᠨᠢ ᠬᠡᠳᠦᠷᠡᠪᠡᠯ ᠬᠡᠨᠡᠳᠳᠡ ᠪᠠᠷ ᠦᠬᠦᠬᠦ ᠠᠶᠤᠯ ᠲᠠᠢ ᠶᠤᠮ᠃              ᠡᠬᠦᠨ ᠠᠴᠠ ᠭᠠᠳᠠᠨ᠎ᠠ ᠬᠤᠤᠷᠳᠤ ᠡᠳ᠋ ᠨᠢ ᠬᠦᠮᠦᠨ ᠤ ᠪᠡᠶ᠎ᠡ ᠶᠢᠨ ᠮᠡᠳᠡᠷᠡᠯ ᠤᠨ ᠰᠢᠰᠲ᠋ᠧᠮ᠂ ᠠᠮᠢᠰᠬᠤᠯ ᠤᠨ ᠰᠢᠰᠲ᠋ᠧᠮ᠂ ᠰᠢᠩᠭᠡᠭᠡᠯᠳᠡ ᠶᠢᠨ ᠰᠢᠰᠲ᠋ᠧᠮ᠂ ᠡᠬᠡᠯᠢᠯᠡᠭᠡ ᠶᠢᠨ ᠰᠢᠰᠲ᠋ᠧᠮ ᠵᠡᠷᠬᠡ ᠳᠤ ᠪᠦᠷ ᠬᠤᠤᠷ ᠬᠦᠨᠦᠬᠡᠯ ᠲᠠᠢ ᠪᠠᠶᠢᠳᠠᠭ᠃ ᠤᠯᠠᠩᠭᠢ ᠬᠤᠤᠷ ᠲᠠᠲᠠᠭᠰᠠᠳ ᠤᠨ ᠬᠡᠢ ᠰᠡᠷᠡᠯᠳᠡ ᠪᠠ ᠤᠬᠠᠭᠠᠨ ᠨᠢ ᠡᠬᠡᠳᠡᠷᠡᠬᠦ ᠦᠵᠡᠭᠳᠡᠯ ᠢᠯᠡᠷᠡᠳᠡᠭ᠃ ᠤᠷᠳᠤ ᠬᠤᠭᠤᠴᠠᠭ᠎ᠠ ᠪᠠᠷ ᠬᠤᠤᠷ ᠲᠠᠲᠠᠪᠠᠯ ᠬᠦᠮᠦᠨ ᠤ ᠮᠡᠳᠡᠷᠡᠯ ᠤᠨ ᠰᠢᠰᠲ᠋ᠧᠮ ᠤᠨ ᠲᠤᠰᠬᠠᠯ ᠢ ᠤᠳᠠᠭᠠᠰᠢᠷᠠᠭᠤᠯᠵᠤ᠂ ᠮᠡᠳᠡᠷᠡᠯ ᠢ ᠬᠡᠪ ᠤᠨ ᠪᠤᠰᠤ ᠪᠤᠯᠭᠠᠵᠤ᠂ ᠮᠡᠳᠡᠷᠡᠯ ᠤᠨ ᠡᠪᠡᠳᠴᠢᠨ ᠤ ᠰᠢᠨᠵᠢ ᠲᠡᠮᠳᠡᠭ ᠢᠯᠡᠷᠡᠨ᠎ᠡ᠃              ᠬᠤᠤᠷ ᠲᠠᠲᠠᠬᠤ ᠦᠢᠯᠡ ᠠᠵᠢᠯᠯᠠᠭ᠎ᠠ ᠶᠢ ᠶᠠᠭᠠᠬᠢᠵᠤ ᠰᠢᠢᠳᠬᠡᠳᠡᠭ ᠪᠤᠢ︖              ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ︽ᠬᠤᠤᠷᠳᠤ ᠡᠳ᠋ ᠢ ᠴᠠᠭᠠᠵᠠᠯᠠᠬᠤ ᠲᠤᠬᠠᠢ ᠲᠤᠭᠳᠠᠭᠠᠯ︾ ᠤᠨ ᠨᠠᠢᠮᠠᠳᠤᠭᠠᠷ ᠵᠤᠷᠪᠤᠰ ᠲᠤ᠄ ︽ᠬᠤᠤᠷ ᠲᠠᠲᠠᠬᠤ᠂ ᠬᠤᠤᠷᠳᠤ ᠡᠳ᠋ ᠤᠨ ᠲᠠᠷᠢᠯᠭ᠎ᠠ ᠬᠢᠭᠰᠡᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ 15 ᠡᠳᠦᠷ ᠠᠴᠠ ᠲᠤᠷᠤᠭᠰᠢ ᠲᠦᠷ ᠬᠤᠷᠢᠵᠤ᠂ 2000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠬᠤ ᠪᠦᠬᠡᠳ ᠬᠤᠤᠷ ᠲᠠᠳᠠᠬᠤ ᠪᠠᠭᠠᠵᠢ ᠪᠠ ᠬᠤᠤᠷᠳᠤ ᠡᠳ᠋ ᠤᠨ ᠲᠠᠷᠢᠯᠭ᠎ᠠ ᠶᠢᠨ ᠪᠠᠭᠠᠵᠢ ᠬᠡᠷᠡᠭᠰᠡᠯ ᠢ ᠬᠤᠷᠢᠶᠠᠨ ᠠᠪᠤᠨ᠎ᠠ ᠃ ᠬᠤᠤᠷ ᠲᠠᠲᠠᠭᠠᠳ ᠰᠢᠨᠤᠯ ᠲᠠᠢ ᠪᠤᠯᠤᠭᠰᠠᠨ ᠪᠠᠶᠢᠪᠠᠯ ᠡᠮᠦᠨᠡᠬᠢ ᠲᠤᠭᠳᠠᠭᠠᠯ ᠶᠤᠰᠤᠭᠠᠷ ᠰᠢᠢᠳᠬᠡᠬᠦ ᠠᠴᠠ ᠭᠠᠳᠠᠨ᠎ᠠ ᠬᠤᠤᠷ ᠲᠠᠲᠠᠬᠤ ᠶᠢ ᠠᠯᠪᠠᠳᠠᠯᠭ᠎ᠠ ᠪᠠᠷ ᠬᠤᠷᠢᠭᠯᠠᠨ᠂ ᠡᠮᠨᠡᠨ ᠵᠠᠰᠠᠵᠤ᠂ ᠰᠤᠷᠭᠠᠨ ᠬᠦᠮᠦᠵᠢᠬᠦᠯᠦᠨ᠎ᠠ᠃ ᠠᠯᠪᠠᠳᠠᠯᠭ᠎ᠠ ᠪᠠᠷ ᠬᠤᠷᠢᠭᠯᠠᠭᠰᠠᠨ ᠤ ᠲᠠᠷᠠᠭ᠎ᠠ ᠪᠠᠰᠠ ᠬᠤᠤᠷ ᠲᠠᠳᠠᠪᠠᠯ ᠬᠤᠷᠢᠵᠤ ᠬᠦᠳᠡᠯᠮᠦᠷᠢ ᠪᠠᠷ ᠬᠦᠮᠦᠵᠢᠬᠦᠯᠬᠦ ᠶᠢᠨ ᠲᠠᠭᠠᠤ ᠬᠤᠤᠷ ᠲᠠᠲᠠᠬᠤ ᠶᠢ ᠠᠯᠪᠠᠳᠠᠯᠭ᠎ᠠ ᠪᠠᠷ ᠬᠤᠷᠢᠭᠯᠠᠨ᠎ᠠ︾ ᠬᠡᠵᠦ ᠲᠤᠭᠳᠠᠭᠠᠵᠠᠢ᠃              ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠦᠬᠡᠬᠡᠪᠦᠷᠢᠯᠡᠭᠰᠡᠨ᠂ ᠦᠢᠯᠡᠳᠦᠭᠰᠡᠨ ᠬᠤᠤᠷᠳᠤ ᠡᠳ᠋ ᠨᠢ 50 ᠭᠷᠠᠮ ᠳᠤ ᠬᠦᠷᠪᠡᠯ ᠠᠯᠠᠬᠤ ᠶᠠᠯ᠎ᠠ ᠪᠠᠷ ᠰᠢᠢᠳᠬᠡᠨ᠎ᠡ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ