ᠬᠢᠶ᠎ᠠ ᠪᠠᠭᠰᠢ ᠶᠢᠨ ᠤᠰᠤ ᠬᠠᠩᠭᠠᠬᠤ ᠦᠢᠯᠡᠴᠢᠯᠡᠭᠡᠨ ᠤ ᠨᠢᠭᠡ ᠥᠷᠲᠡᠭᠡᠨ ᠤ ᠬᠡᠷᠡᠭᠯᠡᠭᠴᠢᠳ ᠤᠨ ᠦᠢᠯᠡᠴᠢᠯᠡᠭᠡᠨ ᠤ ᠲᠢᠩᠬᠢᠮ ᠵᠢᠩᠬᠢᠨᠢ ᠪᠠᠷ ᠬᠡᠷᠡᠭᠯᠡᠯᠳᠡ  ᠳᠤ ᠣᠷᠣᠪᠠ︕
ᠨᠡᠶᠢᠲᠡᠯᠡᠭᠰᠡᠨ ᠴᠠᠭ᠄
2021/8/11
       ᠶᠥᠩ ᠵᠢᠩ ᠽᠢ ᠲᠠᠢ C ᠲᠣᠭᠤᠷᠢᠭ ᠤᠨ ᠡᠮᠦᠨ᠎ᠡ ᠡᠬᠦᠳᠡᠨ ᠳᠤ ᠪᠠᠶᠢᠷᠢᠯᠠᠵᠤ ᠪᠠᠶᠢᠭ᠎ᠠ ᠬᠢᠶ᠎ᠠ ᠪᠠᠭᠰᠢ ᠶᠢᠨ ᠤᠰᠤ ᠬᠠᠩᠭᠠᠬᠤ ᠦᠢᠯᠡᠴᠢᠯᠡᠭᠡᠨ ᠤ ᠨᠢᠭᠡ ᠥᠷᠲᠡᠭᠡᠨ ᠤ ᠬᠡᠷᠡᠭᠯᠡᠭᠴᠢᠳ ᠤᠨ ᠦᠢᠯᠡᠴᠢᠯᠡᠭᠡᠨ ᠤ ᠲᠢᠩᠬᠢᠮ ᠵᠢᠩᠬᠢᠨᠢ ᠪᠠᠷ ᠬᠡᠷᠡᠭᠯᠡᠯᠳᠡ ᠳᠤ ᠣᠷᠣᠪᠠ᠃ 
1.jpg    
      ᠥᠩᠭᠡᠷᠡᠭᠰᠡᠨ ᠳᠤ᠂ ᠤᠤᠯ ᠤᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠨᠢ ᠬᠤᠲᠠ ᠶᠢᠨ ᠲᠣᠭᠤᠷᠢᠭ ᠤᠨ ᠭᠠᠳᠠᠷ ᠴᠠᠭᠠᠷᠢᠭ ᠤᠨ ᠵᠠᠮ ᠳᠤ ᠪᠠᠶᠢᠷᠢᠰᠢᠨ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠳᠥᠭᠦᠮ ᠦᠭᠡᠢ ᠪᠠᠶᠢᠭᠰᠠᠨ ᠮᠥᠷᠲᠡᠭᠡᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠤᠨ ᠡᠭᠦᠳᠡᠨ ᠡᠮᠦᠨᠡᠬᠢ ᠲᠡᠷᠭᠡᠨ ᠴᠣᠪᠤᠷᠠᠯ ᠤᠨ ᠬᠡᠮᠵᠢᠶ᠎ᠡ ᠶᠡᠭᠡ ᠪᠠᠶᠢᠵᠤ᠂ ᠬᠡᠷᠡᠭᠯᠡᠭᠴᠢᠳ ᠲᠤᠬᠠᠶᠢᠯᠠᠭᠰᠠᠨ ᠠᠵᠢᠯ  ᠭᠦᠢᠴᠡᠳᠬᠡᠬᠦ ᠳᠤ ᠵᠠᠮ ᠤᠨ ᠬᠠᠵᠠᠭᠤ ᠳᠤ ᠲᠦᠷ ᠴᠠᠭ ᠲᠡᠷᠭᠡ  ᠵᠤᠭᠰᠦᠭᠠᠭᠰᠠᠨ  ᠨᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠬᠤᠲᠠ ᠶᠢᠨ ᠤᠰᠤᠨ ᠤ ᠶᠠᠪᠤᠳᠠᠯ ᠤᠨ ᠺᠣᠮᠫᠠᠨᠢ ᠦᠳᠲᠡᠷ ᠲᠦᠷᠭᠡᠨ ᠬᠥᠳᠡᠯᠦᠯᠴᠡᠵᠦ᠂ ᠳᠠᠬᠢᠨ ᠰᠢᠨ᠎ᠡ ᠪᠠᠷ ᠭᠠᠵᠠᠷ ᠰᠣᠩᠭᠤᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠢ ᠨᠡᠭᠦᠯᠭᠡᠬᠦ ᠪᠠᠷ ᠲᠥᠯᠥᠪᠵᠢᠭᠦᠯᠵᠡᠶ᠃       ᠣᠳᠣᠬᠠᠨ ᠳᠤ᠂ ᠬᠢᠶ᠎ᠠ ᠪᠠᠭᠰᠢ ᠶᠢᠨ ᠤᠰᠤ ᠬᠠᠩᠭᠠᠬᠤ ᠦᠢᠯᠡᠴᠢᠯᠡᠭᠡᠨ ᠤ ᠨᠢᠭᠡ ᠥᠷᠲᠡᠭᠡᠨ ᠤ ᠬᠡᠷᠡᠭᠯᠡᠭᠴᠢᠳ ᠤᠨ ᠦᠢᠯᠡᠴᠢᠯᠡᠭᠡᠨ ᠤ ᠲᠢᠩᠬᠢᠮ ᠨᠢ ᠨᠢᠭᠡᠨᠲᠡ ᠨᠡᠭᠦᠭᠡᠳ ᠵᠢᠩᠬᠢᠨᠢ ᠪᠠᠷ ᠬᠡᠷᠡᠭᠯᠡᠯᠳᠡ ᠳᠤ ᠣᠷᠣᠪᠠ᠃ ᠨᠢᠭᠡ ᠥᠷᠲᠡᠭᠡᠨ ᠤ ᠬᠡᠷᠡᠭᠯᠡᠭᠴᠢᠳ ᠤᠨ ᠦᠢᠯᠡᠴᠢᠯᠡᠭᠡᠨ ᠤ ᠲᠢᠩᠬᠢᠮ ᠨᠢ ᠶᠥᠩ ᠵᠢᠩ ᠽᠢ ᠲᠠᠢ C ᠲᠣᠭᠤᠷᠢᠭ ᠤᠨ ᠡᠮᠦᠨ᠎ᠡ ᠡᠬᠦᠳᠡᠨ ᠳᠤ ᠪᠠᠶᠢᠷᠢᠯᠠᠵᠤ᠂ ᠨᠠᠮ ᠵᠠᠰᠠᠭ ᠤᠨ ᠲᠤᠮᠤ ᠠᠰᠠᠷ ᠲᠠᠢ ᠭᠦᠷᠰᠢᠯᠡᠨ᠂ ᠰᠠᠭᠤᠭᠠᠯᠢ ᠠᠷᠠᠳ ᠨᠡᠯᠢᠶᠡᠳ ᠲᠥᠪᠯᠡᠷᠡᠵᠦ᠂ ᠵᠠᠮ ᠬᠠᠷᠢᠯᠴᠠᠭ᠎ᠠ ᠳᠥᠭᠦᠮ ᠳᠥᠲᠡ ᠪᠠᠶᠢᠳᠠᠭ᠃
2.jpg
      ᠰᠢᠨ᠎ᠡ ᠡᠵᠡᠩᠨᠡᠯᠲᠡ ᠶᠢᠨ ᠲᠢᠩᠬᠢᠮ ᠨᠡᠭᠡᠭᠡᠯᠲᠡᠲᠦ ᠮᠠᠶ᠋ᠢᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠢ ᠬᠡᠷᠡᠭᠵᠢᠭᠦᠯᠭᠦ ᠶᠢᠨ ᠬᠠᠮᠲᠤ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ︾ ᠭᠠᠷᠭᠠᠵᠤ᠂ ᠨᠢᠭᠡ ᠥᠷᠲᠡᠭᠡᠨ ᠤ ᠵᠠᠶ ᠦᠭᠡᠢ ᠦᠢᠯᠡᠴᠢᠯᠡᠭᠡ ᠶᠢ ᠪᠠᠶᠡᠯᠡᠭᠦᠯᠦᠨ᠂ ᠤᠰᠤ ᠬᠡᠷᠡᠭᠯᠡᠬᠦ ᠲᠤᠬᠠᠶᠢᠯᠠᠭᠰᠠᠨ ᠠᠵᠢᠯ ᠢ ᠴᠥᠮ ᠨᠢᠭᠡ ᠥᠷᠲᠡᠭᠡ ᠳᠤ ᠭᠦᠢᠴᠡᠳᠬᠡᠵᠦ ᠪᠣᠯᠬᠤ ᠪᠥᠭᠡᠳ ᠠᠷᠠᠳ ᠲᠤ ᠨᠠᠩ ᠲᠥᠬᠦᠮ ᠲᠦᠳᠡ ᠦᠢᠯᠡᠴᠢᠯᠡᠭᠡ ᠬᠠᠩᠭᠠᠪᠠ᠃
3.jpg
4.jpg
ᠢᠷᠡᠯᠲᠡ᠄ ᠳᠣᠰ ᠰᠦᠯᠵᠢᠶ᠎ᠡ