ᠣᠷᠳᠣᠰ ᠬᠢᠶ᠎ᠠ ᠪᠠᠭᠰᠢ ᠵᠠᠰᠠᠭ ᠠᠯᠪᠠᠨ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ | | | | ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠪᠠᠶᠢᠭᠤᠯᠤᠯᠭ᠎ᠠ ᠨᠢᠭᠡᠴᠡ ᠳᠤ᠄ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠭᠰᠠᠨ ᠠᠵᠢᠯ ᠤᠨ ᠶᠠᠪᠤᠴᠠ ᠶᠢ ᠪᠠᠶᠢᠭᠤᠯᠬᠤ | ᠶᠢᠨ ᠲᠤᠰᠠᠳᠠ᠂ ᠡᠳᠦᠭᠡ ︽ ᠬᠢᠶ᠎ᠠ ᠪᠠᠭᠰᠢ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ︾ ᠢ | ᠳᠠᠷᠤᠮᠠᠯᠯᠠᠨ ᠶᠠᠪᠤᠭᠤᠯᠤᠯ᠎ᠠ᠂ ᠡᠯ᠎ᠡ ᠪᠠᠶᠢᠭᠤᠯᠤᠯᠭ᠎ᠠ ᠨᠢᠭᠡᠴᠡ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠳᠠᠭᠠᠯᠳᠤᠭᠤᠯᠤᠯ᠄ ︽ᠬᠢᠶ᠎ᠠ ᠪᠠᠭᠰᠢ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ︾ | ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 2 | | ᠳᠠᠭᠠᠯᠳᠤᠭᠤᠯᠤᠯ᠄ | ᠬᠢᠶ᠎ᠠ ᠪᠠᠭᠰᠢ ᠲᠤᠭᠤᠷᠢᠭ ᠤᠨ ᠴᠠᠭ ᠠᠭᠤᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ | 1 ᠶᠡᠷᠦᠩᠬᠡᠶ ᠲᠦᠷᠢᠮ | 1 1 ᠨᠠᠶᠢᠷᠠᠭᠤᠯᠤᠨ ᠵᠣᠬᠢᠶᠠᠬᠤ ᠵᠤᠷᠢᠯᠳᠠ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠥᠨᠳᠥᠷ ᠪᠦᠲᠦᠮᠵᠢᠲᠡᠶ ᠡᠮᠬᠢ ᠳᠢᠭᠯᠢᠮ ᠲᠠᠢ ᠶᠠᠪᠤᠭᠳᠠᠬᠤ ᠶᠢ ᠪᠠᠳᠣᠯᠠᠬᠤ ᠶᠢᠨ | ᠲᠥᠯᠦᠭᠡ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠭᠰᠠᠨ ᠠᠵᠢᠯ ᠤᠨ ᠶᠠᠪᠤᠴᠠ ᠶᠢ ᠪᠠᠶᠢᠭᠤᠯᠵᠤ᠂ ᠲᠤᠰᠬᠠᠯ ᠨᠢ ᠲᠦᠷᠭᠡᠨ᠂ | ᠰᠢᠢᠳᠪᠦᠷᠢᠯᠡᠯᠳᠡ ᠨᠢ ᠥᠨᠳᠥᠷ ᠪᠦᠲᠦᠮᠵᠢᠲᠡᠶ ᠠᠷᠭᠠᠴᠠᠬᠤ ᠲᠣᠭᠲᠠᠴᠠ ᠶᠢ ᠪᠤᠢ ᠪᠣᠯᠭᠠᠵᠤ᠂ ᠴᠠᠭ ᠠᠭᠤᠷ ᠤᠨ ᠭᠠᠮᠰᠢᠭ ᠢ ᠠᠷᠭᠠᠴᠠᠬᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠠᠭ ᠠᠭᠤᠷ ᠤᠨ | ᠭᠠᠮᠰᠢᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ᠂ ᠡᠳ᠋ ᠬᠦᠷᠦᠩᠭᠡ ᠶᠢᠨ ᠬᠤᠬᠢᠷᠠᠯ ᠠᠴᠠ ᠵᠠᠶᠢᠯᠠᠰᠬᠢᠬᠦ ᠪᠤᠶᠤ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠶᠢᠨ ᠲᠥᠯᠦᠭᠡ᠂ ᠲᠤᠰ ᠪᠡᠯᠡᠳᠬᠡᠯ ᠲᠦᠰᠦᠯ ᠢ ᠣᠨᠴᠠᠭᠠᠶᠢᠯᠠᠨ ᠲᠣᠭᠲᠠᠭᠠᠪᠠ᠃ | | 1 2 ᠨᠠᠶᠢᠷᠠᠭᠤᠯᠤᠨ ᠵᠣᠬᠢᠶᠠᠬᠤ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠣᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ᠪᠠ ᠳᠠᠮᠵᠢᠭᠤᠯᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠠᠷᠭ᠎ᠠ︾᠂ ︽ᠣᠷᠳᠣᠰ ᠬᠤᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ | ᠪᠡᠯᠡᠳᠬᠡᠯ ᠲᠦᠰᠦᠯ︾᠂ ︽ᠣᠷᠳᠣᠰ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠵᠡᠷᠭᠡ ᠬᠠᠮᠢᠶ᠎ᠠ ᠪᠥᠬᠦᠶ | ᠦᠨᠳᠦᠰᠦ ᠪᠠᠷᠢᠮᠲᠠ ᠶᠢ ᠦᠨᠳᠦᠰᠦᠯᠡᠨ ᠲᠣᠰ ᠪᠡᠯᠡᠳᠬᠡᠯ ᠲᠦᠰᠦᠯ ᠢ ᠲᠣᠭᠲᠠᠭᠠᠪᠠ᠃ | 1 3 ᠬᠡᠷᠡᠭᠯᠡᠬᠦ ᠬᠡᠪᠴᠢᠶ᠎ᠡ | ᠲᠤᠰ ᠲᠦᠰᠦᠯ ᠢ ᠬᠢᠶ᠎ᠠ ᠪᠠᠭᠰᠢ ᠶᠢᠨ ᠵᠠᠰᠠᠭ ᠵᠠᠬᠢᠷᠭᠠᠨ ᠤ ᠣᠷᠣᠨ ᠤ ᠭᠠᠩ ᠬᠠᠭᠤᠷᠠᠢ᠂ ᠰᠢᠷᠦᠭᠦᠨ ᠪᠣᠷᠣᠭᠠᠨ᠂ ᠰᠢᠷᠦᠭᠦᠨ ᠴᠠᠰᠤ᠂ ᠬᠢᠷᠠᠭᠤ ︵ᠮᠥᠰᠥ | ︶ ᠬᠥᠯᠳᠡᠬᠦ᠂ ᠬᠦᠢᠳᠡᠨ ᠤᠷᠤᠰᠬᠠᠯ᠂ ᠶᠡᠭᠡ ᠰᠠᠯᠬᠢ᠂ ᠡᠯᠡᠰᠦᠨ ᠰᠢᠭᠤᠷᠭ᠎ᠠ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠠᠶᠤᠩᠭ᠎ᠠ ᠴᠠᠬᠢᠯᠭᠠᠨ᠂ ᠮᠥᠨᠳᠥᠷ᠂ | ᠶᠡᠭᠡ ᠮᠠᠨᠠᠨ ᠵᠡᠷᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠯᠡᠨ᠎ᠡ᠃ | ᠴᠠᠭ ᠠᠭᠤᠷ ᠤᠨ ᠬᠦᠴᠦᠨ ᠵᠦᠢᠯ ᠠᠴᠠ ᠪᠣᠯᠤᠭᠰᠠᠨ ᠤᠰᠤ ᠭᠠᠩ ᠤᠨ ᠭᠠᠮᠰᠢᠭ᠂ ᠭᠠᠵᠠᠷ ᠤᠨ ᠭᠠᠢ ᠭᠠᠮᠰᠢᠭ᠂ ᠤᠢ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠵᠡᠷᠭᠡ ᠪᠤᠰᠤᠳ ᠭᠠᠮᠰᠢᠭ ᠢ ᠰᠢᠢᠳᠪᠦᠷᠢᠯᠡᠭᠦ ᠳᠤ ᠪᠠᠴᠢᠮ ᠪᠠᠶᠢᠳᠠᠯ ᠢ ᠠᠷᠭᠠᠴᠠᠬᠤ ᠬᠤᠯᠪᠣᠭᠳᠠᠯ ᠪᠦᠬᠦᠢ | ᠪᠡᠯᠡᠳᠬᠡᠯ ᠲᠦᠰᠦᠯ ᠤᠨ ᠲᠣᠭᠲᠠᠭᠠᠯ ᠢ ᠬᠡᠷᠡᠭᠯᠡᠨ᠎ᠡ᠃ | 1 4 ᠠᠵᠢᠯ ᠤᠨ ᠵᠠᠷᠴᠢᠮ | ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ ᠃ ᠨᠢᠭᠡᠳᠦᠯᠲᠡᠶ ᠤᠳᠤᠷᠢᠳᠴᠤ᠂ ᠰᠠᠯᠠᠭ᠎ᠠ ᠮᠥᠴᠢᠷ | ᠬᠤᠯᠪᠣᠭᠠᠯᠠᠨ ᠬᠥᠳᠡᠯᠦᠯᠴᠡᠨ᠎ᠡ ᠃ ᠱᠠᠲᠤ ᠬᠤᠪᠢᠶᠠᠨ ᠬᠠᠮᠢᠶᠠᠷᠴᠤ᠂ ᠬᠠᠷᠢᠶ᠎ᠠ ᠣᠷᠣᠨ ᠢᠶᠠᠷ ᠨᠢ ᠭᠤᠣᠯ ᠪᠣᠯᠭᠠᠨ᠎ᠠ᠃ ᠬᠠᠤᠯᠢ ᠶᠣᠰᠣᠭᠠᠷ ᠵᠢᠷᠤᠮᠵᠢᠭᠤᠯᠤᠨ᠂ | ᠵᠣᠬᠢᠴᠠᠩᠭᠤᠶ ᠪᠥᠭᠡᠳ ᠡᠮᠬᠢ ᠵᠢᠷᠤᠮ ᠲᠠᠢ ᠪᠠᠶᠢᠬᠤ ᠬᠡᠷᠡᠭᠲᠡᠶ᠃ ᠠᠵᠢᠯ ᠬᠤᠪᠢᠶᠠᠷᠢᠯᠠᠨ ᠬᠠᠷᠢᠭᠤᠴᠠᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶᠢᠬᠤ | ᠬᠡᠷᠡᠭᠲᠡᠶ᠃ ᠰᠢᠨᠵᠢᠯᠡᠬᠦ ᠤᠬᠠᠭᠠᠨᠴᠢ ᠮᠡᠷᠭᠡᠵᠢᠯ ᠢᠶᠠᠷ ᠲᠤᠯᠭᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ᠃ | 2 ᠵᠣᠬᠢᠶᠠᠨ ᠪᠠᠶᠢᠭᠤᠯᠵᠤ ᠵᠢᠯᠣᠭᠤᠳᠬᠤ ᠳᠣᠭᠳᠠᠯᠴᠠᠭ᠎ᠠ ᠬᠢᠭᠡᠳ ᠲᠤᠰᠢᠶᠠᠯ ᠬᠠᠷᠢᠭᠤᠴᠠᠯᠭ᠎ᠠ | 2 1 ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ | 2 1 1 ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠯ | ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ | ᠬᠡᠪᠴᠢᠶᠠᠨ ᠳᠠᠬᠢ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ | ᠬᠠᠷᠢᠭᠤᠴᠠᠨ᠎ᠠ᠃ ᠪᠦᠷᠢᠯᠳᠦᠬᠦᠨ ᠨᠢ ᠳᠣᠣᠷᠠᠬᠢ ᠮᠡᠲᠦ᠄ | ᠶᠡᠷᠦᠩᠬᠡᠶ ᠵᠢᠯᠤᠭᠤᠳᠤᠭᠴᠢ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠠᠭ ᠠᠭᠤᠷ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠲᠣᠭᠤᠷᠢᠭ ᠤᠨ ᠳᠠᠷᠤᠭ᠎ᠠ | ᠳᠡᠳ᠋ ᠶᠡᠷᠦᠩᠬᠡᠶ ᠵᠢᠯᠣᠭᠤᠳᠣᠭᠴᠢ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ᠂ | ᠲᠣᠭᠤᠷᠢᠭ ᠤᠨ ᠴᠠᠭ ᠠᠭᠤᠷ ᠤᠨ ᠬᠤᠪᠢᠶᠠᠷᠢ ᠳᠣᠪᠴᠢᠶᠠᠨ ᠤ ᠳᠣᠪᠴᠢᠶᠠᠨ ᠳᠠᠷᠤᠭ᠎ᠠ | ᠵᠢᠯᠣᠭᠤᠳᠬᠤ ᠭᠠᠵᠠᠷ ᠤᠨ ᠪᠦᠷᠢᠯᠳᠦᠬᠦᠨ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠤᠬᠠᠭᠤᠯᠬᠤ ᠬᠡᠯᠲᠡᠰ᠂ | ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠭᠡ | ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠰᠤᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ | ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ᠂ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠳᠤᠮᠳᠠᠳᠤ | ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ | ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠡᠯ᠎ᠡ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ᠃ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠪᠠᠶᠢᠭᠤᠯᠤᠨ᠂ ᠠᠯᠪᠠᠨ ᠭᠡᠷ ᠢ ᠲᠣᠭᠤᠷᠢᠭ ᠤᠨ | ᠴᠠᠭ ᠠᠭᠤᠷ ᠤᠨ ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠴᠠᠭ ᠠᠭᠤᠷ ᠤᠨ ᠬᠤᠪᠢᠶᠠᠷᠢ | ᠲᠣᠪᠴᠢᠶᠠᠨ ᠤ ᠲᠣᠪᠴᠢᠶᠠᠨ ᠳᠠᠷᠤᠭ᠎ᠠ ᠡᠭᠦᠷᠭᠡᠯᠡᠵᠦ᠂ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | 22 ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ | 221 ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠲᠤᠰᠢᠶᠠᠯ ᠬᠠᠷᠢᠭᠤᠴᠠᠯᠭ᠎ᠠ᠄ | ᠪᠥᠬᠦ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠳᠤᠷᠢᠳᠴᠤ᠂ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠡᠷᠡᠭ ᠤᠨ | ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠡᠯ᠎ᠡ ᠪᠦᠷᠢᠯᠳᠦᠬᠦᠨ ᠨᠢᠭᠡᠴᠡ ᠳᠤ ᠮᠡᠳᠡᠭᠳᠡᠨ᠎ᠡ᠃ ᠲᠣᠭᠤᠷᠢᠭ ᠤᠨ ᠨᠠᠮ ᠤᠨ | ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃ | 22 2 ᠪᠦᠷᠢᠯᠳᠦᠬᠦᠨ ᠨᠢᠭᠡᠴᠡ ᠶᠢᠨ ᠲᠤᠰᠢᠶᠠᠯ ᠬᠠᠷᠢᠭᠤᠴᠠᠯᠭ᠎ᠠ᠄ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ᠄ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠵᠢᠯᠣᠭᠤᠳᠬᠤ ᠭᠠᠵᠠᠷ ᠤᠨ ᠲᠤᠬᠢᠷᠠᠭᠤᠯᠣᠯᠳᠠ ᠵᠠᠷᠯᠢᠭ ᠢ ᠬᠡᠷᠡᠭᠵᠢᠭᠦᠯᠭᠦ ᠶᠢ ᠬᠠᠷᠢᠭᠤᠴᠠᠵᠣ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠵᠢᠯᠣᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠴᠠᠭ ᠠᠭᠤᠷ ᠤᠨ ᠭᠠᠮᠰᠢᠭ ᠤᠨ ᠪᠠᠶᠢᠳᠠᠯ ᠢ ᠴᠤᠭᠯᠠᠭᠤᠯᠬᠤ᠂ ᠪᠠᠶᠢᠴᠠᠭᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ | ᠪᠠᠶᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠠ ᠬᠡᠷᠡᠭᠵᠢᠭᠦᠯᠦᠨ᠎ᠡ ᠃ ᠴᠠᠭ | ᠠᠭᠤᠷ ᠤᠨ ᠭᠠᠮᠰᠢᠭ ᠤᠨ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠦᠯ ᠢ ᠬᠠᠩᠭᠠᠬᠤ ᠪᠤᠶᠤ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠰᠠᠨᠠᠭᠤᠯᠭ᠎ᠠ ᠳᠤᠷᠠᠳᠬᠤ ᠶᠢᠨ ᠬᠠᠮᠲᠤ ᠴᠠᠭ ᠠᠭᠤᠷ ᠤᠨ ᠭᠠᠮᠰᠢᠭ | ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠨ ᠳᠠᠮᠵᠢᠭᠤᠯᠬᠤ ᠪᠤᠶᠤ | ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠵᠠᠷᠯᠢᠭ ᠢ ᠳᠠᠮᠵᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ | ᠭᠠᠵᠠᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠣᠯᠭ᠎ᠠ ᠢ ᠬᠠᠮᠵᠢᠨ | ᠴᠠᠭ ᠠᠭᠤᠷ ᠤᠨ ᠭᠠᠮᠰᠢᠭ ᠤᠨ ᠠᠵᠢᠯ ᠢ ᠳᠣᠬᠢᠷᠠᠭᠤᠯᠣᠨ᠎ᠠ᠃ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠬᠠᠮᠵᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠴᠠᠭ | ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠠᠢ ᠬᠠᠮᠲᠤᠷᠠᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢ | ᠵᠣᠬᠢᠴᠠᠭᠤᠯᠵᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠢᠨ᠎ᠠ᠃ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ | ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠠᠵᠢᠯ ᠢ ᠰᠢᠪᠠᠳᠠᠨ | ᠪᠠᠶᠢᠴᠠᠭᠠᠬᠤ ᠶᠢ ᠬᠠᠷᠢᠭᠤᠴᠠᠨ᠎ᠠ᠃ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠄ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ | ᠰᠡᠷᠡᠮᠵᠢᠯᠡᠭᠦᠯᠬᠦ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ | ᠵᠢᠯᠣᠭᠤᠳᠬᠤ ᠭᠠᠵᠠᠷ ᠲᠤ ᠭᠠᠮᠰᠢᠭᠲᠤ ᠴᠠᠭ ᠠᠭᠤᠷ ᠤᠨ ᠪᠣᠳᠠᠲᠤ ᠪᠠᠶᠢᠳᠠᠯ᠂ ᠬᠤᠪᠢᠷᠠᠯᠲᠠ ᠶᠢᠨ ᠬᠠᠨᠳᠤᠰᠢ ᠪᠠ ᠦᠨᠡᠯᠡᠨ ᠵᠢᠱᠢᠭᠰᠡᠨ ᠰᠠᠨᠠᠯ ᠢ ᠴᠠᠭ ᠲᠤᠬᠠᠶ ᠳᠤᠨᠢ | ᠮᠡᠳᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠰᠠᠨᠠᠭᠤᠯᠭ᠎ᠠ ᠶᠢ ᠳᠣᠷᠠᠳᠣᠨ᠎ᠠ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠳ᠋ ᠪᠠᠷᠠᠭ᠎ᠠ ᠨᠥᠭᠡᠴᠡᠯᠡᠬᠦ ᠲᠥᠯᠥᠪᠯᠡᠭᠡ ᠲᠣᠭᠲᠠᠭᠠᠬᠤ ᠶᠢ | ᠬᠠᠷᠢᠭᠤᠴᠠᠵᠤ᠂ ᠭᠠᠮᠰᠢᠭ ᠠᠴᠠ ᠠᠪᠤᠷᠬᠠᠤ ᠡᠳ᠋ ᠪᠠᠷᠠᠭ᠎ᠠ ᠶᠢ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠬᠦᠨᠳᠦ ᠶᠡᠭᠡ ᠴᠠᠭ ᠠᠭᠤᠷ ᠤᠨ ᠭᠠᠮᠰᠢᠭ ᠵᠢᠴᠢ ᠲᠡᠭᠦᠨ ᠠᠴᠠ ᠡᠭᠦᠰᠦᠭᠰᠡᠨ | ᠭᠠᠮᠰᠢᠭ ᠢ ᠰᠡᠷᠭᠡᠶᠢᠯᠡᠨ ᠬᠤᠷᠢᠭᠯᠠᠬᠤ ᠲᠥᠷᠥᠯ | ᠵᠦᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ᠂ ᠬᠠᠮᠢᠶ᠎ᠠ | ᠪᠦᠬᠦᠢ ᠲᠥᠷᠥᠯ ᠵᠦᠢᠯ ᠤᠨ ᠰᠡᠳᠦᠪ ᠲᠣᠭᠲᠠᠭᠠᠬᠤ ᠭᠠᠷᠳᠠᠮ ᠢ ᠬᠦᠢᠴᠡᠳᠬᠡᠬᠦ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠬᠠᠩᠭᠠᠯᠭ᠎ᠠ ᠶᠢ ᠪᠠᠲᠤᠯᠠᠨ᠎ᠠ᠃ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠴᠠᠭ ᠠᠭᠤᠷ ᠤᠨ ᠭᠠᠮᠰᠢᠭ ᠠᠴᠠ ᠠᠪᠤᠷᠬᠠᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠠᠯᠠ ᠮᠥᠩᠭᠦ ᠶᠢ ᠴᠤᠭᠯᠠᠭᠤᠯᠬᠤ᠂ ᠳᠣᠭᠢᠷᠠᠭᠤᠯᠬᠤ᠂ ᠰᠠᠯᠭᠠᠨ ᠥᠭᠬᠦ ᠵᠢᠴᠢ ᠬᠡᠷᠡᠭᠯᠡᠬᠦ ᠶᠢᠨ ᠬᠢᠨᠠᠯᠲᠠ ᠳᠠᠯᠪᠢᠬᠤ ᠶᠢ ᠬᠠᠷᠢᠭᠤᠴᠠᠨ᠎ᠠ᠃ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠄ ᠨᠢᠭᠡᠳᠦᠯᠲᠡᠶ ᠲᠥᠯᠥᠪᠵᠢᠭᠦᠯᠦᠨ᠂ ᠶᠡᠷᠦᠩᠬᠡᠶᠢᠯᠡᠨ ᠵᠤᠬᠢᠴᠠᠭᠤᠯᠵᠤ᠂ ᠴᠠᠭ ᠠᠭᠤᠷ ᠤᠨ ᠭᠠᠮᠰᠢᠭ ᠢ | ᠰᠡᠷᠭᠡᠶᠢᠯᠡᠨ ᠬᠤᠷᠢᠭᠯᠠᠬᠤ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠰᠢᠪᠠᠳᠠᠨ ᠵᠢᠯᠣᠭᠤᠳᠤᠨ᠎ᠠ᠃ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠴᠠᠭ ᠠᠭᠤᠷ ᠤᠨ ᠭᠠᠮᠰᠢᠭ ᠭᠠᠷᠤᠭᠰᠠᠨ ᠪᠤᠶᠤ ᠨᠥᠯᠥᠭᠡᠯᠡᠭᠳᠡᠭᠰᠡᠨ ᠣᠷᠣᠨ ᠤ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠪᠠ ᠵᠠᠮ ᠬᠠᠷᠢᠯᠴᠠᠭᠠᠨ ᠤ ᠰᠠᠭᠠᠳ ᠥᠭᠡᠢ ᠨᠡᠪᠲᠡᠷᠡᠬᠦ ᠶᠢ ᠪᠠᠳᠣᠯᠠᠵᠤ ᠬᠠᠷᠢᠭᠤᠴᠠᠨ᠂ ᠭᠠᠮᠰᠢᠭᠳᠠᠭᠰᠠᠨ | ᠣᠷᠣᠨ ᠤ ᠤᠯᠠᠨ ᠲᠦᠮᠡᠨ ᠢ ᠪᠠᠴᠢᠮ ᠰᠢᠯᠵᠢᠭᠦᠯᠬᠦ ᠠᠵᠢᠯ ᠢ ᠬᠠᠪᠰᠤᠷᠤᠨ ᠵᠣᠬᠢᠶᠠᠨ ᠪᠠᠶᠢᠭᠤᠯᠤᠨ᠎ᠠ᠃ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ ᠣᠷᠣᠨ ᠵᠢᠴᠢ ᠳᠠᠯᠳᠠ | ᠬᠡᠮ ᠤᠨ ᠭᠠᠵᠠᠷ ᠤᠨ ᠣᠷᠣᠨ ᠪᠠᠶᠢᠷᠢ᠂ ᠲᠥᠷᠥᠯ ᠬᠡᠯᠪᠡᠷᠢ᠂ ᠣᠨᠴᠠᠯᠢᠭ ᠰᠢᠨᠵᠢ᠂ ᠭᠠᠵᠠᠷ ᠤᠨ ᠭᠠᠢ ᠭᠠᠮᠰᠢᠭ ᠤᠨ ᠭᠠᠮᠰᠢᠭ ︵ᠠᠶᠣᠯ︶ ᠤᠨ ᠪᠠᠶᠢᠳᠠᠯ ᠵᠢᠴᠢ | ᠭᠠᠵᠠᠷ ᠤᠨ ᠭᠠᠢ ᠭᠠᠮᠰᠢᠭ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠠᠨ ᠪᠠ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠬᠦᠮᠦᠰ ᠤᠨ ᠮᠡᠳᠡᠭᠡ | ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃ ᠴᠠᠭ ᠠᠭᠤᠷ ᠤᠨ ᠭᠠᠮᠰᠢᠭ ᠠᠴᠠ ᠪᠣᠯᠤᠭᠰᠠᠨ ᠭᠠᠵᠠᠷ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠭᠡᠨᠡᠳᠲᠡ ᠡᠭᠦᠰᠬᠦ ᠭᠠᠵᠠᠷ ᠤᠨ ᠭᠠᠢ ᠭᠠᠮᠰᠢᠭ ᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ | ᠳᠤᠷᠠᠳᠴᠤ᠂ ᠬᠠᠮᠢᠶ᠎ᠠ ᠪᠥᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠬᠦ ᠬᠡᠷᠡᠭᠲᠡᠶ᠃ | ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠭᠠᠮᠰᠢᠭᠳᠠᠭᠰᠠᠨ ᠣᠷᠣᠨ ᠤ ᠣᠷᠴᠢᠨ ᠲᠣᠭᠤᠷᠢᠨ ᠤ ᠪᠠᠴᠢᠮ | ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠬᠠᠷᠢᠭᠤᠴᠠᠨ ᠂ ᠣᠷᠴᠢᠨ ᠲᠣᠭᠤᠷᠢᠨ ᠤ ᠪᠣᠬᠢᠷᠲᠤᠯ ᠢ ᠠᠷᠢᠯᠭᠠᠬᠤ ᠪᠠ ᠵᠠᠰᠠᠬᠤ ᠰᠠᠨᠠᠭᠤᠯᠭ᠎ᠠ | ᠳᠤᠷᠠᠳᠤᠨ᠎ᠠ᠃ | ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠡᠪᠳᠡᠭᠳᠡᠭᠰᠡᠨ ᠵᠠᠰᠠᠮᠠᠯ ᠵᠠᠮ ᠪᠠ ᠬᠤᠯᠪᠣᠭᠳᠠᠯ ᠪᠥᠬᠦᠶ ᠪᠡᠯᠡᠳᠬᠡᠮᠵᠢ ᠶᠢ ᠲᠦᠷᠭᠡᠬᠡᠨ | ᠰᠡᠷᠭᠦᠭᠡᠬᠦ ᠶᠢ ᠬᠠᠷᠢᠭᠤᠴᠠᠵᠤ᠂ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠲᠡᠷᠭᠡ | ᠬᠥᠰᠬᠡ ᠶᠢ ᠲᠠᠲᠠᠪᠤᠷᠢᠯᠠᠨ ᠬᠡᠷᠡᠭᠯᠡᠬᠦ ᠳᠤ ᠬᠠᠮᠵᠢᠨ ᠠᠶᠤᠯ ᠠᠴᠠ ᠠᠪᠤᠷᠠᠨ ᠲᠤᠰᠠᠯᠠᠬᠤ ᠬᠥᠮᠦᠰ᠂ ᠡᠳ᠋ ᠪᠠᠷᠠᠭ᠎ᠠ ᠪᠣᠯᠤᠨ ᠭᠠᠮᠰᠢᠭᠳᠠᠭᠰᠠᠨ ᠠᠷᠠᠳ ᠢ ᠲᠠᠷᠬᠠᠭᠠᠬᠤ | ᠵᠡᠷᠭᠡ ᠲᠡᠭᠡᠭᠡᠪᠦᠷᠢ ᠶᠢᠨ ᠠᠵᠢᠯ ᠢ ᠬᠢᠨ᠎ᠡ᠃ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠄ ᠲᠠᠷᠢᠶᠠᠯᠠᠩ ᠤᠨ ᠭᠠᠶ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠨᠳᠦ ᠶᠡᠭᠡ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠨ ᠬᠤᠷᠢᠭᠯᠠᠬᠤ | ᠠᠵᠢᠯ ᠢ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠢᠯᠣᠭᠤᠳᠤᠨ᠎ᠠ᠃ ᠲᠤᠭᠤᠷᠢᠭ ᠤᠨ | ᠬᠡᠪᠴᠢᠶᠠᠨ ᠳᠠᠬᠢ ᠭᠤᠣᠯ ᠮᠥᠷᠡᠨ᠂ ᠤᠰᠤᠨ ᠣᠷᠣᠨ᠂ ᠤᠰᠤᠨ ᠴᠥᠭᠦᠷᠥᠮ ᠤᠨ ᠲᠠᠷᠬᠠᠯᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃ ᠭᠠᠩ | ᠤᠰᠤᠲᠤᠯ ᠤᠨ ᠭᠠᠮᠰᠢᠭ ᠵᠡᠷᠭᠡ ᠭᠠᠮᠰᠢᠭ ᠤᠨ ᠪᠠᠶᠢᠳᠠᠯ ᠤᠨ ᠨᠥᠯᠥᠭᠡᠯᠡᠯ ᠤᠨ ᠲᠠᠷᠬᠠᠯᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ ᠃ ᠴᠠᠭ ᠠᠭᠤᠷ | ᠤᠨ ᠭᠠᠮᠰᠢᠭ ᠭᠠᠷᠬᠤ ᠦᠶ᠎ᠡ ᠲᠤ᠂ ᠭᠤᠣᠯ ᠮᠥᠷᠡᠨ᠂ ᠤᠰᠤᠨ ᠴᠥᠭᠦᠷᠥᠮ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠡᠯᠡᠳᠬᠡᠮᠵᠢ ᠶᠢᠨ ᠴᠠᠭ ᠠᠭᠤᠷ ᠤᠨ | ᠭᠠᠮᠰᠢᠭ ᠠᠴᠠ ᠵᠠᠶᠢᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠮᠴᠢᠯᠡᠵᠦ ᠠᠪᠤᠷᠠᠨ ᠳᠣᠰᠠᠯᠠᠬᠤ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠵᠡᠷᠭᠡ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠬᠢ | ᠪᠠᠶᠠᠯᠢᠭ ᠤᠨ ᠭᠠᠵᠠᠷ ᠵᠦᠶ ᠶᠢᠨ ᠲᠠᠷᠬᠠᠯᠲᠠ᠂ ᠬᠠᠯᠳᠠᠪᠤᠷᠢᠲᠤ ᠡᠪᠡᠳᠴᠢᠨ ᠤ ᠡᠭᠦᠰᠦᠯᠲᠡ᠂ ᠬᠥᠭᠵᠢᠯᠲᠡ ᠶᠢᠨ ᠬᠥᠳᠡᠯᠦᠩᠭᠦᠶ ᠮᠡᠳᠡᠭᠡ ᠵᠠᠩᠭᠢ ᠶᠢ ᠬᠠᠩᠭᠠᠨ᠎ᠠ᠃ | ᠲᠣᠭᠤᠷᠢᠭ ᠤᠨ ᠤᠬᠠᠭᠤᠯᠬᠤ ᠬᠡᠯᠲᠡᠰ᠄ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠤᠨ ᠴᠠᠭ ᠠᠭᠤᠷ ᠤᠨ ᠭᠠᠮᠰᠢᠭ ᠢ ᠤᠷᠢᠳᠴᠢᠯᠠᠨ | ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠬᠦ ᠶᠢ ᠵᠣᠬᠢᠴᠠᠭᠤᠯᠤᠨ ᠬᠠᠷᠢᠭᠤᠴᠠᠨ᠎ᠠ᠃ | ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ | ᠮᠡᠳᠡᠭᠡ ᠵᠠᠩᠭᠢ ᠶᠢ ᠳᠠᠮᠵᠢᠭᠤᠯᠬᠤ ᠠᠵᠢᠯ ᠢ ᠬᠠᠷᠢᠭᠤᠴᠠᠨ᠂ ᠵᠢᠭᠤᠯᠴᠢᠯᠠᠭᠴᠢᠳ ᠲᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠠᠩᠬᠠᠷᠬᠤ ᠶᠢ | ᠰᠠᠨᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭ ᠭᠠᠷᠤᠭᠰᠠᠨ ᠭᠠᠵᠠᠷ ᠤᠨ ᠠᠶᠠᠨᠴᠢᠳ ᠢ ᠲᠦᠷᠭᠡᠨ ᠲᠠᠷᠬᠠᠭᠠᠬᠤ ᠪᠠ ᠠᠶᠤᠯ ᠠᠴᠠ | ᠵᠠᠶᠢᠯᠠᠬᠤ ᠠᠵᠢᠯ ᠢ ᠬᠢᠵᠤ᠂ ᠦᠵᠡᠮᠵᠢ ᠶᠢᠨ ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠠᠴᠠ ᠪᠣᠯᠵᠣ ᠡᠪᠳᠡᠭᠳᠡᠭᠰᠡᠨ ᠵᠢᠭᠤᠯᠴᠢᠯᠠᠯ ᠤᠨ ᠰᠠᠭᠤᠷᠢ | ᠪᠡᠯᠡᠳᠬᠡᠮᠵᠢ ᠶᠢ ᠰᠡᠯᠪᠢᠨ ᠵᠠᠰᠠᠬᠤ ᠶᠢ ᠵᠣᠬᠢᠴᠠᠭᠤᠯᠤᠨ ᠵᠢᠯᠣᠭᠤᠳᠤᠨ᠎ᠠ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠬᠠᠷᠢᠭᠤᠴᠠᠨ ᠵᠢᠯᠣᠭᠤᠳᠴᠤ᠂ | ᠭᠠᠮᠰᠢᠭᠳᠠᠭᠰᠠᠨ ᠬᠡᠷ ᠪᠠᠶᠢᠰᠢᠩ ᠪᠠ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠢᠨᠵᠧᠨᠧᠷᠢᠩ ᠤᠨ ᠬᠤᠬᠢᠷᠠᠯ ᠤᠨ ᠬᠡᠮᠵᠢᠶ᠎ᠡ ᠶᠢ ᠦᠨᠡᠯᠡᠨ ᠵᠢᠱᠢᠨ᠎ᠡ᠃ | ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠥᠳᠥᠭᠡᠨ ᠪᠠᠶᠢᠭᠤᠯᠬᠤ ᠲᠥᠯᠥᠪᠵᠢᠭᠦᠯᠭᠡ ᠪᠣᠯᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ ᠵᠢᠯᠣᠭᠤᠳᠤᠨ᠎ᠠ᠃ | ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠰᠤᠷᠭᠠᠭᠤᠯᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠪᠠ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ ᠴᠠᠭ ᠠᠭᠤᠷ ᠤᠨ ᠭᠠᠮᠰᠢᠭ ᠰᠡᠷᠡᠮᠵᠢᠯᠡᠭᠦᠯᠬᠦ | ᠪᠤᠶᠤ ᠨᠥᠯᠥᠭᠡᠯᠡᠬᠦ ᠦᠶ᠎ᠡ ᠳᠤ᠂ ᠬᠠᠮᠢᠶ᠎ᠠ ᠪᠥᠬᠦᠢ ᠣᠷᠣᠨ ᠤ ᠰᠤᠷᠤᠭᠴᠢᠳ ᠪᠣᠯᠤᠨ ᠪᠠᠭᠰᠢ ᠨᠠᠷ ᠤᠨ ᠠᠮᠤᠷ ᠲᠦᠪᠰᠢᠨ᠂ ᠲᠦᠷᠭᠡᠨ ᠰᠢᠯᠵᠢᠬᠦ ᠶᠢ ᠵᠣᠬᠢᠶᠠᠨ | ᠪᠠᠶᠢᠭᠤᠯᠵᠤ ᠪᠠᠲᠤᠯᠠᠬᠤ ᠶᠢᠨ ᠬᠠᠮᠲᠤ ᠬᠠᠮᠢᠶ᠎ᠠ ᠪᠥᠬᠦᠢ ᠮᠡᠳᠡᠭᠡ ᠵᠠᠩᠭᠢ ᠶᠢ ᠴᠠᠭ ᠲᠤᠬᠠᠶ ᠲᠤᠨᠢ ᠮᠡᠳᠡᠭᠳᠡᠬᠦ ᠶᠢ ᠬᠠᠷᠢᠭᠤᠴᠠᠨ᠎ᠠ᠃ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠭᠠᠮᠰᠢᠭᠳᠠᠭᠰᠠᠨ ᠣᠷᠣᠨ ᠤ ᠣᠯᠠᠨ ᠲᠦᠮᠡᠨ ᠤ ᠭᠠᠮᠰᠢᠭ ᠠᠴᠠ ᠪᠣᠯᠤᠭᠰᠠᠨ ᠦᠨᠳᠦᠰᠦᠨ | ᠠᠮᠢᠳᠤᠷᠠᠯ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠭᠠᠮᠰᠢᠭ ᠠᠴᠠ ᠠᠪᠤᠷᠬᠠᠤ ᠪᠡᠯᠡᠭᠯᠡᠨ ᠭᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ | ᠄ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ ᠬᠦᠴᠦᠨ ᠢᠶᠠᠨ ᠵᠣᠬᠢᠶᠠᠨ ᠪᠠᠶᠢᠭᠤᠯᠤᠨ ᠠᠶᠤᠯ | ᠭᠠᠮᠰᠢᠭ ᠠᠴᠠ ᠠᠪᠤᠷᠠᠬᠤ ᠳᠤ ᠣᠷᠤᠯᠴᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠵᠤ᠂ | ᠬᠤᠯᠪᠣᠭᠳᠠᠯ ᠪᠥᠬᠦᠶ ᠠᠮᠤᠷ ᠢ ᠬᠠᠮᠠᠭᠠᠯᠠᠬᠤ ᠠᠵᠢᠯ ᠢ ᠬᠢᠨ᠎ᠡ᠃ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ | ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠨ᠎ᠠ᠃ | ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠄ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠴᠠᠬᠢᠯᠭᠠᠨ ᠤ ᠲᠣᠣᠷ ᠤᠨ ᠬᠡᠪ ᠤᠨ | ᠶᠣᠰᠣᠭᠠᠷ ᠴᠠᠬᠢᠯᠭᠠᠨ ᠬᠠᠩᠭᠠᠬᠤ ᠶᠢ ᠬᠠᠮᠠᠭᠠᠯᠠᠬᠤ ᠶᠢ ᠬᠠᠷᠢᠭᠤᠴᠠᠨ ᠵᠣᠬᠢᠴᠠᠭᠤᠯᠵᠤ᠂ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠳᠠᠮᠵᠢᠭᠤᠯᠬᠤ᠂ | ᠮᠡᠳᠡᠭᠦᠯᠦᠨ ᠬᠦᠷᠭᠡᠬᠦ ᠪᠠ ᠴᠠᠭ ᠠᠭᠤᠷ ᠤᠨ ᠭᠠᠮᠰᠢᠭ ᠭᠠᠷᠤᠭᠰᠠᠨ ᠲᠤᠬᠠᠶ ᠶᠢᠨ ᠲᠠᠯᠠᠪᠠᠢ ᠶᠢᠨ ᠴᠠᠭ ᠠᠭᠤᠷ ᠤᠨ ᠦᠢᠯᠡᠴᠢᠯᠡᠭᠡᠨ ᠤ ᠠᠵᠢᠯ ᠤᠨ ᠴᠠᠬᠢᠯᠭᠠᠨ | ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠶᠢ ᠪᠠᠲᠤᠯᠠᠨ᠎ᠠ᠃ | ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠬᠢᠶ᠎ᠠ ᠪᠠᠭᠰᠢ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ | ᠮᠡᠳᠡᠭᠡ ᠵᠠᠩᠭᠢ ᠨᠡᠶᠢᠲᠡᠯᠡᠬᠦ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠶᠢ ᠬᠠᠷᠢᠭᠤᠴᠠᠵᠤ᠂ ᠡᠯ᠎ᠡ ᠵᠦᠢᠯ ᠤᠨ ᠴᠠᠭ ᠠᠭᠤᠷ ᠤᠨ ᠮᠡᠳᠡᠭᠡ ᠵᠠᠩᠭᠢ ᠳᠠᠮᠵᠢᠭᠤᠯᠬᠤ᠂ | ᠮᠡᠳᠡᠭᠦᠯᠦᠨ ᠬᠦᠷᠭᠡᠬᠦ ᠪᠠ ᠨᠡᠶᠢᠲᠡᠯᠡᠬᠦ ᠴᠢᠮᠡᠭᠡ ᠬᠤᠯᠪᠣᠭᠠᠨ ᠤ ᠱᠤᠭᠤᠮ ᠤᠨ ᠰᠠᠭᠠᠳ ᠥᠬᠡᠶ ᠨᠡᠪᠲᠡᠷᠡᠬᠦ ᠶᠢ ᠴᠠᠭ ᠲᠤᠬᠠᠶ ᠳᠤᠨᠢ ᠪᠠᠲᠤᠯᠠᠨ᠎ᠠ᠃ | ᠡᠯ᠎ᠡ ᠵᠡᠭᠡᠯᠢ ᠭᠤᠳᠤᠮᠵᠢ᠄ ᠲᠣᠰ ᠲᠣᠰ ᠤᠨ ᠬᠡᠪᠴᠢᠶᠠᠨ ᠳᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ᠲᠣᠰ ᠪᠡᠯᠡᠳᠬᠡᠯ ᠲᠥᠰᠦᠯ ᠳᠤ ᠵᠢᠭᠰᠠᠭᠠᠭᠰᠠᠨ ᠥᠬᠡᠶ ᠪᠤᠰᠤᠳ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ᠂ ᠲᠤᠭᠤᠷᠢᠭ ᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠢ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠠ | ᠬᠡᠷᠡᠭ ᠶᠠᠪᠤᠳᠠᠯ ᠢ ᠰᠢᠢᠳᠪᠦᠷᠢᠯᠡᠬᠦ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ | ᠬᠢᠨ᠎ᠡ᠃ | 23 ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠭᠤᠶᠢᠯᠠᠩ ᠵᠢᠴᠢ ᠲᠤᠰᠢᠶᠠᠯ ᠬᠠᠷᠢᠭᠤᠴᠠᠯᠭ᠎ᠠ | 231 ᠲᠤᠬᠠᠶ ᠶᠢᠨ ᠲᠠᠯᠠᠪᠤᠷ ᠲᠤ ᠠᠶᠤᠯ ᠠᠴᠠ ᠠᠪᠤᠷᠠᠬᠤ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃ | ᠪᠦᠷᠢᠯᠳᠦᠬᠦᠨ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ | ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠃ | ᠴᠠᠭ ᠠᠭᠤᠷ ᠤᠨ ᠭᠠᠮᠰᠢᠭ ᠤᠨ ᠬᠡᠷᠡᠭ ᠤᠨ ᠳᠤᠮᠳᠠᠬᠢ ᠬᠥᠮᠦᠰ ᠢ ᠡᠷᠢᠵᠦ ᠠᠪᠤᠷᠠᠬᠤ᠂ ᠲᠠᠯᠳᠠ ᠭᠡᠮ ᠢ ᠠᠷᠢᠯᠭᠠᠬᠤ᠂ ᠵᠠᠰᠠᠮᠠᠯ ᠵᠠᠮ ᠤᠨ ᠨᠡᠪᠲᠡᠷᠡᠬᠦ | ᠴᠢᠳᠠᠪᠤᠷᠢ ᠶᠢ ᠰᠡᠷᠭᠦᠭᠡᠬᠦ ᠪᠠ ᠴᠠᠭ ᠠᠭᠤᠷ ᠤᠨ ᠭᠠᠮᠰᠢᠭ ᠠᠴᠠ ᠪᠣᠯᠤᠭᠰᠠᠨ ᠡᠪᠳᠡᠯᠡᠭᠡ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ᠃ | | 232 ᠡᠮᠴᠢᠯᠡᠵᠦ ᠠᠪᠤᠷᠠᠨ ᠲᠤᠰᠠᠯᠠᠬᠤ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃ | ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ | ᠠᠩᠭᠢ᠃ | ᠡᠮᠴᠢᠯᠡᠵᠦ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ᠂ | ᠲᠤᠨᠤᠭ ᠲᠥᠬᠦᠭᠡᠷᠦᠮᠵᠢ᠂ ᠡᠮ ᠡᠮᠨᠡᠯᠭᠡ ᠶᠢᠨ ᠡᠳ᠋ ᠪᠣᠳᠠᠰ ᠵᠡᠷᠭᠡ ᠶᠢ ᠨᠢᠭᠡᠳᠦᠭᠦᠯᠦᠨ ᠰᠢᠯᠵᠢᠭᠦᠯᠦᠨ ᠲᠣᠮᠢᠯᠠᠵᠤ᠂ ᠭᠠᠮᠰᠢᠭᠳᠠᠭᠰᠠᠨ ᠣᠷᠣᠨ ᠳᠤ ᠣᠴᠢᠨ ᠴᠠᠭ | ᠠᠭᠤᠷ ᠤᠨ ᠭᠠᠮᠰᠢᠭ ᠠᠴᠠ ᠪᠣᠯᠤᠭᠰᠠᠨ ᠰᠢᠷᠬᠠᠲᠤᠭᠰᠠᠳ ᠢ ᠲᠤᠬᠠᠶ ᠶᠢᠨ ᠭᠠᠵᠠᠷ ᠲᠤᠨᠢ ᠲᠦᠷᠭᠡᠨ ᠠᠪᠤᠷᠠᠬᠤ᠂ ᠰᠢᠯᠵᠢᠭᠦᠯᠦᠨ ᠲᠡᠭᠡᠭᠡᠪᠦᠷᠢᠯᠡᠬᠦ᠂ ᠡᠮᠨᠡᠯᠭᠡ ᠶᠢᠨ | ᠬᠤᠷᠢᠶᠠᠨ ᠳᠤ ᠠᠪᠤᠷᠠᠨ ᠵᠠᠰᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠬᠦ ᠶᠢ ᠬᠠᠷᠢᠭᠤᠴᠠᠨ᠎ᠠ ᠃ ᠠᠪᠤᠷᠠᠨ ᠲᠤᠰᠠᠯᠠᠬᠤ ᠬᠥᠮᠦᠰ ᠪᠠ | ᠭᠠᠮᠰᠢᠭᠳᠠᠭᠰᠠᠨ ᠣᠷᠣᠨ ᠤ ᠤᠯᠠᠨ ᠲᠦᠮᠡᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃ | 233 ᠠᠮᠤᠷ ᠲᠦᠪᠰᠢᠨ ᠢ ᠬᠠᠮᠠᠭᠠᠯᠠᠬᠤ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠃ | ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ | ᠴᠠᠭ ᠠᠭᠤᠷ ᠤᠨ ᠭᠠᠮᠰᠢᠭ ᠤᠨ ᠬᠡᠷᠡᠭ ᠭᠠᠷᠤᠭᠰᠠᠨ ᠭᠠᠵᠠᠷ ᠤᠨ ᠠᠮᠤᠷ ᠲᠦᠪᠰᠢᠨ ᠤ ᠰᠡᠷᠡᠮᠵᠢᠯᠡᠭᠦᠯᠦᠯᠳᠡ ᠶᠢ ᠬᠠᠷᠢᠭᠤᠴᠠᠨ᠂ ᠬᠥᠮᠦᠰ ᠢ ᠲᠠᠷᠬᠠᠭᠠᠬᠤ | ᠪᠠ ᠰᠢᠯᠵᠢᠭᠦᠯᠦᠨ ᠲᠥᠪᠬᠢᠨᠡᠭᠦᠯᠵᠦ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠨ᠎ᠠ᠃ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ᠃ ᠬᠡᠷᠡᠭ ᠭᠠᠷᠤᠭᠰᠠᠨ ᠲᠤᠬᠠᠶ ᠶᠢᠨ ᠲᠠᠯᠠᠪᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠡᠮᠬᠢ | ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠪᠠ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠣᠭᠤᠳᠬᠤ ᠶᠢ ᠬᠡᠷᠡᠭᠵᠢᠭᠦᠯᠵᠦ᠂ ᠠᠪᠤᠷᠠᠨ | ᠲᠤᠰᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | 234 ᠠᠷᠤ ᠲᠠᠯ᠎ᠠ ᠶᠢᠨ ᠦᠢᠯᠡᠴᠢᠯᠡᠭᠡ ᠶᠢ ᠪᠠᠳᠣᠯᠠᠬᠤ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃ | ᠪᠦᠷᠢᠯᠳᠦᠬᠦᠨ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ | ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠴᠠᠬᠢᠯᠭᠠᠨ | ᠬᠠᠩᠭᠠᠬᠤ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ | ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠃ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ᠂ ᠠᠪᠤᠷᠠᠨ ᠲᠤᠰᠠᠯᠠᠬᠤ ᠠᠵᠢᠯᠳᠠᠨ᠂ ᠴᠠᠭ ᠠᠭᠤᠷ ᠤᠨ | ᠤᠷᠢᠳᠴᠢᠯᠠᠭᠰᠠᠨ ᠮᠡᠳᠡᠭᠡ᠂ ᠴᠠᠬᠢᠯᠭᠠᠨ ᠬᠦᠴᠦᠨ ᠤ ᠪᠠᠲᠤᠯᠠᠭ᠎ᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠭᠠᠮᠰᠢᠭ ᠠᠴᠠ | ᠠᠪᠤᠷᠠᠬᠤ ᠡᠳ᠋ ᠪᠣᠳᠠᠰ ᠨᠥᠭᠡᠴᠡᠯᠡᠬᠦ᠂ ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ᠂ ᠬᠤᠶᠢᠰᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ | ᠬᠠᠷᠢᠭᠤᠴᠠᠵᠤ᠂ ᠲᠤᠬᠠᠶ ᠶᠢᠨ ᠲᠠᠯᠠᠪᠠᠢ ᠬᠢᠭᠡᠳ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠯᠤᠭ᠎ᠠ ᠶᠢᠨ ᠬᠤᠯᠪᠣᠭ᠎ᠠ | ᠬᠠᠷᠢᠯᠴᠠᠭ᠎ᠠ ᠶᠢ ᠪᠠᠶᠢᠭᠤᠯᠤᠨ᠎ᠠ᠃ | 235 ᠪᠠᠶᠢᠴᠠᠭᠠᠵᠤ ᠬᠢᠨᠠᠨ ᠬᠡᠮᠵᠢᠬᠦ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ | ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ | ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ | ᠬᠡᠷᠡᠭ ᠭᠠᠷᠤᠭᠰᠠᠨ ᠭᠠᠵᠠᠷ ᠤᠨ ᠴᠠᠭ ᠠᠭᠤᠷ ᠤᠨ ᠨᠥᠬᠦᠴᠡᠯ ᠬᠢᠭᠡᠳ ᠭᠠᠮᠰᠢᠭ ᠢ ᠪᠠᠶᠢᠴᠠᠭᠠᠨ ᠪᠦᠷᠢᠳᠬᠡᠬᠦ ᠪᠠ ᠬᠥᠳᠡᠯᠦᠩᠭᠦᠶ ᠬᠢᠨᠠᠨ ᠬᠡᠮᠵᠢᠬᠦ ᠶᠢ | ᠬᠠᠷᠢᠭᠤᠴᠠᠨ᠂ ᠴᠠᠭ ᠠᠭᠤᠷ ᠤᠨ ᠭᠠᠮᠰᠢᠭ ᠢ ᠰᠢᠢᠳᠪᠦᠷᠢᠯᠡᠬᠦ ᠳᠤ ᠮᠡᠷᠭᠡᠵᠢᠯ ᠤᠨ ᠳᠡᠮᠵᠢᠯᠭᠡ ᠬᠠᠩᠭᠠᠵᠤ᠂ ᠡᠭᠦᠰᠦᠮᠡᠯ ᠭᠠᠮᠰᠢᠭ ᠭᠠᠷᠴᠤ ᠨᠡᠩ ᠶᠡᠭᠡ ᠬᠥᠮᠦᠨ | ᠦᠬᠦᠵᠦ ᠰᠢᠷᠬᠠᠲᠤᠬᠤ ᠶᠢ ᠰᠡᠷᠭᠡᠶᠢᠯᠡᠨ᠎ᠡ᠃ | 2 3 6 ᠰᠣᠨᠢᠨ ᠮᠡᠳᠡᠭᠡᠯᠡᠯ ᠤᠨ ᠳᠤᠭᠤᠶᠢᠯᠠᠩ | ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠪᠦᠷᠢᠯᠳᠦᠬᠦᠨ ᠨᠢᠭᠡᠴᠡ᠄ ᠲᠣᠭᠤᠷᠢᠭ ᠤᠨ ᠤᠬᠠᠭᠤᠯᠬᠤ ᠬᠡᠯᠲᠡᠰ᠃ | ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠰᠣᠨᠢᠨ ᠮᠡᠳᠡᠭᠡᠨ ᠤ ᠰᠤᠷᠪᠤᠯᠵᠢᠯᠠᠭᠴᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠵᠤ᠂ ᠵᠢᠯᠣᠭᠤᠳᠬᠤ ᠭᠠᠵᠠᠷ ᠤᠨ ᠬᠠᠩᠭᠠᠭᠰᠠᠨ ᠡᠷᠬᠡ ᠰᠦᠷᠲᠦ ᠮᠡᠳᠡᠭᠡ ᠵᠠᠩᠭᠢ ᠶᠢᠨ ᠶᠣᠰᠣᠭᠠᠷ ᠰᠣᠨᠢᠨ ᠮᠡᠳᠡᠭᠡᠨ ᠤ ᠤᠬᠠᠭᠤᠯᠤᠨ ᠮᠡᠳᠡᠭᠡᠯᠡᠬᠦ ᠪᠠ | ᠭᠠᠳᠠᠭᠰᠢ ᠰᠣᠨᠢᠨ ᠮᠡᠳᠡᠭᠡ ᠨᠡᠶᠢᠲᠡᠯᠡᠬᠦ ᠠᠵᠢᠯ ᠢ ᠶᠠᠪᠤᠭᠳᠠᠭᠤᠯᠤᠨ᠎ᠠ᠃ | 237 ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠴᠠᠭ ᠠᠭᠤᠷ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠡᠪᠡᠰᠦ | ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠤᠭᠤᠷᠢᠨ᠂ ᠡᠮᠴᠢᠯᠡᠵᠦ ᠠᠪᠤᠷᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠠᠶᠤᠯᠭᠦᠶ | ᠦᠢᠯᠡᠳᠪᠦᠷᠢᠯᠡᠯ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠨ᠎ᠡ᠃ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠴᠠᠭ ᠠᠭᠤᠷ ᠤᠨ ᠭᠠᠮᠰᠢᠭ ᠢ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠭᠠᠮᠰᠢᠭ ᠤᠨ ᠪᠠᠶᠢᠳᠠᠯ ᠪᠠ ᠬᠥᠭᠵᠢᠯᠲᠡ ᠶᠢᠨ ᠬᠠᠨᠳᠤᠰᠢ ᠶᠢ ᠰᠤᠳᠤᠯᠤᠨ ᠵᠠᠳᠠᠯᠵᠤ᠂ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠰᠢᠢᠳᠪᠦᠷᠢᠳᠦ ᠪᠤᠳᠦᠯᠭ᠎ᠠ ᠲᠣᠭᠲᠠᠭᠠᠬᠤ ᠳᠤ ᠭᠠᠮᠰᠢᠭ ᠠᠴᠠ ᠠᠪᠤᠷᠠᠬᠤ ᠵᠥᠪᠯᠡᠯᠭᠡ ᠪᠤᠶᠤ | ᠰᠠᠨᠠᠭᠤᠯᠭ᠎ᠠ ᠬᠠᠩᠭᠠᠵᠤ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠎ᠠ᠃ | 3 ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ | 31 ᠮᠡᠳᠡᠭᠡ ᠵᠠᠩᠭᠢ ᠶᠢ ᠬᠢᠨᠠᠨ ᠬᠡᠮᠵᠢᠬᠦ᠂ ᠳᠦᠰᠦᠭᠡᠯᠡᠬᠦ ᠪᠠ ᠮᠡᠳᠡᠭᠦᠯᠬᠦ | ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠢ ᠬᠢᠨᠠᠨ | ᠬᠡᠮᠵᠢᠬᠦ᠂ ᠮᠡᠳᠡᠭᠡ ᠵᠠᠩᠭᠢ ᠴᠤᠭᠯᠠᠭᠤᠯᠬᠤ ᠪᠠ ᠲᠥᠰᠦᠭᠡᠯᠡᠵᠦ ᠦᠨᠡᠯᠡᠨ ᠵᠢᠱᠢᠬᠦ ᠠᠵᠢᠯ ᠢ ᠰᠢᠰᠲ᠋ᠧᠮᠵᠢᠭᠦᠯᠦᠨ ᠬᠠᠮᠢᠶᠠᠷᠴᠤ᠂ ᠲᠡᠭᠦᠨ ᠤ ᠬᠠᠷᠢᠶ᠎ᠠ ᠪᠥᠬᠦᠶ ᠴᠠᠭ | ᠠᠭᠤᠷ ᠤᠨ ᠥᠷᠳᠡᠭᠡ ᠨᠢ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠳᠡᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠡ︶ ᠯᠦᠭᠡ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠲᠤᠭᠤᠷᠢᠭ ᠤᠨ ᠴᠠᠭ ᠠᠭᠤᠷ ᠤᠨ | ᠬᠤᠪᠢᠶᠠᠷᠢ ᠲᠣᠪᠴᠢᠶ᠎ᠠ ᠨᠢ ᠲᠤᠭᠤᠷᠢᠭ ᠤᠨ ᠵᠠᠰᠠᠭ ᠤᠨ ᠣᠷᠳᠣᠨ ᠳᠤ ᠲᠦᠰᠢᠭᠯᠡᠨ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠪᠠᠷ ᠰᠠᠭᠤᠷᠢ ᠪᠣᠯᠭᠠᠭᠰᠠᠨ ᠴᠠᠭ | ᠠᠭᠤᠷ ᠤᠨ ᠭᠠᠮᠰᠢᠭ ᠤᠨ ᠪᠠᠶᠢᠴᠠᠭᠠᠯᠲᠠ ᠶᠢᠨ ᠲᠣᠤᠷ ᠰᠦᠯᠵᠢᠶ᠎ᠡ ᠶᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠨᠡᠶᠢᠳᠡᠮ ᠪᠠᠶᠢᠴᠠᠭᠠᠬᠤ᠂ ᠲᠦᠭᠰᠢᠭᠦᠷᠢ ᠶᠢ | ᠦᠨᠡᠯᠡᠨ ᠵᠢᠱᠢᠬᠦ ᠪᠠ ᠲᠦᠭᠰᠢᠭᠦᠷᠢ ᠶᠢᠨ ᠣᠷᠣᠨ ᠬᠤᠪᠢᠶᠠᠷᠢᠯᠠᠬᠤ ᠠᠵᠢᠯ ᠢ ᠵᠣᠬᠢᠶᠠᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠴᠤᠭᠯᠠᠭᠤᠯᠵᠤ ᠦᠨᠡᠯᠡᠨ | ᠵᠢᠱᠢᠬᠦ ᠰᠢᠰᠲ᠋ᠧᠮ ᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠭᠰᠡᠨ᠂ ᠤᠷᠢᠳᠴᠢᠯᠠᠨ | ᠰᠡᠷᠡᠮᠵᠢᠯᠡᠭᠦᠯᠦᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠴᠠᠭ ᠲᠤᠬᠠᠶ ᠳᠤᠨᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ | ᠠᠯᠪᠠᠨ ᠭᠡᠷ ᠲᠤ ᠮᠡᠳᠡᠭᠦᠯᠦᠨ᠎ᠡ᠃ | ᠴᠠᠭ ᠠᠭᠤᠷ ᠤᠨ ᠭᠠᠮᠰᠢᠭ ᠭᠠᠷᠤᠭᠰᠠᠨ ᠤ ᠲᠡᠷᠠᠭ᠎ᠠ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ | ᠪᠠ ᠤᠰᠦᠠ ᠠᠰᠢᠭᠯᠠᠯᠲᠠ ᠵᠡᠷᠭᠡ ᠡᠯ᠎ᠡ ᠪᠦᠷᠢᠯᠳᠦᠬᠦᠨ ᠨᠢᠭᠡᠴᠡ ᠴᠠᠭ ᠠᠭᠤᠷ ᠤᠨ ᠭᠠᠮᠰᠢᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ | ᠳ᠋ᠢᠶᠠᠩᠬᠤᠸᠠ᠂ ᠲᠦᠷᠰᠦᠯᠡᠨ ᠵᠢᠷᠤᠬᠤ᠂ ᠲᠣᠣᠷ ᠰᠦᠯᠵᠢᠶ᠎ᠡ ᠵᠡᠷᠭᠡ ᠤᠯᠡᠠ ᠵᠦᠢᠯ ᠤᠨ ᠠᠷᠭ᠎ᠠ ᠵᠡᠮ ᠢᠶᠠᠷ ᠴᠤᠭᠯᠠᠭᠤᠯᠬᠤ ᠶᠢᠨ ᠬᠠᠮᠲᠤ ᠴᠠᠭ ᠠᠭᠤᠷ ᠤᠨ ᠭᠠᠮᠰᠢᠭ ᠢ | ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠦᠨ᠎ᠡ᠃ | 3 2 ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠠᠵᠢᠯᠯᠠᠭ᠎ᠠ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠭᠰᠡᠨ ᠤᠷᠢᠳᠴᠢᠯᠠᠨ ᠮᠡᠳᠡᠭᠡᠯᠡᠭᠰᠡᠨ ᠤᠷᠢᠳᠴᠢᠯᠠᠨ | ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠠᠵᠢᠯ ᠢ ᠪᠠᠶᠢᠷᠢᠯᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠴᠠᠭ ᠠᠭᠤᠷ ᠤᠨ ᠭᠠᠮᠰᠢᠭ ᠤᠨ | ᠮᠡᠳᠡᠭᠡ ᠵᠠᠩᠭᠢ ᠶᠢ ᠰᠤᠳᠤᠯᠤᠨ ᠵᠠᠳᠠᠯᠵᠤ᠂ ᠴᠠᠭ ᠠᠭᠤᠷ ᠤᠨ ᠭᠠᠮᠰᠢᠭ ᠤᠨ ᠪᠤᠢ ᠪᠤᠯᠭᠠᠵᠤ ᠮᠡᠳᠡᠬᠦ ᠨᠥᠯᠥᠭᠡ ᠪᠠ ᠬᠤᠣᠷ ᠬᠥᠨᠥᠭᠡᠯ ᠤᠨ ᠬᠡᠮᠵᠢᠶ᠎ᠡ ᠶᠢ ᠦᠨᠡᠯᠡᠨ | ᠵᠢᠱᠢᠵᠦ᠂ ᠬᠠᠨᠳᠤᠯᠭᠠᠲᠤ ᠴᠢᠨᠠᠷ ᠲᠠᠢ ᠰᠡᠷᠭᠡᠶᠢᠯᠡᠬᠦ ᠪᠠ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠡᠭᠦᠰᠴᠦ ᠮᠡᠳᠡᠬᠦ ᠪᠥᠭᠡᠳ ᠤᠷᠢᠳᠴᠢᠯᠠᠨ | ᠰᠡᠷᠡᠮᠵᠢᠯᠡᠭᠦᠯᠬᠦ ᠲᠡᠰ ᠲᠤ ᠬᠦᠷᠦᠭᠰᠡᠠ ᠪᠠᠶᠢᠪᠠᠯ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠶᠢ ᠴᠠᠭ ᠲᠤᠬᠠᠶ ᠳᠤᠨᠢ ᠨᠡᠶᠢᠲᠡᠯᠡᠬᠦ ᠶᠢᠨ | ᠬᠠᠮᠲᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃ | ᠡᠯ᠎ᠡ ᠪᠦᠷᠢᠯᠳᠦᠬᠦᠨ ᠨᠢᠭᠡᠴᠡ ᠵᠣᠬᠢᠬᠤ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠠᠶᠤᠯ ᠠᠴᠠ ᠠᠪᠤᠷᠠᠬᠤ ᠡᠩᠨᠡᠭᠡ ᠪᠣᠯᠤᠨ ᠡᠳ᠋ ᠪᠣᠳᠠᠰ ᠤᠨ ᠪᠡᠯᠡᠳᠬᠡᠯ ᠢ | ᠨᠠᠶᠢᠳᠠᠪᠤᠷᠢᠵᠢᠭᠤᠯᠤᠨ᠂ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠬᠠᠮᠲᠤ ᠪᠡᠯᠡᠳᠬᠡᠭᠰᠡᠨ ᠪᠠᠶᠢᠳᠠᠯ ᠢᠶᠠᠨ ᠴᠠᠭ | ᠲᠤᠬᠠᠶ ᠳᠤᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠦᠯᠬᠦᠮ ᠴᠠᠭ ᠠᠭᠤᠷ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠬᠤᠷᠢᠭᠯᠠᠬᠤ ᠵᠢᠯᠤᠭᠤᠳᠤᠮᠵᠢ ᠶᠣᠰᠣᠭᠠᠷ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠴᠠᠭ ᠠᠭᠤᠷ ᠤᠨ | ᠭᠠᠮᠰᠢᠭ ᠤᠨ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠪᠠ ᠲᠡᠭᠦᠨ ᠠᠴᠠ ᠵᠠᠶᠢᠯᠠᠰᠬᠢᠨ᠎ᠠ᠃ ᠤᠷᠢᠳᠴᠢᠯᠠᠨ ᠰᠡᠷᠡᠮᠵᠢᠯᠡᠭᠦᠯᠬᠦ ᠲᠣᠭᠲᠠᠭᠠᠯ ᠲᠣᠭᠲᠠᠭᠠᠭᠰᠠᠨ | ᠤᠢᠭᠡᠢ ᠴᠠᠭ ᠠᠭᠤᠷ ᠤᠨ ᠭᠠᠮᠰᠢᠭ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠦᠯᠬᠦᠮ | ᠭᠠᠮᠰᠢᠭ ᠤᠨ ᠨᠥᠯᠥᠭᠡᠯᠡᠵᠦ ᠮᠡᠳᠡᠬᠦ ᠬᠡᠮᠵᠢᠶ᠎ᠡ ᠪᠣᠯᠤᠨ ᠬᠦᠷᠢᠶ᠎ᠡ ᠬᠡᠪᠴᠢᠶ᠎ᠡ ᠶᠢ ᠦᠨᠳᠦᠰᠦᠯᠡᠨ ᠵᠣᠬᠢᠴᠠᠩᠭᠤᠶ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠤᠨ᠎ᠠ᠃ | | ᠥᠪᠡᠷᠲᠡᠭᠡᠨ ᠵᠠᠰᠠᠬᠤ ᠣᠷᠣᠨ᠂ ᠬᠤᠳᠠ ᠶᠢᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠠᠵᠢᠯ ᠢ ᠡᠬᠢᠯᠡᠭᠦᠯᠬᠦ ᠳᠤ ᠮᠠᠨ ᠤ ᠲᠤᠭᠤᠷᠢᠭ ᠲᠤ | ᠬᠤᠯᠪᠣᠭᠳᠠᠬᠤ ᠦᠶ᠎ᠡ ᠳᠤ᠂ ᠮᠠᠨ ᠤ ᠲᠤᠭᠤᠷᠢᠭ ᠪᠣᠳᠠᠲᠤ ᠪᠠᠶᠢᠳᠠᠯ ᠢᠶᠠᠨ ᠦᠨᠳᠦᠰᠦᠯᠡᠨ᠂ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠤᠨ᠎ᠠ᠃ | 3 3 ᠤᠷᠢᠳᠴᠢᠯᠠᠨ ᠰᠡᠷᠡᠮᠵᠢᠯᠡᠭᠦᠯᠬᠦ ᠶᠢ ᠳᠡᠮᠵᠢᠬᠦ ᠰᠢᠰᠲ᠋ᠧᠮ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ | ᠣᠷᠣᠭᠤᠯᠤᠯᠲᠠ ᠪᠠᠨ ᠨᠡᠮᠡᠭᠳᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ | ᠲᠥᠯᠬᠢᠨ ᠠᠬᠢᠭᠤᠯᠵᠤ᠂ ᠡᠷᠳᠡᠮ ᠰᠢᠨᠵᠢᠯᠡᠭᠡᠨ ᠤ ᠵᠦᠢᠯ ᠪᠠᠶᠢᠭᠤᠯᠬᠤ᠂ ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠪᠥᠳᠥᠭᠡᠨ ᠪᠠᠶᠢᠭᠤᠯᠬᠤ ᠵᠡᠷᠭᠡ ᠠᠷᠭ᠎ᠠ | ᠵᠠᠮ ᠢᠶᠠᠷ ᠳᠠᠮᠵᠢᠨ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠶᠢ ᠳᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠦᠨᠳᠦ ᠶᠡᠭᠡ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠳᠣᠯᠠᠨ᠎ᠠ᠃ | ᠭᠠᠮᠰᠢᠭᠳᠤ ᠴᠠᠭ ᠠᠭᠤᠷ ᠢ ᠬᠢᠨᠠᠨ ᠬᠡᠮᠵᠢᠬᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠵᠦ | ᠦᠢᠯᠡᠳᠬᠦ᠂ ᠴᠠᠭ ᠠᠭᠤᠷ ᠤᠨ ᠮᠡᠳᠡᠭᠡ ᠵᠠᠩᠭᠢ ᠶᠢ ᠳᠠᠮᠵᠢᠭᠤᠯᠬᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠨᠡᠶᠢᠲᠡᠯᠡᠬᠦ ᠪᠠ ᠬᠦᠨᠳᠦ | ᠶᠡᠭᠡ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠪᠣᠯᠪᠠᠰᠤᠷᠠᠭᠤᠯᠵᠤ ᠰᠢᠢᠳᠪᠦᠷᠢᠯᠡᠬᠦ ᠪᠠᠷ ᠭᠤᠣᠯ ᠴᠣᠭᠴᠠ ᠪᠣᠯᠭᠠᠭᠰᠠᠨ ᠴᠠᠭ ᠠᠭᠤᠷ ᠤᠨ | ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠴᠤᠭᠯᠠᠭᠤᠯᠵᠤ ᠦᠨᠡᠯᠡᠨ ᠵᠢᠱᠢᠬᠦ ᠰᠢᠰᠲ᠋ᠧᠮ ᠢ ᠪᠠᠶᠢᠭᠤᠯᠵᠤ᠂ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ | ᠬᠠᠩᠭᠠᠨ᠎ᠠ᠃ | ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ | ᠡᠯ᠎ᠡ ᠰᠠᠯᠠᠭ᠎ᠠ ᠮᠥᠴᠢᠷ ᠯᠦᠭᠡ ᠶᠢᠨ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | 3 4 ᠤᠷᠢᠳᠴᠢᠯᠠᠨ ᠰᠡᠷᠡᠮᠵᠢᠯᠡᠭᠦᠯᠬᠦ ᠳᠡᠰ | ᠡᠯ᠎ᠡ ᠲᠥᠷᠥᠯ ᠤᠨ ᠴᠠᠭ ᠠᠭᠤᠷ ᠤᠨ ᠭᠠᠮᠰᠢᠭ ᠤᠨ ᠨᠥᠯᠥᠭᠡᠯᠡᠬᠦ ᠬᠡᠮᠵᠢᠶ᠎ᠡ ᠵᠢᠴᠢ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠷᠢᠳᠴᠢᠯᠠᠨ | ᠰᠡᠷᠡᠮᠵᠢᠯᠡᠭᠦᠯᠬᠦ ᠲᠠᠰ ᠢ ᠲᠣᠭᠲᠠᠭᠠᠨ᠎ᠠ᠃ ᠤᠷᠢᠳᠴᠢᠯᠠᠨ ᠰᠡᠷᠡᠮᠵᠢᠯᠡᠭᠦᠯᠬᠦ ᠶᠢ Ⅳ ᠳᠡᠰ᠂ Ⅲ ᠳᠡᠰ᠂ Ⅱ ᠳᠡᠰ᠂ Ⅰ ᠳᠡᠰ ᠬᠤᠪᠢᠶᠠᠨ᠂ ᠬᠥᠬᠡ ᠥᠩᠭᠡ᠂ | ᠰᠢᠷ᠎ᠠ ᠥᠩᠭᠡ᠂ ᠤᠯᠠᠪᠤᠷ ᠥᠩᠭᠡ ᠪᠠ ᠤᠯᠠᠭᠠᠨ ᠥᠩᠭᠡ ᠪᠠᠷ ᠳᠡᠰ ᠳᠠᠷᠠᠭᠠᠯᠠᠨ ᠬᠤᠪᠢᠶᠠᠵᠤ᠂ ᠤᠯᠠᠭᠠᠨ ᠥᠩᠭᠡ ᠪᠠᠷ ᠬᠠᠮᠤᠭ ᠥᠨᠳᠥᠷ ᠳᠡᠰ ᠪᠣᠯᠭᠠᠨ᠎ᠠ᠃ | 35 ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠳᠡᠯᠡᠬᠦ | 351 ᠨᠡᠶᠢᠲᠡᠯᠡᠬᠦ ᠲᠦᠷᠢᠮ | ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠤ ︽ᠰᠢᠰᠲ᠋ᠧᠮᠵᠢᠭᠦᠯᠦᠨ ᠬᠠᠮᠢᠶᠠᠷᠬᠤ᠂ ᠨᠢᠭᠡᠳᠦᠯᠲᠡᠶ | ᠨᠡᠶᠢᠲᠡᠯᠡᠬᠦ᠂ ᠲᠦᠷᠭᠡᠨ ᠳᠠᠮᠵᠢᠭᠤᠯᠬᠤ︾ ᠵᠠᠷᠴᠢᠮ ᠢ ᠵᠢᠷᠤᠮᠯᠠᠨ᠎ᠠ᠃ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠤᠭᠤᠷᠢᠭ | ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠦᠢᠯᠡᠳᠬᠦ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠲᠡᠰ ᠤᠨ ᠶᠣᠰᠣᠭᠠᠷ ᠱᠠᠳᠤ ᠬᠤᠪᠢᠶᠠᠨ | ᠨᠡᠶᠢᠲᠡᠯᠡᠨ᠎ᠡ᠃ | 352 ᠨᠡᠶᠢᠲᠡᠯᠡᠬᠦ ᠠᠭᠤᠯᠭ᠎ᠠ | ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ ᠴᠠᠭ ᠠᠭᠤᠷ ᠤᠨ ᠭᠠᠮᠰᠢᠭ ᠤᠨ ᠲᠦᠷᠦᠯ ᠵᠦᠢᠯ᠂ | ᠤᠷᠢᠳᠴᠢᠯᠠᠨ ᠰᠡᠷᠡᠮᠵᠢᠯᠡᠭᠦᠯᠬᠦ ᠲᠡᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ | ᠨᠡᠶᠢᠳᠡᠯᠡᠭᠰᠡᠨ ᠪᠠᠶᠢᠭᠤᠯᠭ᠎ᠠ ᠵᠡᠷᠭᠡ ᠪᠠᠭᠲᠠᠨ᠎ᠠ᠃ | 3 5 3 ᠨᠡᠶᠢᠲᠡᠯᠡᠬᠦ ᠠᠷᠭ᠎ᠠ ᠵᠠᠮ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠣᠯᠠᠨ ᠨᠡᠶᠢᠲᠡ ᠶᠢᠨ ᠵᠠᠭᠤᠴᠢᠯᠠᠭᠤᠷ ᠤᠨ ᠣᠯᠠᠨ ᠵᠦᠢᠯ ᠤᠨ ᠠᠷᠭ᠎ᠠ ᠪᠠᠷᠢᠯ ᠢᠶᠠᠷ ᠬᠠᠷᠢᠯᠴᠠᠨ | ᠨᠥᠬᠦᠪᠥᠷᠢᠯᠡᠭᠰᠡᠨ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠶᠢ ᠪᠠᠶᠢᠭᠤᠯᠤᠨ ᠳᠡᠭᠦᠯᠳᠡᠷᠵᠢᠭᠦᠯᠦᠨ᠎ᠡ᠃ | ᠲᠦᠷᠭᠡᠨ ᠨᠡᠶᠢᠲᠡᠯᠡᠬᠦ ᠰᠠᠭᠠᠳ ᠥᠭᠡᠢ ᠨᠡᠪᠲᠡᠷᠡᠬᠦ ᠵᠠᠮ ᠪᠠᠶᠢᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ᠂ ᠭᠠᠷ ᠤᠲᠠᠰᠤᠨ ᠤ ᠵᠠᠬᠢᠶ᠎ᠠ᠂ | ᠡᠯᠧᠺᠲᠷᠤᠨ ᠦᠵᠡᠭᠦᠯᠬᠦ ᠳᠡᠯᠭᠡᠴᠡ ᠵᠡᠷᠭᠡ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠢᠶᠠᠷ ᠳᠠᠮᠵᠢᠭᠤᠯᠤᠨ ᠴᠠᠭ ᠠᠭᠤᠷ ᠤ ᠭᠠᠮᠰᠢᠭ ᠢ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠲᠤᠨᠢ ᠨᠡᠶᠢᠭᠡᠮ ᠳᠤ ᠨᠡᠶᠢᠳᠡᠯᠡᠨ᠎ᠡ᠃ | 4 ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ | 41 ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ | ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ ᠪᠤᠶᠤ ᠴᠠᠭ ᠠᠭᠤᠷ ᠤᠨ ᠭᠠᠮᠰᠢᠭ ᠨᠢᠭᠡᠨᠲᠡ | ᠬᠢᠶ᠎ᠠ ᠪᠠᠭᠰᠢ ᠲᠤᠭᠤᠷᠢᠭ ᠤᠨ ᠵᠠᠰᠠᠭ ᠵᠠᠬᠢᠷᠭᠠᠨ ᠤ ᠴᠠᠷᠠᠭᠠᠨ ᠳᠤ ᠨᠥᠯᠥᠭᠡ ᠪᠣᠯᠤᠭᠰᠠᠨ ᠦᠶ᠎ᠡ ᠳᠤ᠂ ᠵᠢᠯᠣᠭᠤᠳᠬᠤ ᠭᠠᠵᠠᠷ ᠤᠨ ᠠᠯᠪᠠᠨ ᠬᠡᠷ ᠳᠠᠷᠤᠶ ᠲᠦᠷᠭᠡᠨ | ᠬᠠᠮᠢᠶ᠎ᠠ ᠪᠥᠬᠦᠶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠵᠠᠳᠠᠯᠤᠨ ᠰᠤᠳᠤᠯᠵᠤ ᠮᠠᠭᠠᠳᠯᠠᠭᠤᠯᠤᠨ᠂ ᠴᠠᠭ ᠠᠭᠤᠷ ᠤᠨ ᠭᠠᠮᠰᠢᠭ ᠤᠨ ᠨᠥᠯᠥᠭᠡ ᠵᠢᠴᠢ | ᠲᠡᠭᠦᠨ ᠤ ᠬᠥᠭᠵᠢᠯᠲᠡ ᠶᠢᠨ ᠬᠠᠨᠳᠤᠰᠢ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ | ᠡᠰᠡᠬᠦ ᠰᠠᠨᠠᠭᠤᠯᠭ᠎ᠠ ᠶᠢ ᠳᠣᠷᠠᠳᠣᠨ᠂ ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠪᠠᠴᠢᠮ | ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠲᠠᠰ ᠢ ᠲᠣᠭᠲᠠᠭᠠᠯᠭᠠᠨ᠎ᠠ᠃ | 2 ᠵᠦᠢᠯ ᠠᠴᠠ ᠳᠡᠭᠡᠭᠰᠢ ᠴᠠᠭ ᠠᠭᠤᠷ ᠤᠨ ᠭᠠᠮᠰᠢᠭ ᠵᠡᠷᠭᠡᠪᠡᠷ ᠭᠠᠷᠤᠭᠰᠠᠨ ᠪᠥᠭᠡᠳ ᠲᠣᠰ ᠲᠣᠰ ᠠᠳᠠᠯᠢ ᠪᠤᠰᠤ ᠲᠠᠰ ᠤᠨ ᠪᠠᠴᠢᠮ ᠪᠠᠶᠢᠳᠠᠯ ᠢ | ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠬᠠᠮᠤᠭ ᠤᠨ ᠥᠨᠳᠥᠷ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ | ᠪᠠᠷᠢᠮᠵᠢᠶ᠎ᠠ ᠶᠢᠨ ᠭᠠᠮᠰᠢᠭ ᠤᠨ ᠲᠥᠷᠥᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠨ᠎ᠡ᠃ 2 ᠵᠦᠢᠯ ᠠᠴᠠ ᠳᠡᠭᠡᠭᠰᠢ ᠴᠠᠭ ᠠᠭᠤᠷ ᠤᠨ | ᠭᠠᠮᠰᠢᠭ ᠵᠡᠷᠭᠡᠪᠡᠷ ᠭᠠᠷᠤᠭᠰᠠᠨ ᠪᠥᠭᠡᠳ ᠴᠥᠮ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠥᠬᠡᠶ ᠪᠣᠯᠪᠠᠴᠤ ᠬᠤᠬᠢᠷᠠᠯ | ᠪᠠ ᠨᠥᠯᠥᠭᠡ ᠭᠠᠷᠭᠠᠵᠤ ᠮᠡᠳᠡᠬᠦ ᠪᠤᠶᠤ ᠨᠢᠭᠡᠨᠲᠡ ᠤᠴᠠᠷᠠᠭᠤᠯᠤᠭᠰᠠᠨ ᠪᠠᠶᠢᠪᠠᠯ᠂ ᠠᠳᠠᠯᠢ ᠪᠤᠰᠤ ᠬᠡᠮᠵᠢᠶᠡᠨ ᠤ ᠬᠤᠬᠢᠷᠠᠯ ᠪᠠ ᠨᠥᠯᠥᠭᠡ ᠶᠢ ᠦᠨᠳᠦᠰᠦᠯᠡᠨ | ᠶᠡᠷᠦᠩᠬᠡᠶᠢᠯᠡᠨ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠨ᠎ᠡ᠃ | 42 ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ | ᠭᠠᠮᠰᠢᠭ ᠤᠨ ᠬᠦᠨᠳᠦ ᠨᠣᠴᠢᠲᠠᠶ ᠬᠡᠮᠵᠢᠶ᠎ᠡ ᠪᠣᠯᠤᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠠᠵᠢᠯᠯᠠᠭ᠎ᠠ ᠶᠢᠨ ᠳᠡᠰ ᠢ ᠳᠣᠣᠷ᠎ᠠ ᠳᠡᠰ ᠠᠴᠠ ᠥᠨᠳᠥᠷ ᠳᠡᠰ ᠬᠦᠷᠲᠡᠯ᠎ᠡ ᠡᠩ ᠤᠨ ︵Ⅳ ᠳᠡᠰ︶᠂ ᠨᠡᠯᠢᠶᠡᠳ ᠬᠦᠨᠳᠦ ︵Ⅲ ᠳᠡᠰ︶᠂ ᠬᠦᠨᠳᠦ ︵ | Ⅱ ᠳᠡᠰ︶᠂ ᠣᠨᠴᠠ ᠬᠦᠨᠳᠦ ︵Ⅰ ᠳᠡᠰ︶ ᠭᠡᠬᠦ ᠲᠦᠷᠪᠡᠨ ᠳᠡᠰ ᠢᠶᠠᠷ ᠲᠣᠭᠲᠠᠭᠠᠨ᠎ᠠ᠃ | Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ᠂ ᠰᠢᠭᠤᠷᠭ᠎ᠠ᠂ ᠥᠨᠳᠥᠷ ᠳᠤᠯᠠᠭᠠᠨ᠂ ᠶᠡᠭᠡ ᠰᠠᠯᠬᠢ ︵ᠡᠯᠡᠰᠦᠨ | ᠰᠢᠭᠤᠷᠭ᠎ᠠ︶᠂ ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠂ ᠮᠥᠨᠳᠥᠷ ︵ᠠᠶᠤᠩᠭ᠎ᠠ ᠴᠠᠬᠢᠯᠭᠠᠨ︶᠂ ᠶᠡᠭᠡ ᠮᠠᠨᠠᠨ | ᠵᠡᠷᠭᠡ ᠴᠠᠭ ᠠᠭᠤᠷ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ ᠭᠠᠮᠰᠢᠭ ᠡᠭᠦᠰᠬᠡᠬᠦ᠄ | ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ | ᠣᠷᠣᠬᠤ ︵ᠪᠤᠶᠤ ᠤᠷᠤᠭᠰᠠᠨ︶ ᠪᠤᠶᠤ ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ ᠣᠷᠤᠬᠤ ︵ᠪᠤᠶᠣ | ᠣᠷᠣᠭᠰᠠᠨ︶᠃ | ᠰᠢᠭᠤᠷᠭ᠎ᠠ᠄ 24 ᠴᠠᠭ ᠤᠨ ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠮᠢᠯᠢᠮᠧᠲᠷ ᠠᠴᠠ ᠳᠡᠭᠡᠭᠰᠢ ᠴᠠᠰᠤ ᠣᠷᠣᠬᠤ | ︵ᠪᠤᠶᠤ ᠤᠷᠤᠭᠰᠠᠨ︶ ᠪᠤᠶᠤ ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ ᠣᠷᠤᠬᠤ ︵ᠪᠤᠶᠣ ᠣᠷᠣᠭᠰᠠᠨ︶᠃ | ᠥᠨᠳᠥᠷ ᠳᠤᠯᠠᠭᠠᠨ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠬᠠᠮᠤᠭ ᠤᠨ ᠥᠨᠳᠥᠷ ᠠᠭᠠᠷ ᠤᠨ | ᠳᠤᠯᠠᠭᠠᠨ 37℃ ᠠᠴᠠ ᠳᠡᠭᠡᠭᠰᠢ ᠪᠤᠯᠬᠤ ︵ᠪᠤᠶᠤ ᠪᠤᠯᠤᠭᠰᠠᠨ︶ ᠪᠥᠭᠡᠳ 37℃ ᠠᠴᠠ ᠳᠡᠭᠡᠭᠰᠢᠬᠢ ᠥᠨᠳᠥᠷ ᠳᠤᠯᠠᠭᠠᠨ ᠴᠠᠭ ᠠᠭᠤᠷ 3 ᠡᠳᠦᠷ ᠠᠴᠠ ᠳᠡᠭᠡᠭᠰᠢ | ᠦᠷᠭᠦᠯᠵᠢᠯᠡᠬᠦ᠃ | ᠶᠡᠭᠡ ᠰᠠᠯᠬᠢ ︵ᠡᠯᠡᠰᠦᠨ ᠰᠢᠭᠤᠷᠭ᠎ᠠ︶᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠲᠠᠰ ᠠᠴᠠ | ᠳᠡᠭᠡᠭᠰᠢ ᠶᠡᠭᠡ ᠰᠠᠯᠬᠢ ᠭᠠᠷᠬᠤ ︵ᠪᠣᠶᠣ ᠭᠠᠷᠤᠭᠰᠠᠨ︶ ᠪᠥᠭᠡᠳ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ ᠃ ᠡᠰᠡᠬᠦᠯ᠎ᠡ 24 ᠴᠠᠭ ᠤᠨ | ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠦᠵᠡᠭᠳᠡᠴᠡ ᠨᠢ 50 ᠮᠧᠲᠷ ᠠᠴᠠ ᠪᠠᠭ᠎ᠠ ᠣᠨᠴᠠ ᠶᠡᠭᠡ ᠡᠯᠡᠰᠦᠨ ᠰᠢᠭᠤᠷᠭ᠎ᠠ ᠭᠠᠷᠬᠤ ︵ | ᠪᠣᠶᠣ ᠭᠠᠷᠤᠭᠰᠠᠨ︶ ᠪᠥᠭᠡᠳ ᠡᠯᠡᠰᠦᠨ ᠰᠢᠭᠤᠷᠭ᠎ᠠ ᠶᠢᠨ ᠴᠠᠭ ᠠᠭᠤᠷ 24 ᠴᠠᠭ ᠪᠤᠶᠤ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ ᠪᠠᠶᠢᠬᠤ᠃ | ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ | ᠬᠡᠮᠵᠢᠬᠦ ᠥᠷᠳᠡᠭᠡᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠤ ᠳᠣᠯᠠᠭᠠᠨ ᠤ ᠬᠡᠮᠵᠢᠶ᠎ᠡ ᠲᠠᠢ ᠠᠳᠠᠯᠢᠳᠬᠠᠪᠠᠯ ᠶᠡᠷᠦ ᠪᠤᠰᠤ ᠶᠢᠨ ᠳᠣᠣᠷ᠎ᠠ ᠳᠣᠯᠠᠭᠠᠨ ᠤ | ᠬᠦᠢᠲᠡᠨ ᠠᠭᠤᠷ ᠠᠮᠢᠰᠬᠤᠯ ᠭᠠᠷᠬᠤ ︵ᠪᠤᠶᠤ ᠭᠠᠷᠣᠭᠰᠠᠨ︶᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ ᠦᠵᠡᠭᠦᠯᠬᠦ | ᠃ | ᠮᠥᠨᠳᠥᠷ ︵ᠠᠶᠤᠩᠭ᠎ᠠ ᠴᠠᠬᠢᠯᠭᠠᠨ︶᠄ 24 ᠴᠠᠭ ᠤᠨ ᠳᠣᠲᠣᠷ᠎ᠠ ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠨᠡᠯᠢᠶᠡᠳ ᠴᠢᠩᠭ᠎ᠠ ᠮᠥᠨᠳᠥᠷ | ᠪᠤᠶᠤ ᠠᠶᠤᠩᠭ᠎ᠠ ᠴᠠᠬᠢᠯᠭᠠᠨ ᠲᠠᠢ ᠴᠠᠭ ᠠᠭᠤᠷ ᠢᠯᠡᠷᠡᠬᠦ ︵ᠪᠤᠶᠤ ᠢᠯᠡᠷᠡᠭᠰᠡᠨ︶᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠬᠦᠨᠳᠦ | ᠨᠥᠯᠥᠭᠡ ᠦᠵᠡᠭᠦᠯᠬᠦ ᠃ | ᠶᠡᠭᠡ ᠮᠠᠨᠠᠨ᠄ ᠵᠢᠱᠢᠯᠲᠡ ᠪᠠᠷ ᠢᠷᠡᠭᠡᠳᠦᠶ ᠶᠢᠨ 3 ᠡᠳᠦᠷ ᠳᠠᠷᠠᠭᠠᠯᠠᠨ ᠰᠢᠯᠭᠠᠬᠤ ᠥᠷᠲᠡᠭᠡᠨ ᠳᠤ ᠦᠵᠡᠭᠳᠡᠴᠡ ᠨᠢ 50 ᠮᠧᠲᠷ ᠠᠴᠠ ᠪᠠᠭ᠎ᠠ ᠥᠳᠬᠡᠨ | ᠮᠠᠨᠠᠨ ᠭᠠᠷᠬᠤ᠃ | Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ᠂ ᠰᠢᠭᠤᠷᠭ᠎ᠠ᠂ ᠥᠨᠳᠥᠷ ᠳᠤᠯᠠᠭᠠᠨ᠂ ᠶᠡᠭᠡ ᠰᠠᠯᠬᠢ ︵ᠡᠯᠡᠰᠦᠨ | ᠰᠢᠭᠤᠷᠭ᠎ᠠ︶᠂ ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠂ ᠮᠥᠨᠳᠥᠷ ︵ᠠᠶᠤᠩᠭ᠎ᠠ ᠴᠠᠬᠢᠯᠭᠠᠨ︶ ᠵᠡᠷᠭᠡ ᠴᠠᠭ | ᠠᠭᠤᠷ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ ᠭᠠᠮᠰᠢᠭ ᠡᠭᠦᠰᠬᠡᠬᠦ᠄ | ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ | ᠣᠷᠣᠬᠤ ︵ᠪᠤᠶᠤ ᠤᠷᠤᠭᠰᠠᠨ︶ ᠪᠤᠶᠤ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ ᠣᠷᠤᠬᠤ ︵ | ᠪᠤᠶᠣ ᠣᠷᠣᠭᠰᠠᠨ︶᠃ | ᠰᠢᠭᠤᠷᠭ᠎ᠠ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠮᠢᠯᠢᠮᠧᠲᠷ ᠠᠴᠠ ᠳᠡᠭᠡᠭᠰᠢ ᠴᠠᠰᠤ ᠣᠷᠣᠬᠤ | ︵ᠪᠤᠶᠤ ᠤᠷᠤᠭᠰᠠᠨ︶ ᠪᠤᠶᠤ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ ᠣᠷᠤᠬᠤ ︵ᠪᠤᠶᠣ ᠣᠷᠣᠭᠰᠠᠨ︶᠃ | | ᠥᠨᠳᠥᠷ ᠳᠤᠯᠠᠭᠠᠨ᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠬᠠᠮᠤᠭ ᠤᠨ ᠥᠨᠳᠥᠷ ᠠᠭᠠᠷ ᠤᠨ | ᠳᠤᠯᠠᠭᠠᠨ 40℃ ᠠᠴᠠ ᠳᠡᠭᠡᠭᠰᠢ ᠪᠤᠯᠬᠤ ︵ᠪᠤᠶᠤ ᠪᠤᠯᠤᠭᠰᠠᠨ︶ ᠪᠥᠭᠡᠳ 40℃ ᠠᠴᠠ ᠳᠡᠭᠡᠭᠰᠢᠬᠢ ᠥᠨᠳᠥᠷ ᠳᠤᠯᠠᠭᠠᠨ ᠴᠠᠭ ᠠᠭᠤᠷ 3 ᠡᠳᠦᠷ ᠠᠴᠠ ᠳᠡᠭᠡᠭᠰᠢ | ᠦᠷᠭᠦᠯᠵᠢᠯᠡᠬᠦ᠃ | ᠶᠡᠭᠡ ᠰᠠᠯᠬᠢ ︵ᠡᠯᠡᠰᠦᠨ ᠰᠢᠭᠤᠷᠭ᠎ᠠ︶᠄ 24 ᠴᠠᠭ ᠤᠨ ᠳᠣᠲᠣᠷ᠎ᠠ ᠳᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠲᠠᠰ ᠠᠴᠠ | ᠳᠡᠭᠡᠭᠰᠢ ᠶᠡᠭᠡ ᠰᠠᠯᠬᠢ ᠭᠠᠷᠬᠤ ︵ᠪᠣᠶᠣ ᠭᠠᠷᠤᠭᠰᠠᠨ︶ ᠪᠥᠭᠡᠳ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ᠃ ᠡᠰᠡᠬᠦᠯ᠎ᠡ ᠭᠤᠷᠪᠠᠨ ᠴᠠᠭ | ᠠᠭᠤᠷ ᠤᠨ ᠬᠢᠨᠠᠨ ᠬᠡᠮᠵᠢᠬᠦ ᠥᠷᠲᠡᠭᠡᠨ ᠳᠤ 12 ᠲᠠᠰ ᠠᠴᠠ ᠳᠡᠭᠡᠭᠰᠢ ᠶᠡᠭᠡ ᠰᠠᠯᠬᠢ ᠭᠠᠷᠬᠤ ︵ᠪᠣᠶᠣ ᠭᠠᠷᠤᠭᠰᠠᠨ︶ ᠪᠥᠭᠡᠳ 24 ᠴᠠᠭ ᠠᠴᠠ ᠳᠡᠭᠡᠭᠰᠢ | ᠦᠷᠭᠦᠯᠵᠢᠯᠡᠬᠦ ᠪᠣᠯᠤᠯᠴᠠᠭ᠎ᠠ ᠲᠠᠢ ᠃ ᠡᠰᠡᠬᠦᠯ᠎ᠡ 24 ᠴᠠᠭ ᠤᠨ ᠳᠣᠲᠣᠷ᠎ᠠ ᠦᠵᠡᠭᠳᠡᠴᠡ ᠨᠢ 50 ᠮᠧᠲᠷ ᠠᠴᠠ ᠪᠠᠭ᠎ᠠ ᠣᠨᠴᠠ ᠶᠡᠭᠡ ᠡᠯᠡᠰᠦᠨ ᠰᠢᠭᠤᠷᠭ᠎ᠠ ᠭᠠᠷᠬᠤ | ︵ᠪᠣᠶᠣ ᠭᠠᠷᠤᠭᠰᠠᠨ︶ ᠪᠥᠭᠡᠳ ᠡᠯᠡᠰᠦᠨ ᠰᠢᠭᠤᠷᠭ᠎ᠠ ᠶᠢᠨ ᠴᠠᠭ ᠠᠭᠤᠷ 24 ᠴᠠᠭ ᠪᠤᠶᠤ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ ᠪᠠᠶᠢᠬᠤ | ᠃ | ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ | ᠬᠢᠨᠠᠨ ᠬᠡᠮᠵᠢᠬᠦ ᠥᠷᠳᠡᠭᠡᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠤ ᠳᠣᠯᠠᠭᠠᠨ ᠤ ᠬᠡᠮᠵᠢᠶ᠎ᠡ ᠲᠠᠢ ᠠᠳᠠᠯᠢᠳᠬᠠᠪᠠᠯ ᠶᠡᠷᠦ ᠪᠤᠰᠤ ᠶᠢᠨ ᠳᠣᠣᠷ᠎ᠠ ᠳᠣᠯᠠᠭᠠᠨ ᠤ | ᠬᠦᠢᠲᠡᠨ ᠠᠭᠤᠷ ᠠᠮᠢᠰᠬᠤᠯ ᠭᠠᠷᠬᠤ ︵ᠪᠤᠶᠤ ᠭᠠᠷᠤᠭᠰᠠᠨ︶ ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ | ᠦᠵᠡᠭᠦᠯᠬᠦ ᠃ | ᠮᠥᠨᠳᠥᠷ ︵ᠠᠶᠤᠩᠭ᠎ᠠ ᠴᠠᠬᠢᠯᠭᠠᠨ︶᠄ 24 ᠴᠠᠭ ᠤᠨ ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠨᠡᠯᠢᠶᠡᠳ ᠴᠢᠩᠭ᠎ᠠ | ᠮᠥᠨᠳᠥᠷ ᠪᠤᠶᠤ ᠠᠶᠤᠩᠭ᠎ᠠ ᠴᠠᠬᠢᠯᠭᠠᠨ ᠲᠠᠢ ᠴᠠᠭ ᠠᠭᠤᠷ ᠢᠯᠡᠷᠡᠬᠦ ︵ᠪᠤᠶᠤ ᠢᠯᠡᠷᠡᠭᠰᠡᠨ︶᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ | ᠬᠦᠨᠳᠦ ᠨᠥᠯᠥᠭᠡ ᠦᠵᠡᠭᠦᠯᠬᠦ ᠪᠦᠭᠡᠳ ᠭᠦᠨᠳᠦ ᠨᠤᠴᠢᠳᠡᠢ ᠬᠦᠮᠦᠨ ᠦᠬᠦᠵᠦ ᠰᠢᠷᠬᠠᠳᠤᠬᠤ ᠪᠤᠯᠤᠯᠴᠠᠭ᠎ᠠ ᠲᠠᠢ᠃ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ᠂ ᠰᠢᠭᠤᠷᠭ᠎ᠠ | ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ ᠭᠠᠮᠰᠢᠭ ᠡᠭᠦᠰᠬᠡᠬᠦ᠄ | ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠡᠳᠡᠭᠡᠨ ᠳᠤ 50 ᠮᠢᠯᠢᠮᠧᠲᠷ ᠠᠴᠠ ᠳᠡᠭᠡᠭᠰᠢ | ᠪᠣᠷᠣᠭᠠᠨ ᠣᠷᠣᠬᠤ ︵ᠪᠤᠶᠤ ᠣᠷᠣᠭᠰᠠᠨ︶ ᠪᠤᠶᠤ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ | ᠣᠷᠣᠬᠤ ︵ᠪᠤᠶᠤ ᠣᠷᠣᠭᠰᠠᠨ︶᠃ | ᠰᠢᠭᠤᠷᠭ᠎ᠠ᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ10 ᠮᠢᠯᠢᠮᠧᠲᠷ ᠠᠴᠠ ᠳᠡᠭᠡᠭᠰᠢ ᠴᠠᠰᠤ ᠣᠷᠣᠬᠤ ︵ | ᠪᠤᠶᠤ ᠣᠷᠣᠭᠰᠠᠨ︶ ᠃ ᠡᠰᠡᠬᠦᠯ᠎ᠡ24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ | ᠣᠷᠣᠬᠤ ︵ᠪᠤᠶᠤ ᠣᠷᠣᠭᠰᠠᠨ︶ ᠃ | Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ | ᠳᠣᠣᠷ᠎ᠠ ᠵᠢᠭᠰᠠᠭᠠᠭᠰᠠᠨ ᠪᠠᠶᠢᠳᠠᠯ ᠢᠯᠡᠷᠡᠪᠡ᠄ | ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠲᠠᠪᠤᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ | ᠣᠷᠣᠬᠤ ︵ ᠪᠤᠶᠤ ᠣᠷᠣᠭᠰᠠᠨ︶ ᠪᠤᠶᠤ ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ ︵ | ᠪᠤᠶᠤ ᠣᠷᠣᠭᠰᠠᠨ︶᠃ | 43 ᠠᠵᠢᠯᠯᠠᠭ᠎ᠠ ᠡᠬᠢᠯᠡᠭᠦᠯᠬᠦ | ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠵᠡᠷᠭᠡ ᠲᠣᠭᠲᠠᠭᠠᠭᠰᠠᠨ ᠳᠣᠰᠢᠶᠠᠯ ᠬᠠᠷᠢᠭᠤᠴᠠᠯᠭ᠎ᠠ ᠶᠢᠨ | ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠦᠳᠲᠡᠷ ᠲᠦᠷᠭᠡᠨ ᠣᠷᠣᠵᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠂ | ᠮᠡᠳᠡᠭᠡ ᠵᠠᠩᠭᠢ ᠶᠢᠨ ᠨᠡᠪᠲᠡᠷᠡᠭᠦᠯᠵᠦ ᠬᠤᠷᠢᠶᠠᠩᠭᠤᠶᠢᠯᠠᠬᠤ᠂ ᠵᠠᠳᠠᠯᠤᠨ ᠰᠤᠳᠤᠯᠵᠤ ᠮᠠᠭᠠᠳᠯᠠᠬᠤ᠂ ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠵᠤ᠂ ᠲᠤᠭᠤᠷᠢᠭ | ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠴᠠᠭ ᠠᠭᠤᠷ ᠤᠨ ᠭᠠᠮᠰᠢᠭ ᠤᠨ ᠡᠭᠦᠰᠦᠭᠰᠡᠨ ᠬᠡᠮᠵᠢᠶ᠎ᠡ ᠪᠠ ᠬᠡᠪᠴᠢᠶ᠎ᠡ ᠵᠢᠴᠢ ᠲᠡᠭᠦᠨ ᠠᠴᠠ | ᠡᠭᠦᠰᠦᠭᠰᠡᠨ ᠡᠭᠦᠰᠦᠮᠡᠯ ᠭᠠᠮᠰᠢᠭ ᠤᠨ ᠲᠥᠷᠥᠯ ᠢᠯᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠢ ᠡᠬᠢᠯᠡᠭᠦᠯᠦᠨ᠎ᠡ᠃ | | 44 ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ | ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ᠂ ᠲᠤᠭᠤᠷᠢᠭ ᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠴᠠᠭ ᠲᠤᠬᠠᠶ ᠳᠤᠨᠢ ᠪᠦᠷᠢᠯᠳᠦᠬᠦᠨ ᠨᠢᠭᠡᠴᠡ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠳ ᠢ | ᠵᠣᠬᠢᠶᠠᠨ ᠪᠠᠶᠢᠭᠤᠯᠵᠤ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ᠂ ᠬᠥᠭᠵᠢᠯᠲᠡ ᠶᠢᠨ ᠬᠠᠨᠳᠤᠰᠢ ᠵᠡᠷᠭᠡ ᠶᠢ | ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠦᠨᠳᠦᠰᠦᠯᠡᠯ ᠬᠠᠩᠭᠠᠨ᠎ᠠ᠃ | 4 5 ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠳᠡᠰ ᠳᠡᠪᠰᠢᠬᠦ ᠪᠠ ᠵᠣᠭᠰᠣᠭᠠᠬᠤ | ᠦᠨᠡᠯᠡᠨ ᠵᠢᠱᠢᠬᠦ ᠪᠠᠷ ᠳᠠᠮᠵᠢᠭᠠᠳ ᠭᠠᠮᠰᠢᠭᠲᠤ ᠴᠠᠭ ᠠᠭᠤᠷ ᠤᠨ ᠨᠥᠯᠥᠭᠡᠯᠡᠯ ᠤᠨ ᠬᠡᠮᠵᠢᠶ᠎ᠡ ᠤᠯᠠᠮ ᠨᠢᠭᠡ ᠠᠯᠬᠤᠮ ᠥᠷᠭᠡᠳᠬᠦ ᠪᠤᠶᠤ ᠬᠦᠨᠳᠦᠷᠡᠬᠦ ᠭᠡᠵᠦ | ᠦᠵᠡᠪᠡᠯ᠂ ᠵᠢᠯᠣᠭᠤᠳᠬᠤ ᠭᠠᠵᠠᠷ ᠠᠴᠠ ᠴᠠᠭ ᠲᠤᠬᠠᠶ ᠳᠤᠨᠢ ᠵᠠᠷᠯᠢᠭ ᠪᠠᠭᠤᠯᠭᠠᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠲᠠᠰ ᠢ ᠳᠡᠪᠰᠢᠭᠦᠯᠦᠨ᠎ᠡ᠃ | ᠦᠨᠡᠯᠡᠨ ᠵᠢᠱᠢᠬᠦ ᠪᠠᠷ ᠳᠠᠮᠵᠢᠭᠠᠳ ᠭᠠᠮᠰᠢᠭᠲᠤ ᠴᠠᠭ ᠠᠭᠤᠷ ᠳᠠᠭᠤᠰᠴᠤ᠂ ᠴᠠᠭ ᠠᠭᠤᠷ ᠤᠨ ᠭᠠᠮᠰᠢᠭ ᠪᠦᠲᠦᠮᠵᠢᠲᠡᠶ ᠰᠢᠢᠳᠪᠦᠷᠢᠯᠡᠭᠳᠡᠭᠰᠡᠨ ᠭᠡᠵᠦ ᠦᠵᠡᠪᠡᠯ᠂ | ᠵᠢᠯᠣᠭᠤᠳᠬᠤ ᠭᠠᠵᠠᠷ ᠠᠴᠠ ᠵᠠᠷᠯᠢᠭ ᠪᠠᠭᠤᠯᠭᠠᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠵᠤᠭᠰᠤᠭᠠᠨ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ | ᠡᠬᠢᠯᠡᠭᠦᠯᠦᠭᠰᠡᠨ ᠰᠠᠯᠠᠭ᠎ᠠ ᠮᠥᠴᠢᠷ ᠠᠵᠢᠯᠯᠠᠭ᠎ᠠ ᠪᠠᠨ ᠵᠤᠭᠰᠤᠭᠠᠨ᠎ᠠ᠃ | 5 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠳᠡ | 5 1 ᠭᠠᠮᠰᠢᠭ ᠢ ᠪᠠᠶᠢᠴᠠᠭᠠᠬᠤ ᠪᠠ ᠦᠨᠡᠯᠡᠨ ᠵᠢᠱᠢᠬᠦ | ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠠᠴᠠ ᠬᠠᠮᠢᠶ᠎ᠠ ᠪᠥᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠶᠢ ᠥᠷᠨᠢᠭᠦᠯᠵᠦ᠂ ᠭᠠᠮᠰᠢᠭ ᠤᠨ ᠨᠥᠯᠦᠭᠡᠯᠡᠭᠰᠡᠨ ᠬᠡᠪᠴᠢᠶ᠎ᠡ ᠪᠣᠯᠤᠨ ᠬᠡᠮᠵᠢᠶ᠎ᠡ ᠶᠢ ᠪᠦᠷᠢᠳᠬᠡᠨ᠎ᠡ᠃ | 52 ᠬᠤᠶᠢᠰᠢ ᠶᠢᠨ ᠶᠠᠪᠤᠳᠠᠯ ᠢ ᠰᠢᠢᠳᠪᠦᠷᠢᠯᠡᠬᠦ | ᠴᠠᠭ ᠠᠭᠤᠷ ᠤᠨ ᠭᠠᠮᠰᠢᠭ ᠳᠠᠭᠤᠰᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠭᠠᠯᠢ ᠶᠢᠨ | ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠤᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠬᠤᠬᠢᠷᠠᠯ ᠢ ᠦᠨᠡᠯᠡᠨ ᠵᠢᠱᠢᠬᠦ ᠠᠵᠢᠯ ᠢ ᠴᠠᠭ ᠳᠤᠬᠠᠢ ᠳᠤᠨᠢ | ᠵᠤᠬᠢᠶᠠᠨ ᠪᠠᠶᠢᠭᠤᠯᠵᠤ ᠵᠢᠯᠤᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠠᠯᠠᠭ᠎ᠠ ᠮᠥᠴᠢᠷ ᠭᠠᠮᠰᠢᠭᠳᠠᠭᠰᠠᠨ ᠣᠷᠣᠨ ᠤ ᠬᠢᠵᠢᠭ ᠢ ᠰᠡᠷᠭᠡᠶᠢᠯᠡᠬᠦ ᠠᠵᠢᠯ ᠢ | ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠪᠠᠳᠣᠯᠠᠨ᠎ᠠ᠃ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠪᠠ ᠵᠠᠮ ᠬᠠᠷᠢᠯᠴᠠᠭᠠᠨ ᠤ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠶᠢᠨ ᠬᠠᠮᠲᠤ ᠭᠠᠮᠰᠢᠭᠳᠠᠭᠰᠠᠨ ᠬᠥᠮᠦᠰ ᠢ ᠬᠠᠪᠰᠤᠷᠴᠤ ᠠᠮᠤᠷ ᠲᠦᠪᠰᠢᠨ ᠰᠢᠯᠵᠢᠭᠦᠯᠦᠨ᠎ᠡ᠃ ᠵᠠᠮ ᠬᠠᠷᠢᠯᠴᠠᠭᠠᠨ ᠤ ᠰᠠᠯᠠᠭ᠎ᠠ ᠮᠥᠴᠢᠷ | ᠡᠪᠳᠡᠷᠡᠵᠦ ᠰᠦᠢᠳᠦᠭᠰᠡᠨ ᠵᠠᠮ ᠢ ᠴᠠᠭ ᠲᠤᠬᠠᠶ ᠳᠤᠨᠢ ᠰᠡᠯᠪᠢᠨ ᠵᠠᠰᠠᠵᠤ ᠵᠠᠮ ᠬᠠᠷᠢᠯᠴᠠᠭᠠᠨ ᠤ ᠰᠠᠭᠠᠳ ᠥᠭᠡᠢ ᠨᠡᠪᠲᠡᠷᠡᠬᠦ ᠶᠢ ᠪᠠᠳᠣᠯᠠᠨ᠎ᠠ᠃ ᠴᠠᠬᠢᠯᠭᠠᠨ ᠬᠠᠩᠭᠠᠬᠤ | ᠰᠠᠯᠠᠭ᠎ᠠ ᠮᠥᠴᠢᠷ ᠴᠠᠬᠢᠯᠭᠠᠨ ᠲᠣᠣᠷ ᠤᠨ ᠬᠡᠪ ᠤᠨ ᠶᠣᠰᠣᠭᠠᠷ ᠴᠠᠬᠢᠯᠭᠠᠨ ᠬᠠᠩᠭᠠᠬᠤ ᠶᠢ ᠬᠠᠮᠠᠭᠠᠯᠠᠵᠤ᠂ ᠭᠠᠮᠰᠢᠭᠳᠠᠭᠰᠠᠨ ᠣᠷᠣᠨ ᠤ ᠴᠠᠬᠢᠯᠭᠠᠨ ᠬᠦᠴᠦᠨ ᠤ | ᠬᠠᠩᠭᠠᠯᠭ᠎ᠠ ᠶᠢ ᠪᠠᠳᠣᠯᠠᠨ᠎ᠠ᠃ | 53 ᠳ᠋ᠦᠩᠨᠡᠯᠳᠡ | ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠲᠠᠷᠠᠭ᠎ᠠ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ | ᠴᠠᠭ ᠲᠤᠬᠠᠶ ᠳᠤᠨᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠥᠬᠦ ᠲᠠᠯ᠎ᠠ ᠪᠠᠷ ᠵᠠᠳᠠᠯᠤᠨ ᠳ᠋ᠦᠩᠨᠡᠬᠦ ᠠᠵᠢᠯ ᠢ ᠵᠣᠬᠢᠶᠠᠨ ᠪᠠᠶᠢᠭᠤᠯᠤᠨ᠂ ᠠᠰᠠᠭᠤᠳᠠᠯ | ᠪᠣᠯᠤᠨ ᠬᠦᠷᠦᠯᠴᠡᠬᠦ ᠥᠭᠡᠢ ᠲᠠᠯ᠎ᠠ ᠪᠠᠨ ᠡᠷᠢᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | 6 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠵᠢᠯᠣᠭᠤᠳᠬᠤ ᠭᠠᠵᠠᠷ ᠤᠨ ᠵᠠᠷᠯᠢᠭ ᠶᠣᠰᠣᠭᠠᠷ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ | ᠰᠠᠯᠠᠭ᠎ᠠ᠂ ᠲᠤᠭᠤᠷᠢᠭ ᠤᠨ ᠭᠠᠯ ᠤᠨᠲᠠᠷᠠᠭᠠᠬᠤ ᠶᠡᠭᠡ ᠠᠩᠬᠢ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ | ᠴᠠᠭ ᠠᠭᠤᠷ ᠤᠨ ᠭᠠᠮᠰᠢᠭ ᠤᠨ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃ ᠲᠤᠭᠤᠷᠢᠭ ᠤᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠶᠣᠰᠣᠭᠠᠷ | ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠠᠶᠤᠯ ᠭᠠᠮᠰᠢᠭ ᠠᠴᠠ ᠠᠪᠤᠷᠠᠬᠤ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ | ᠠᠮᠤᠷ ᠲᠦᠪᠰᠢᠨ ᠢ ᠬᠠᠮᠠᠭᠠᠯᠠᠬᠤ ᠵᠡᠷᠭᠡ ᠡᠩ ᠤᠨ ᠦᠢᠯᠡᠴᠢᠯᠡᠭᠡ ᠶᠢ ᠭᠦᠢᠴᠡᠳᠬᠡᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠵᠠᠷᠤᠳᠠᠯ ᠪᠠᠲᠤᠯᠠᠭ᠎ᠠ ᠬᠠᠩᠭᠠᠨ᠎ᠠ᠃ ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ | ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ | ᠪᠠᠳᠣᠯᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ | ᠰᠣᠷᠢᠯᠲᠠ ᠶᠢᠨ ᠦᠷ᠎ᠡ ᠳ᠋ᠦᠩ ᠢ ᠳ᠋ᠦᠩᠨᠡᠵᠦ ᠦᠨᠡᠯᠡᠨ ᠵᠢᠱᠢᠵᠤ᠂ ᠰᠢᠯᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠳᠡᠭᠦᠯᠳᠡᠷᠵᠢᠭᠦᠯᠦᠨ᠎ᠡ᠃ | 7 ᠬᠢᠨᠠᠯᠲᠠ ᠲᠠᠯᠪᠢᠬᠤ ᠪᠠ ᠬᠠᠮᠢᠶᠠᠷᠬᠤ | 71 ᠱᠠᠩᠨᠠᠬᠤ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠬᠠᠤ | ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠰᠠᠶᠢᠰᠢᠶᠠᠨ ᠬᠥᠬᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠠᠵᠢᠯ ᠤᠨ ᠳᠤᠮᠳᠠ ᠲᠤᠪᠤᠶᠢᠮ᠎ᠠ | ᠢᠯᠡᠷᠡᠯ ᠲᠠᠢ ᠪᠥᠭᠡᠳ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠥᠮᠦᠰ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠢᠴᠡᠳᠬᠡᠨ᠂ ᠦᠷᠡᠭᠳᠡᠭᠰᠡᠨ ᠪᠠᠭᠠᠲᠤᠷᠴᠤᠳ ᠢ ᠨᠡᠬᠡᠮᠵᠢᠯᠡᠨ ᠵᠥᠪᠰᠢᠶᠡᠷᠡᠨ᠎ᠡ᠃ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ | ᠣᠷᠣᠯᠴᠠᠭᠰᠠᠨ ᠠᠴᠠ ᠪᠤᠯᠵᠦ ᠡᠪᠡᠳᠴᠢᠯᠡᠭᠰᠡᠨ᠂ ᠵᠡᠮᠳᠡᠭ ᠪᠣᠯᠤᠭᠰᠠᠨ᠂ ᠤᠢᠬᠦᠭᠰᠡᠠ ᠬᠥᠮᠦᠰ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠵᠣᠬᠢᠴᠠᠩᠭᠤᠶ ᠲᠤᠰᠠᠯᠠᠮᠵᠢ ᠪᠠ ᠠᠰᠠᠷᠠᠮᠵᠢ ᠣᠯᠭᠤᠨ᠎ᠠ᠃ | 72 ᠬᠠᠷᠢᠭᠤᠴᠠᠯᠭ᠎ᠠ ᠨᠡᠬᠡᠮᠵᠢᠯᠡᠬᠦ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠯᠪᠠᠨ ᠲᠤᠰᠢᠶᠠᠯ ᠳᠠᠭᠠᠨ ᠣᠰᠣᠯᠳᠠᠵᠤ᠂ ᠭᠠᠮᠰᠢᠭ ᠤᠨ ᠪᠠᠶᠢᠳᠠᠯ ᠢ ᠬᠤᠳᠠᠯ ᠢᠶᠠᠷ ᠮᠡᠳᠡᠭᠦᠯᠦᠭᠰᠡᠨ᠂ | ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠥᠬᠡᠶ᠂ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠣᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠦ ᠶᠢ ᠲᠡᠪᠴᠢᠭᠰᠡᠨ᠂ ᠭᠠᠮᠰᠢᠭ ᠤᠨ ᠪᠠᠶᠢᠳᠠᠯ ᠢ ᠴᠤᠭᠯᠠᠭᠤᠯᠬᠤ ᠪᠠ ᠠᠪᠤᠷᠠᠨ ᠲᠤᠰᠠᠯᠠᠬᠤ ᠠᠵᠢᠯ ᠳᠤ ᠬᠠᠮᠵᠢᠯᠴᠠᠬᠤ ᠥᠬᠡᠶ ᠪᠤᠶᠤ | ᠬᠠᠷᠰᠢᠯᠠᠭᠰᠠᠨ᠂ ᠠᠵᠢᠯ ᠬᠢᠭᠰᠡᠨ ᠥᠬᠡᠶ ᠪᠤᠶᠤ ᠠᠵᠢᠯ ᠬᠢᠭᠰᠡᠨ ᠨᠢ ᠵᠣᠬᠢᠰ ᠥᠬᠡᠶ ᠠᠴᠠ ᠪᠣᠯᠵᠣ ᠤᠯᠤᠰ ᠤᠨ ᠠᠰᠢᠭ ᠲᠤᠰᠠ ᠪᠠ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠲᠠᠢ ᠬᠥᠮᠦᠰ ᠠᠴᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠵᠣᠬᠢᠬᠤ | ᠬᠠᠷᠢᠭᠤᠴᠠᠯᠭ᠎ᠠ ᠶᠢ ᠨᠡᠬᠡᠮᠵᠢᠯᠡᠨ᠎ᠡ᠃ | 8 ᠳᠠᠭᠠᠯᠳᠤᠭᠤᠯᠤᠭᠰᠠᠨ ᠵᠦᠢᠯ | 81 ᠪᠡᠯᠡᠳᠬᠡᠯ ᠲᠥᠰᠦᠯ ᠤᠨ ᠬᠠᠮᠢᠶᠠᠷᠤᠯᠲᠠ | ᠲᠣᠰ ᠪᠡᠯᠡᠳᠬᠡᠯ ᠲᠥᠰᠦᠯ ᠢ ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠲᠦᠷᠦᠭᠦᠯᠡᠨ ᠲᠣᠭᠲᠠᠭᠠᠵᠤ᠂ ᠲᠤᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠪᠠ | ᠢᠯᠡᠷᠡᠭᠰᠡᠨ ᠰᠢᠨ᠎ᠡ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠵᠤ ᠳᠡᠭᠦᠯᠳᠡᠷᠵᠢᠭᠦᠯᠦᠨ᠎ᠡ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤᠰ ᠨᠢᠭᠡᠴᠡ ᠶᠢᠨ ᠢᠶᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯ ᠤᠨ ᠬᠡᠷᠡᠭᠵᠢᠭᠦᠯᠬᠦ ᠲᠥᠰᠦᠯ | ᠢ ᠨᠠᠶᠢᠷᠠᠭᠤᠯᠤᠨ ᠵᠤᠬᠢᠶᠠᠵᠤ ᠳᠡᠭᠦᠯᠳᠡᠷᠵᠢᠭᠦᠯᠦᠨ᠎ᠡ ᠃ | 82 ᠪᠡᠯᠡᠳᠬᠡᠯ ᠲᠥᠰᠦᠯ ᠤᠨ ᠲᠠᠶᠢᠯᠪᠤᠷᠢᠯᠠᠯᠲᠠ | ᠲᠤᠰ ᠪᠡᠯᠡᠳᠬᠡᠯ ᠲᠥᠰᠦᠯ ᠢ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | 83 ᠪᠡᠯᠡᠳᠬᠡᠯ ᠲᠥᠰᠦᠯ ᠢ ᠬᠡᠷᠡᠭᠵᠢᠭᠦᠯᠬᠦ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | |