ᠲᠤᠭᠤᠷᠢᠭ ᠤᠨ ᠨᠠᠮ ᠤᠨ ᠬᠤᠷᠢᠶ᠎ᠠ ᠬᠤᠶᠠᠳᠤᠭᠠᠷ ᠬᠤᠭᠤᠴᠠᠭᠠᠨ ᠤ 5 ᠳ᠋ᠤᠭᠠᠷ ᠤᠳᠠᠭᠠᠨ ᠤ  ᠪᠠᠶᠢᠩᠭᠤ ᠶᠢᠨ ᠬᠤᠷᠢᠶᠠᠨ ᠤ  ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/8/24
    
1.jpg
           8 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠬᠤᠶᠠᠳᠤᠭᠠᠷ ᠬᠤᠭᠤᠴᠠᠭᠠᠨ ᠤ 5 ᠳ᠋ᠤᠭᠠᠷ ᠤᠳᠠᠭᠠᠨ ᠤ  ᠪᠠᠶᠢᠩᠭᠤ ᠶᠢᠨ ᠬᠤᠷᠢᠶᠠᠨ ᠤ  ᠬᠤᠷᠠᠯ ᠢ ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃           ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠶᠢᠨ ︽ᠨᠠᠮ ᠤᠨ ᠲᠡᠤᠬᠡᠨ ᠲᠤᠷᠰᠢᠯᠭ᠎ᠠ ᠶᠢ ᠳ᠋ᠦᠩᠨᠡᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ᠂ ᠰᠦᠯᠵᠢᠶᠡᠨ ᠤ ᠠᠮᠤᠷ ᠲᠦᠪᠰᠢᠨ ᠪᠠ ᠵᠠᠩᠬᠢᠴᠢᠯᠠᠯᠳᠠ ᠵᠢᠴᠢ ᠬᠢᠨᠠᠨ ᠪᠤᠳᠤᠬᠤ ᠠᠵᠢᠯ ᠢ  ᠰᠣᠳᠣᠯᠵᠤ ᠪᠠᠶᠢᠷᠢᠯᠠᠭᠤᠯᠤᠨ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠥᠬᠦᠶ ᠵᠦᠢᠯ ᠢ ᠰᠤᠳᠤᠯᠵᠠᠶ᠃           ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠳᠠᠯᠪᠢᠨ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ  ᠪᠠᠳᠣᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ  ᠥᠷᠨᠢᠭᠦᠯᠦᠨ᠂ ᠤᠬᠠᠮᠰᠠᠷ ᠠᠴᠠ ᠪᠠᠨ ᠨᠠᠮ ᠤᠨ ᠤᠨᠤᠯ ᠢᠶᠠᠷ ᠤᠶᠤᠨ ᠤᠬᠠᠭᠠᠨ ᠢᠶᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠤᠭᠤᠯᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠦᠷᠭᠦᠯᠵᠢ ᠱᠠᠭᠠᠷᠳᠠᠯᠭ᠎ᠠ ᠪᠤᠯᠤᠨ ᠪᠠᠷᠢᠮᠵᠢᠶ᠎ᠠ ᠯᠤᠭ᠎ᠠ ᠬᠠᠷᠢᠴᠠᠭᠤᠯᠤᠨ᠂  ᠵᠦᠷᠢᠶ᠎ᠡ ᠪᠠᠨ ᠴᠠᠭ ᠲᠤᠬᠠᠢ ᠳᠤᠨᠢ ᠣᠨᠣᠪᠴᠢᠯᠡᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳᠣᠰ ᠰᠦᠯᠵᠢᠶ᠎ᠡ