ᠮᠠᠨ ᠤ ᠣᠷᠤᠨ 12 ᠠᠴᠠ 17 ᠨᠠᠰᠤᠨ ᠤ 120 ᠲᠦᠮᠡ ᠭᠠᠷᠤᠶ ᠬᠦᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠪᠠ
ᠨᠡᠶᠢᠲᠡᠯᠡᠭᠰᠡᠨ ᠴᠠᠭ᠄
2021/8/20
          8 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ 12 ᠠᠴᠠ 17 ᠨᠠᠰᠤᠨ ᠤ ᠬᠥᠮᠦᠰ ᠲᠤ ᠰᠢᠨ᠎ᠡ   ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠵᠠᠭᠦᠦ ᠶᠢ ᠲᠠᠷᠢᠬᠤ ᠠᠵᠢᠯ ᠢᠶᠠᠨ ᠤᠷᠢᠳᠴᠢᠯᠠᠨ ᠪᠡᠶᠡᠯᠡᠭᠦᠯᠵᠦ᠂ ᠲᠠᠷᠢᠯᠭ᠎ᠠ   ᠲᠠᠷᠢᠭᠰᠠᠨ ᠬᠦᠮᠦᠰ ᠤᠨ ᠲᠤᠭ᠎ᠠ 120 ᠲᠦᠮᠡ ᠶᠢ ᠳᠠᠪᠠᠭᠠᠳ᠂ ᠲᠠᠷᠢᠯᠭ᠎ᠠ ᠲᠠᠷᠢᠭᠰᠠᠨ ᠨᠣᠷᠮ᠎ᠠ 100 % ᠳᠤ ᠬᠦᠷᠴᠡᠶ᠃            ᠮᠠᠨ ᠤ ᠣᠷᠣᠨ ᠤ 12 ᠠᠴᠠ 17 ᠨᠠᠰᠤᠨ ᠤ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ   ᠬᠤᠶᠠᠷ ᠪᠦᠯᠦᠭ ᠬᠤᠪᠢᠶᠠᠨ ᠶᠠᠪᠤᠭᠳᠠᠭᠤᠯᠵᠤ᠂ 15 ᠠᠴᠠ 17 ᠨᠠᠰᠤᠨ ᠤ ᠬᠥᠮᠦᠰ ᠲᠤ ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠵᠠᠭᠦᠦ ᠶᠢ ᠲᠠᠷᠢᠬᠤ ᠠᠵᠢᠯ ᠢ 7  ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠨᠲᠡ ᠪᠡᠶᠡᠯᠡᠭᠦᠯᠵᠦ᠂ 12 ᠠᠴᠠ 14 ᠨᠠᠰᠤᠨ ᠤ ᠬᠥᠮᠦᠰ ᠲᠤ ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠵᠠᠭᠦᠦ ᠶᠢ   ᠲᠠᠷᠢᠬᠤ ᠠᠵᠢᠯ ᠢ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠠᠭᠤᠰᠬᠠᠬᠤ ᠪᠠᠷ ᠲᠥᠯᠦᠪᠯᠡᠭᠰᠡᠨ ᠪᠥᠭᠡᠳ ᠨᠢᠭᠡᠨᠲᠡ ᠤᠷᠢᠳᠴᠢᠯᠠᠨ ᠪᠡᠶᠡᠯᠡᠭᠦᠯᠵᠦ᠂   ᠲᠠᠷᠢᠯᠭ᠎ᠠ ᠲᠠᠷᠢᠬᠤ ᠶᠣᠰᠣᠲᠠᠶ ᠪᠦᠬᠦᠨ ᠳᠤ ᠲᠠᠷᠢᠯᠭ᠎ᠠ ᠲᠠᠷᠢᠭᠰᠠᠨ ᠪᠠᠶᠢᠨ᠎ᠠ᠃ 15 ᠠᠴᠠ 17 ᠨᠠᠰᠤᠨ ᠤ ᠬᠥᠮᠦᠰ ᠲᠤ ᠸᠠᠺᠼᠢᠨ ᠤ ᠲᠠᠷᠢᠯᠭ᠎ᠠ ᠶᠢᠨ ᠬᠤᠶᠠᠳᠤᠭᠠᠷ   ᠵᠠᠭᠦᠦ ᠶᠢ ᠲᠠᠷᠢᠬᠤ ᠠᠵᠢᠯ ᠢ 8 ᠳ᠋ᠤᠭᠠᠷ ᠰᠠᠷ᠎ᠠ ᠶᠢᠨ ᠬᠤᠷᠢᠳ ᠠᠴᠠ ᠡᠬᠢᠯᠡᠨ ᠥᠷᠨᠢᠭᠦᠯᠬᠦ ᠪᠥᠭᠡᠳ 8 ᠳ᠋ᠤᠭᠠᠷ ᠰᠠᠷ᠎ᠠ ᠶᠢᠨ ᠰᠡᠭᠦᠯᠴᠢ ᠪᠠᠷ ᠬᠤᠶᠠᠷ ᠵᠡᠭᠦᠦ ᠶᠢ   ᠪᠦᠬᠦᠨ ᠢ ᠲᠠᠷᠢᠵᠤ᠂ ᠵᠢᠱᠢᠯᠲᠡ ᠪᠠᠷ 9 ᠳ᠋ᠦ᠋ᠭᠡᠷ ᠰᠠᠷ᠎ᠠ ᠳᠤ 12 ᠠᠴᠠ 14 ᠨᠠᠰᠤᠨ ᠤ ᠬᠥᠮᠦᠰ ᠲᠤ ᠬᠤᠶᠠᠷ ᠵᠠᠭᠦᠦ ᠶᠢ ᠪᠦᠬᠦᠨ ᠢ ᠲᠠᠷᠢᠬᠤ ᠠᠵᠢᠯ ᠢ ᠬᠢᠵᠦ   ᠳᠠᠭᠤᠰᠬᠠᠨ᠎ᠠ᠃
6376479743872875148011683.jpg
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ