ᠰᠢᠩ ᠵᠧᠩ ᠪᠢᠨ ᠾᠧ ᠵᠡᠭᠡᠯᠢ ᠭᠤᠳᠤᠮᠵᠢ ᠶᠢᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠴᠢᠵᠤ ᠦᠢᠯᠡᠴᠢᠯᠡᠭᠡ ᠶᠢ ᠲᠥᠪᠯᠡᠷᠡᠭᠦᠯᠦᠨ ᠲᠠᠨᠢᠵᠤ ᠠᠪᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/8/20
           8 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠪᠢᠨ ᠾᠧ ᠵᠡᠭᠡᠯᠢ ᠭᠤᠳᠤᠮᠵᠢ ᠶᠢᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠴᠢᠵᠤ ᠦᠢᠯᠡᠴᠢᠯᠡᠭᠡ ᠶᠢ ᠲᠥᠪᠯᠡᠷᠡᠭᠦᠯᠦᠨ ᠲᠠᠨᠢᠵᠤ ᠠᠪᠬᠤ ᠠᠵᠢᠯᠯᠠᠭ᠎ᠠ ᠳᠤ ᠣᠷᠣᠯᠴᠠᠪᠠ᠃           ᠠᠵᠢᠯᠯᠠᠭᠠᠨ ᠤ ᠳᠤᠮᠳᠠ᠂ ᠣᠷᠳᠣᠰ ᠬᠤᠲᠠ ᠶᠢᠨ ᠨᠠᠮ ᠤᠨ ᠭᠡᠰᠢᠭᠦᠨ ᠤ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢᠨ ᠱᠠᠭᠠᠷᠳᠠᠯᠭ᠎ᠠ ᠶᠣᠰᠣᠭᠠᠷ᠂ ᠰᠢᠩ ᠵᠧᠩ ᠵᠡᠷᠭᠡ ᠬᠠᠷᠢᠶᠠᠲᠤ ᠣᠷᠣᠨ ᠤ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ︽ᠰᠠᠶᠢᠨ ᠳᠤᠷ᠎ᠠ ᠶᠢᠨ ᠬᠤᠰᠢᠭᠤᠴᠢ︾ ᠶᠢᠨ ᠠᠵᠢᠯ ᠤᠨ ᠪᠠᠶᠢᠷᠢ ᠪᠠ ᠰᠠᠭᠤᠭᠠᠯᠢ ᠠᠷᠠᠳ ᠤᠨ ︽ᠬᠦᠰᠡᠯ ᠤᠨ ᠬᠦᠰᠦᠨᠦᠭᠲᠦ︾ ᠶᠢ ᠲᠠᠨᠢᠵᠤ ᠠᠪᠤᠭᠰᠠᠨ ᠪᠥᠭᠡᠳ ᠬᠠᠷᠢᠶᠠᠲᠤ ᠣᠷᠣᠨ ᠤ ᠣᠯᠠᠨ ᠲᠦᠮᠡᠨ ᠲᠠᠢ ᠬᠤᠤᠰᠯᠠᠯ ᠪᠠᠷᠢᠯᠳᠣᠪᠠ ᠃
未标题-1.jpg        
            ᠲᠤᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠳ ᠢ ᠳᠠᠶᠢᠴᠢᠯᠠᠨ ︽ᠪᠠᠶᠢᠭᠤᠯᠤᠯᠭ᠎ᠠ ᠠᠴᠠ ᠪᠠᠨ ᠭᠠᠷᠣᠨ᠂ ᠨᠡᠶᠢᠭᠡᠮ ᠲᠣᠭᠤᠷᠢᠭ ᠲᠤ ᠣᠷᠣᠵᠤ᠂ ᠨᠡᠷ᠎ᠡ ᠠᠯᠳᠠᠷ ᠢᠶᠠᠨ ᠮᠡᠳᠡᠭᠦᠯᠦᠨ᠂ ᠦᠢᠯᠡᠴᠢᠯᠡᠭᠡ  ᠭᠦᠷᠭᠡᠵᠦ᠂ ᠦᠯᠢᠭᠡᠷ ᠳᠠᠭᠤᠷᠢᠶᠠᠯ ᠦᠵᠡᠭᠦᠯᠦᠨ᠂ ᠳᠦᠷᠢ ᠲᠥᠷᠬᠦ ᠶᠢ ᠪᠤᠶ ᠪᠣᠯᠭᠠᠬᠤ︾ ᠪᠠᠷ ᠵᠣᠷᠢᠯᠭ᠎ᠠ ᠪᠣᠯᠭᠠᠨ᠂ ᠨᠠᠮ ᠤᠨ ᠬᠡᠰᠢᠭᠦᠳ ᠤᠨ ᠬᠠᠷᠢᠭᠤᠴᠠᠯᠭ᠎ᠠ ᠶᠢᠨ ᠤᠬᠠᠮᠰᠠᠷ᠂ ᠵᠣᠷᠢᠯᠲᠠ ᠶᠢᠨ ᠤᠬᠠᠮᠰᠠᠷ ᠢ ᠬᠦᠴᠦᠯᠡᠨ ᠴᠢᠩᠭᠠᠳᠬᠠᠵᠤ᠂ ᠲᠣᠣᠷᠠᠯᠵᠢᠨ ᠵᠠᠰᠠᠬᠤ᠂ ᠰᠠᠶᠢᠨ ᠲᠣᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠯ᠎ᠡ ᠵᠦᠢᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠶᠠᠪᠤᠴᠠ ᠳᠤ ᠰᠢᠭᠤᠳ ᠣᠷᠣᠯᠴᠠᠵᠤ᠂ ᠲᠥᠷᠥᠭᠦᠯᠡᠵᠦ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠨ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠵᠤ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠳᠡᠳᠭᠦᠨ᠂ ᠨᠠᠮ ᠤᠨ ᠭᠡᠰᠢᠭᠦᠨ ᠪᠣᠯᠤᠨ ᠤᠯᠠᠨ ᠲᠦᠮᠡᠨ ᠢ ᠦᠨᠡᠨᠬᠦ ᠨᠢᠭᠤᠷᠳᠠᠨ ᠰᠣᠯᠢᠯᠴᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ  ᠣᠶᠢᠯᠠᠭᠠᠨ᠂ ᠤᠯᠠᠨ ᠲᠦᠮᠡᠨ ᠤ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠬᠠᠮᠲᠤᠪᠠᠷ ᠴᠢᠷᠮᠠᠶᠢᠨ ᠬᠠᠶᠢᠷ᠎ᠠ ᠬᠠᠯᠠᠮᠵᠢᠲᠠᠢ ︽ᠰᠦᠯᠵᠢᠶᠡᠨ ᠤ ᠨᠡᠷᠡᠳᠦ ᠬᠤᠳᠠ︾ ᠶᠢ ᠪᠥᠳᠦᠭᠡᠨ ᠪᠠᠶᠢᠭᠤᠯᠣᠨ᠎ᠠ᠃                 ᠲᠤᠬᠠᠶ ᠶᠢᠨ ᠲᠠᠯᠠᠪᠠᠶ ᠳᠤ ᠪᠠᠰᠠ ᠲᠡᠷᠭᠡᠨ ᠵᠣᠭᠰᠣᠭᠠᠯ ᠢ ︽ᠵᠢᠷᠤᠬᠤ︾ ᠦᠢᠯᠡᠳᠦᠯᠭᠡ ᠶᠢᠨ ᠠᠵᠢᠯᠯᠠᠭ᠎ᠠ ᠶᠠᠪᠤᠭᠤᠯᠵᠠᠶ᠃             ᠯᠢ ᠰᠢᠶᠤᠤ ᠴᠢᠩ᠂ ᠤᠯᠠᠭᠠᠨᠲᠣᠶᠠᠭ᠎ᠠ᠂ ᠸᠠᠩ ᠮᠢᠩ᠂ ᠶᠠᠩ ᠴᠠᠩ ᠴᠢᠩ᠂ ᠼᠦᠢ ᠬᠤᠤ ᠵᠡᠷᠭᠡ ᠲᠣᠭᠤᠷᠢᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠲᠣᠰ ᠰᠥᠯᠵᠢᠶ᠎ᠡ