ᠳ᠋ᠦᠩᠱᠧᠩ ᠲᠣᠭᠤᠷᠢᠭ ᠪᠦᠬᠦ ᠤᠯᠤᠰ ᠤᠨ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠶᠢ ᠭᠦᠨᠵᠡᠭᠡᠶᠢᠷᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/26
         8 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠪᠦᠬᠦ ᠤᠯᠤᠰ ᠤᠨ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠶᠢ ᠭᠦᠨᠵᠡᠭᠡᠶᠢᠷᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃  ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠤᠷᠤᠯᠴᠠᠨ ᠣᠶᠢᠷ᠎ᠠ ᠶᠢᠨ ᠬᠤᠭᠤᠴᠠᠭᠠᠨ ᠤ ᠪᠣᠯᠪᠠᠰᠤᠨ ᠬᠤᠲᠠ ᠶᠢ ᠴᠤᠭᠴᠠᠯᠠᠨ  ᠪᠠᠶᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ   ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠵᠢᠶᠦ᠋ᠨ ᠬᠠᠶ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢ ᠫᠢᠩ ᠵᠢᠴᠢ ᠳᠤᠭᠤᠷᠢᠭ ᠤᠨ ᠳᠥᠷᠪᠡᠨ ᠶᠡᠭᠡ ᠪᠠᠭ ᠤᠨ ᠳᠤᠭᠤᠷᠢᠭ ᠲᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ ᠃           ᠬᠤᠷᠠᠯ ᠠᠴᠠ 2021 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ ᠴᠢᠭ ᠪᠠᠶᠢᠷᠢ ᠶᠢ ᠲᠤᠬᠠᠢ ᠶᠢᠨ ᠭᠠᠵᠠᠷ ᠲᠤᠨᠢ ᠰᠢᠯᠭᠠᠨ ᠦᠨᠡᠯᠡᠬᠦ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠲᠠᠨᠢᠯᠴᠠᠭᠤᠯᠪᠠ︔ ᠪᠦᠬᠦ ᠤᠯᠤᠰ ᠤᠨ  ᠪᠣᠯᠪᠠᠰᠤᠨ ᠬᠤᠳᠠ ᠶᠢ ᠰᠢᠯᠭᠠᠨ ᠦᠨᠡᠯᠡᠬᠦ ᠠᠷᠭ᠎ᠠ ᠪᠣᠯᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠠᠶᠢᠯᠤᠮᠵᠢ ᠬᠢᠪᠡ︔ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠢ ᠵᠠᠷᠯᠠᠨ ᠮᠡᠳᠡᠭᠳᠡᠪᠡ᠃            ᠭᠤᠤ ᠢ ᠳ᠋ᠦᠩ᠂ ᠳ᠋ᠦᠩᠱᠧᠩ ᠲᠣᠭᠤᠷᠢᠭ ᠨᠢ ᠪᠥᠬᠦ ᠬᠤᠲᠠ ᠶᠢᠨ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠤᠨ ᠭᠤᠤᠯ ᠲᠠᠯᠠᠪᠤᠷ᠂ ᠭᠤᠤᠯ ᠭᠠᠵᠠᠷ ᠪᠣᠯᠤᠭᠰᠠᠨ ᠤ ᠬᠤᠪᠢ ᠳᠤ᠂ ᠰᠢᠯᠭᠠᠨ ᠦᠨᠡᠯᠡᠭᠳᠡᠬᠦ ᠬᠢᠷᠢ   ᠪᠦᠲᠦᠮᠵᠢ ᠨᠢ ᠪᠥᠬᠦ ᠬᠤᠲᠠ ᠶᠢᠨ ᠢᠷᠠᠭᠤ ᠠᠯᠳᠠᠷ ᠲᠠᠢ ᠰᠢᠭᠤᠳ ᠬᠤᠯᠪᠣᠭᠳᠠᠨ᠎ᠠ᠃ ᠡᠯ᠎ᠡ ᠱᠠᠳᠤ ᠡᠯ᠎ᠡ ᠰᠠᠯᠠᠭ᠎ᠠ  ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠢᠯ ᠤᠨ ᠳᠤᠯᠭᠠᠮᠳᠠᠭᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠳᠡᠬᠡᠭᠰᠢᠯᠡᠬᠦᠯᠦᠨ᠂ ᠪᠤᠢ ᠪᠦᠬᠦᠢ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ   ᠴᠢᠩᠭ᠎ᠠ ᠪᠣᠳᠠᠲᠠᠢ ᠨᠠᠷᠢᠯᠢᠭ ᠠᠳᠬᠤᠵᠤ᠂ ᠭᠤᠭᠴᠤᠭ᠎ᠠ ᠪᠦᠷᠢ ᠳᠤ ᠠᠰᠠᠭᠤᠳᠠᠯ ᠭᠠᠷᠬᠤ ᠦᠭᠡᠢ ᠪᠠᠶᠢᠬᠤ ᠶᠢ  ᠪᠠᠳᠤᠯᠠᠨ᠂ ᠬᠠᠮᠤᠭ ᠤᠨ ᠰᠠᠶᠢᠨ ᠠᠮᠵᠢᠯᠲᠠ ᠪᠠᠷ ᠢᠶᠠᠨ ᠰᠢᠯᠭᠠᠨ ᠦᠨᠡᠯᠡᠯᠳᠡ ᠶᠢ ᠤᠭᠲᠤᠬᠤ ᠬᠡᠷᠡᠭᠲᠡᠢ ᠭᠡᠵᠦ  ᠱᠠᠭᠠᠷᠳᠠᠪᠠ᠃ ᠦᠳᠲᠡᠷ ᠲᠦᠷᠭᠡᠨ ᠬᠦᠳᠡᠯᠦᠯᠴᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ  ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ  ᠪᠦᠬᠦ ᠬᠦᠴᠦᠨ ᠢᠶᠠᠷ ᠢᠶᠠᠨ ᠠᠳᠬᠤᠵᠤ᠂ ᠳᠤᠲᠠᠭᠤᠳᠠᠯ ᠢᠶᠠᠨ ᠨᠦᠬᠦᠪᠤᠷᠢᠯᠡᠨ᠂ ᠪᠠᠭᠤᠷᠠᠢ ᠲᠠᠯ᠎ᠠ ᠪᠠᠨ   ᠬᠦᠴᠦᠷᠬᠡᠭᠵᠢᠭᠦᠯᠵᠦ᠂ ᠳᠡᠭᠡᠳᠦ ᠱᠠᠲᠤᠨ ᠠᠴᠠ ᠬᠠᠷᠢᠭᠤ ᠳᠤᠰᠬᠠᠭᠰᠠᠨ ᠠᠰᠠᠭᠤᠳᠠᠯ ᠪᠠ ᠥᠪᠡᠷ ᠢᠶᠠᠨ ᠪᠠᠶᠢᠴᠠᠭᠠᠵᠤ    ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃  ᠪᠠᠷᠢᠮᠵᠢᠶ᠎ᠠ ᠶᠢ ᠦᠨᠳᠦᠰᠦᠯᠡᠨ ᠴᠤᠭᠴᠠᠯᠠᠨ ᠪᠠᠶᠢᠭᠤᠯᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ   ᠴᠤᠭᠴᠠᠯᠠᠨ ᠪᠠᠶᠢᠭᠤᠯᠬᠤ ᠡᠭᠦᠷᠭᠡ ᠶᠢ ᠰᠠᠶᠢᠲᠤᠷ ᠠᠳᠬᠤᠨ᠂ ᠬᠤᠳᠠ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠳᠬᠠᠨ᠂ ᠤᠯᠠᠨ   ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷᠳᠡᠢ ᠠᠰᠠᠭᠤᠳᠠᠯ ᠢ ᠦᠨᠡᠨ ᠬᠦ ᠰᠢᠢᠳᠪᠤᠷᠢᠯᠡᠵᠤ᠂ ᠴᠤᠩᠬᠤᠪᠴᠢ ᠨᠢᠬᠡᠴᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂  ᠬᠤᠳᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠦᠨ᠂ ᠪᠦᠬᠦ ᠨᠡᠶᠢᠭᠡᠮ ᠢᠶᠠᠷ ᠢᠶᠠᠨ ᠬᠤᠳᠠ ᠶᠢᠨ   ᠬᠠᠮᠢᠶᠠᠷᠤᠯᠲᠠ ᠳᠤ ᠬᠠᠮᠲᠤ ᠪᠠᠷ ᠣᠷᠣᠯᠴᠠᠬᠤ᠂ ᠪᠣᠯᠪᠠᠰᠤᠨ ᠬᠤᠳᠠ ᠶᠢ ᠬᠠᠮᠲᠤ ᠪᠠᠷ ᠪᠦᠳᠦᠭᠡᠨ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠤᠬᠠᠭᠤᠯᠭ᠎ᠠ ᠶᠢ ᠴᠢᠩᠭᠠᠳᠬᠠᠨ᠂ ᠪᠦᠬᠦ ᠨᠡᠶᠢᠭᠡᠮ ᠤᠨ ᠬᠠᠮᠳᠤᠷᠠᠯ ᠬᠦᠴᠦᠨ ᠢ ᠨᠢᠠᠠᠳᠠᠷᠠᠭᠤᠯᠤᠨ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠤᠬᠠᠮᠰᠠᠷ ᠠᠴᠠ ᠪᠠᠨ ᠡᠭᠦᠷᠭᠡ ᠪᠠᠨ ᠲᠠᠨᠢᠵᠤ᠂ ᠠᠵᠢᠯ ᠤᠨ   ᠠᠷᠭ᠎ᠠ ᠬᠡᠮᠵᠢᠶ᠎ᠡ ᠪᠠᠨ ᠨᠠᠷᠢᠯᠢᠠᠠᠵᠢᠭᠤᠯᠤᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠣᠳᠠᠲᠠᠶ ᠳᠤ   ᠨᠠᠶᠢᠳᠠᠪᠤᠷᠢᠵᠢᠭᠤᠯᠵᠤ᠂ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠶ ᠦᠷ᠎ᠡ   ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠬᠦ ᠦᠷ᠎ᠡ ᠪᠦᠳᠦᠮᠵᠢ ᠶᠢ ᠠᠳᠬᠤᠬᠤ ᠶᠢ ᠴᠢᠩᠭᠠᠳᠬᠠᠨ᠂ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠤᠨ ᠳᠤᠮᠳᠠ ᠢᠳᠡᠪᠬᠢ ᠪᠤᠰᠤ᠂ ᠴᠠᠭ   ᠠᠴᠠ ᠬᠤᠵᠢᠭᠳᠠᠭᠤᠯᠬᠤ᠂ ᠴᠤᠭᠴᠠᠯᠠᠨ ᠪᠠᠶᠢᠭᠤᠯᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠲᠤᠰᠢᠶᠠᠯ  ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠭᠰᠡᠨ ᠦᠭᠡᠢ ᠠᠴᠠ ᠪᠤᠯᠵᠤ ᠴᠤᠭᠴᠠᠯᠠᠨ ᠪᠠᠶᠢᠭᠤᠯᠬᠤ ᠠᠵᠢᠯ ᠢ ᠨᠥᠯᠥᠭᠡᠯᠡᠭᠰᠡᠨ ᠪᠠᠶᠢᠪᠠᠯ ᠴᠥᠮ ᠬᠠᠷᠢᠭᠤᠴᠠᠯᠭ᠎ᠠ ᠨᠡᠬᠡᠮᠵᠢᠯᠡᠵᠦ ᠬᠡᠷᠡᠭᠲᠡᠢ ᠬᠡᠵᠤ ᠱᠠᠭᠠᠷᠳᠠᠪᠠ᠃           ᠬᠠᠨ ᠲᠤᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ   ᠴᠢᠨᠠᠭᠰᠢᠳᠠ ᠦᠨᠳᠤᠷᠵᠢᠬᠦᠯᠦᠨ᠂ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠳᠤᠯᠭᠠᠮᠳᠠᠭᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠤᠯᠪᠤᠭᠠᠯᠠᠨ   ᠳᠠᠭᠠᠭᠴᠢᠯᠠᠭᠰᠠᠨ ᠤᠳᠤᠷᠢᠳᠤᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠪᠣᠯᠤᠨ ᠪᠠᠶᠢᠭ᠎ᠠ ᠪᠠᠯᠭᠠᠰᠤ ᠵᠡᠭᠡᠯᠢ  ᠭᠤᠳᠤᠮᠵᠢ ᠶᠢᠨ ᠬᠢᠨ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ ᠶᠢ ᠪᠦᠷᠢᠯᠳᠦᠬᠦᠯᠦᠨ᠂ ᠰᠢᠶᠠᠨ ᠭᠠᠵᠠᠷ ᠤᠨ   ᠲᠡᠰ ᠤᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠴᠤ᠂ ᠬᠠᠮᠵᠢᠯᠴᠠᠨ ᠠᠬᠢᠭᠤᠯᠵᠤ᠂   ᠪᠣᠳᠠᠲᠠᠢ ᠭᠠᠵᠠᠷ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ   ᠲᠥᠯᠥᠪᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ︔ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠦᠴᠦᠨ ᠢᠶᠠᠨ ᠳᠣᠷᠣᠭᠰᠢ ᠪᠠᠭᠤᠯᠭᠠᠨ᠂ ᠵᠡᠭᠡᠯᠢ ᠭᠤᠳᠤᠮᠵᠢ ᠶᠢᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠬᠦ ᠬᠡᠷᠡᠭᠲᠡᠶ᠃   ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠳᠤ ᠬᠤᠯᠪᠣᠭᠳᠠᠬᠤ ᠪᠣᠶ ᠪᠥᠬᠦᠶ ᠨᠢᠭᠡᠴᠡ ᠪᠠ ᠰᠠᠯᠠᠭ᠎ᠠ ᠮᠥᠴᠢᠷ ᠤᠨ ᠬᠢᠨ ᠴᠢᠭ ᠪᠠᠶᠢᠷᠢ᠂ ᠴᠢᠭ ᠪᠠᠶᠢᠷᠢ ᠶᠢᠨ ᠱᠠᠭᠠᠷᠳᠠᠯᠭ᠎ᠠ ᠪᠠ ᠴᠢᠭ ᠪᠠᠶᠢᠷᠢ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠠᠠᠵᠢᠭᠤᠯᠤᠨ᠂ ᠡᠭᠦᠷᠭᠡ ᠶᠢ ᠠᠵᠢᠯ ᠤᠨ   ᠪᠠᠶᠢᠷᠢ ᠳᠤᠨᠢ ᠬᠦᠷᠲᠡᠯ᠎ᠡ ᠬᠤᠪᠢᠶᠠᠷᠢᠯᠠᠨ᠂ ᠬᠠᠷᠢᠭᠤᠴᠠᠯᠭ᠎ᠠ ᠶᠢ ᠬᠥᠮᠦᠨ ᠤ ᠲᠣᠭᠠᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠴᠢᠭ ᠪᠠᠶᠢᠷᠢ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠥᠬᠦ ᠲᠠᠯ᠎ᠠ ᠪᠠᠷ ᠨᠠᠷᠢᠯᠢᠭ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠬᠠᠭᠤᠳᠠᠰᠤ ᠪᠠᠶᠢᠭᠤᠯᠤᠨ᠂ ᠳ᠋ᠤᠭᠠᠷ ᠢ   ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠴᠢᠭ ᠪᠠᠶᠢᠷᠢ ᠶᠢᠨ ᠠᠰᠠᠭᠤᠳᠠᠯ ᠢ ᠴᠡᠭᠴᠡᠯᠡᠨ ᠵᠠᠰᠠᠬᠤ ᠳᠤ ︽ᠨᠡᠶᠢᠳᠡᠮ ᠪᠦᠷᠬᠦᠬᠦᠯᠬᠦ︾ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ