ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ ︵ᠦᠷᠬᠦᠯᠵᠢᠯᠡᠯ︶
ᠨᠡᠶᠢᠲᠡᠯᠡᠭᠰᠡᠨ ᠴᠠᠭ᠄
2021/8/3
          ᠵᠢᠷᠭᠤᠳᠤᠭᠠᠷ ᠪᠦᠯᠦᠭ ᠦᠮᠴᠢᠳᠡᠨ ᠤ ᠬᠡᠷ ᠪᠠᠷᠢᠯᠭ᠎ᠠ ᠶᠢᠨ ᠢᠯᠭᠠᠯᠳᠣ ᠦᠮᠴᠢᠯᠡᠯ ᠤᠨ ᠡᠷᠬᠡ                ᠬᠤᠶᠠᠷ ᠵᠠᠭᠤ ᠲᠠᠯᠡᠨ ᠨᠢᠭᠡᠳᠤᠭᠡᠷ ᠵᠦᠢᠯ ᠦᠮᠴᠢᠳᠠᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠵᠡᠷᠭᠡ ᠲᠤᠰᠬᠠᠢ ᠥᠮᠴᠢᠯᠡᠬᠦ ᠬᠡᠰᠡᠭ ᠲᠤ ᠦᠮᠴᠢᠯᠡᠬᠦ ᠡᠷᠬᠡ ᠶᠢ ᠡᠳ᠋ᠯᠡᠨ᠎ᠠ᠂ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ ᠬᠠᠮᠳᠤ ᠪᠠᠷ ᠥᠮᠴᠢᠯᠡᠬᠦ ᠬᠡᠰᠡᠭ ᠲᠤ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠶᠢ ᠡᠳ᠋ᠯᠡᠨ᠎ᠠ᠃                ᠬᠤᠶᠠᠷ ᠵᠠᠭᠤ ᠲᠠᠯᠠᠨ ᠬᠤᠶᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠲᠤ ᠡᠵᠡᠮᠰᠢᠬᠦ᠂ ᠬᠡᠷᠡᠭᠯᠡᠬᠦ᠂ ᠠᠰᠢᠭ ᠤᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃ ᠦᠮᠴᠢᠳᠡᠨ ᠡᠷᠭᠡ ᠪᠠᠨ ᠭᠡᠷᠡᠭᠵᠢᠬᠦᠯᠬᠦ ᠲᠡᠭᠡᠨ ᠪᠠᠷᠢᠯᠭ᠎ᠠ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠪᠤᠯᠬᠤ ᠦᠭᠡᠢ᠂ ᠪᠤᠰᠤᠳ ᠦᠮᠴᠢᠳᠡᠨ ᠤ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ᠃                ᠬᠤᠶᠠᠷ ᠵᠠᠭᠤ ᠲᠠᠯᠠᠨ ᠭᠤᠷᠪᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ ᠬᠠᠮᠳᠤ ᠪᠠᠷ ᠦᠮᠴᠢᠯᠡᠬᠦ ᠬᠡᠰᠡᠭ ᠲᠤ ᠡᠷᠬᠡ ᠡᠳ᠋ᠯᠡᠵᠤ ᠡᠬᠦᠷᠭᠡ ᠡᠬᠦᠷᠭᠡᠯᠡᠨ᠎ᠠ︔ ᠡᠷᠬᠡ ᠪᠠᠨ ᠲᠠᠶᠠᠬᠳᠠᠭᠰᠠᠨ ᠢᠶᠠᠷ ᠰᠢᠯᠳᠠᠭᠠᠨ ᠪᠤᠯᠭᠠᠵᠤ ᠡᠬᠦᠷᠬᠡ ᠪᠠᠨ ᠬᠦᠢᠴᠡᠳᠭᠡᠬᠦ ᠦᠭᠡᠢ ᠪᠠᠶᠢᠵᠤ ᠪᠤᠯᠬᠤ ᠦᠭᠡᠢ᠃                ᠦᠮᠴᠢᠳᠡᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ ᠡᠵᠡᠩᠨᠡᠯᠳᠡ ᠶᠢᠨ ᠴᠢᠨᠠᠷᠳᠠᠢ ᠭᠡᠷᠡᠭᠯᠡᠬᠦ ᠭᠡᠷ ᠪᠠᠶᠢᠰᠢᠩ ᠢᠶᠠᠨ ᠰᠢᠯᠵᠢᠬᠦᠯᠦᠨ ᠦᠭᠬᠦ ᠳᠤ ᠬᠦᠷᠪᠡᠯ᠂ ᠪᠠᠷᠢᠯᠭ᠎ᠠ ᠶᠢᠨ ᠬᠠᠮᠳᠤ ᠪᠠᠷ ᠦᠮᠴᠢᠯᠡᠬᠦ ᠬᠡᠰᠡᠭ ᠲᠠᠬᠢ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠪᠠᠨ ᠬᠠᠮᠳᠤ ᠳᠤᠨᠢ ᠰᠢᠯᠵᠢᠬᠦᠯᠦᠨ ᠦᠭᠬᠦᠨ᠎ᠠ᠃                ᠬᠤᠶᠠᠷ ᠵᠠᠭᠤ ᠲᠠᠯᠠᠨ ᠲᠦᠷᠪᠡᠳᠤᠭᠡᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠵᠠᠮ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ ᠪᠠᠯᠭᠠᠰᠤᠨ ᠤ ᠤᠯᠠᠨ ᠨᠠᠶᠢᠳᠠ ᠶᠢᠨ ᠵᠠᠮ ᠳᠤ ᠬᠠᠷᠢᠶᠠᠯᠠᠭᠳᠠᠬᠤ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠵᠦᠯᠭᠡ ᠭᠠᠵᠠᠷ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ ᠪᠠᠯᠭᠠᠰᠤᠨ ᠤ ᠤᠯᠠᠨ ᠨᠠᠶᠢᠳᠠ ᠶᠢᠨ ᠵᠦᠯᠭᠡ ᠭᠠᠵᠠᠷ ᠪᠤᠶᠤ ᠬᠤᠪᠢ ᠬᠦᠮᠦᠨ ᠳᠤ ᠬᠠᠷᠢᠶᠠᠯᠠᠭᠳᠠᠨ᠎ᠠ ᠭᠡᠵᠦ ᠲᠤᠳᠤᠷᠬᠠᠢ ᠵᠢᠭᠠᠭᠰᠠᠨ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠪᠤᠰᠤᠳ ᠤᠯᠠᠨ ᠨᠡᠶᠢᠳᠡ ᠶᠢᠨ ᠲᠠᠯᠠᠪᠤᠷ ᠭᠠᠵᠠᠷ᠂ ᠨᠡᠶᠢᠳᠡ ᠶᠢᠨ ᠭᠡᠷᠡᠭᠯᠡᠭᠡᠨ ᠤ ᠲᠦᠬᠦᠭᠡᠷᠤᠮᠵᠢ ᠪᠤᠯᠤᠨ ᠠᠳᠠᠯ ᠠᠬᠤᠢ ᠶᠢᠨ ᠦᠢᠯᠡᠴᠢᠯᠡᠭᠡᠨ ᠳᠤ ᠭᠡᠷᠡᠭᠯᠡᠬᠦ ᠭᠡᠷ ᠪᠠᠶᠢᠰᠢᠩ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃                ᠬᠤᠶᠠᠷ ᠵᠠᠭᠤ ᠲᠠᠯᠠᠨ ᠲᠠᠪᠤᠳᠤᠭᠠᠷ ᠵᠦᠢᠯ ᠪᠠᠷᠢᠯᠭ᠎ᠠ ᠶᠢᠨ ᠣᠷᠣᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠶᠢᠨ ᠬᠠᠷᠢᠶᠠᠯᠠᠯ ᠢ ᠲᠤᠬᠠᠢ ᠶᠢᠨ ᠬᠦᠮᠦᠨ ᠨᠢ ᠬᠤᠳᠠᠯᠳᠤᠬᠤ᠂ ᠲᠠᠭᠠᠯᠳᠤᠭᠤᠯᠤᠨ ᠪᠡᠯᠡᠭᠯᠡᠬᠦ ᠪᠤᠶᠤ ᠲᠦᠷᠢᠶᠡᠰᠦᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠪᠤᠯᠵᠤᠨ ᠲᠤᠭᠳᠠᠭᠠᠨ᠎ᠠ᠃                ᠦᠮᠴᠢᠳᠡᠨ ᠤ ᠬᠠᠮᠳᠤ ᠪᠠᠷ ᠦᠮᠴᠢᠯᠡᠬᠦ ᠵᠠᠮ ᠪᠤᠶᠤ ᠪᠤᠰᠤᠳ ᠲᠠᠯᠠᠪᠤᠷ ᠭᠠᠵᠠᠷ ᠢ ᠡᠵᠡᠯᠡᠨ ᠬᠡᠷᠡᠭᠯᠡᠭᠡᠳ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠲᠡᠷᠭᠡᠨ ᠵᠤᠭᠰᠤᠭᠠᠯ ᠪᠤᠯᠭᠠᠪᠠᠯ᠂ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃                ᠬᠤᠶᠠᠷ ᠵᠠᠭᠤ ᠲᠠᠯᠠᠨ ᠵᠢᠷᠭᠤᠳᠤᠭᠠᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠨᠢ ᠶᠠᠭᠤᠨ ᠤ ᠤᠷᠢᠳ ᠦᠮᠴᠢᠳᠡᠨ ᠤ ᠬᠡᠷᠡᠭᠴᠡᠭᠡ ᠶᠢ ᠬᠠᠨᠭ᠍ᠭᠠᠬᠤ ᠬᠡᠷᠡᠭᠳᠡᠢ᠃                ᠬᠤᠶᠠᠷ ᠵᠠᠭᠤ ᠲᠠᠯᠠᠨ ᠲᠣᠯᠣᠳᠣᠭᠠᠷ ᠵᠦᠢᠯ ᠦᠮᠴᠢᠳᠡᠨ ᠦᠮᠴᠢᠳᠡᠳ ᠤᠨ ᠶᠡᠭᠡ ᠬᠤᠷᠠᠯ ᠢ ᠪᠠᠶᠢᠭᠤᠯᠵᠤ᠂ ᠦᠮᠴᠢᠳᠠᠳ ᠤᠨ ᠵᠦᠪᠯᠡᠯ ᠢ ᠰᠤᠩᠭᠤᠨ ᠭᠠᠷᠭᠠᠵᠤ ᠪᠤᠯᠤᠨ᠎ᠠ᠃ ᠦᠮᠴᠢᠳᠡᠳ ᠤᠨ ᠶᠡᠭᠡ ᠬᠤᠷᠠᠯ᠂ ᠦᠮᠴᠢᠳᠠᠳ ᠤᠨ ᠵᠦᠪᠯᠡᠯ ᠢ ᠪᠠᠶᠢᠭᠤᠯᠬᠤ ᠪᠣᠳᠠᠳᠠᠢ ᠨᠥᠬᠦᠴᠡᠯ ᠪᠠ ᠵᠢᠷᠣᠮ ᠢ ᠬᠠᠣᠯᠢ ᠴᠠᠭᠠᠵᠠ᠂ ᠬᠠᠣᠯᠢ ᠲᠣᠭᠳᠠᠭᠠᠯ ᠤᠨ ᠲᠣᠭᠳᠠᠭᠠᠯ ᠶᠣᠰᠣᠭᠠᠷ ᠶᠠᠪᠣᠭᠤᠯᠣᠨ᠎ᠠ᠃                ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠠᠭᠤᠭᠠᠯᠢ ᠠᠷᠠᠳ ᠤᠨ ᠵᠥᠪᠯᠡᠯ ᠦᠮᠴᠢᠳᠠᠳ ᠤᠨ ᠶᠡᠭᠡ ᠬᠤᠷᠠᠯ ᠢ ᠪᠠᠶᠢᠭᠤᠯᠬᠤ ᠪᠠ ᠦᠮᠴᠢᠳᠠᠳ ᠤᠨ ᠵᠦᠪᠯᠡᠯ ᠢ ᠰᠤᠩᠭᠤᠬᠤ ᠠᠵᠢᠯ ᠢ ᠵᠢᠯᠤᠭᠤᠳᠤᠨ ᠲᠡᠭᠦᠨ ᠳᠤ ᠬᠠᠮᠵᠢᠬᠤ ᠬᠡᠷᠡᠭᠳᠡᠢ᠃          ᠬᠤᠶᠠᠷ ᠵᠠᠭᠤ ᠲᠠᠯᠠᠨ ᠨᠠᠢᠮᠠᠳᠣᠭᠠᠷ ᠵᠦᠢᠯ ᠲᠤᠤᠷ᠎ᠠ ᠵᠢᠭᠰᠠᠭᠠᠭᠰᠠᠨ ᠤᠴᠢᠷ ᠶᠠᠪᠤᠳᠠᠯ ᠢ ᠦᠮᠴᠢᠳᠡᠳ ᠬᠠᠮᠳᠤ ᠪᠠᠷ ᠲᠤᠭᠳᠠᠭᠠᠨ᠎ᠠ᠄                ︵ᠨᠢᠭᠡ︶ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠬᠤ︔                 ︵ᠬᠤᠶᠠᠷ︶ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠬᠤ︔                ︵ᠭᠤᠷᠪᠠ︶ ᠦᠮᠴᠢᠳᠡᠳ ᠤᠨ ᠵᠦᠪᠯᠡᠯ ᠢ ᠰᠤᠩᠭᠤᠬᠤ ᠪᠤᠶᠤ ᠦᠮᠴᠢᠳᠡᠳ ᠤᠨ ᠵᠦᠪᠯᠡᠯ ᠤᠨ ᠪᠦᠷᠢᠯᠳᠤᠬᠦᠨ ᠢ ᠰᠤᠯᠢᠬᠤ︔                ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢ ᠰᠤᠩᠭᠤᠨ ᠤᠷᠢᠬᠤ ᠪᠠ ᠤᠷᠢᠵᠥ ᠬᠡᠷᠡᠭᠯᠡᠬᠦ ᠪᠠᠨ ᠪᠤᠯᠢᠬᠤ︔                ︵ᠲᠠᠪᠤ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠬᠡᠷᠡᠭᠯᠡᠬᠦ︔                ︵ᠵᠢᠷᠭᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠴᠤᠭᠯᠠᠭᠤᠯᠬᠤ︔                ︵ᠲᠤᠯᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠦᠭᠡᠷᠡᠴᠢᠯᠡᠡ ᠪᠠᠶᠢᠭᠤᠯᠬᠤ᠂ ᠲᠡᠬᠢᠨ ᠪᠠᠶᠢᠭᠤᠯᠬᠤ︔                ︵ᠨᠠᠢᠮᠠ︶ ᠬᠠᠮᠳᠣ ᠪᠠᠷ ᠥᠮᠴᠢᠯᠡᠬᠦ ᠬᠡᠰᠡᠭ ᠤᠨ ᠬᠡᠷᠡᠭᠴᠡᠭᠡ ᠶᠢ ᠬᠤᠪᠢᠷᠠᠭᠤᠯᠬᠤ ᠪᠣᠶᠣ ᠬᠠᠮᠳᠣ ᠪᠠᠷ ᠥᠮᠴᠢᠯᠡᠬᠦ ᠬᠡᠰᠡᠭ ᠢ ᠠᠰᠢᠬᠯᠠᠨ ᠡᠵᠡᠩᠨᠡᠯᠳᠡ ᠶᠢᠨ ᠠᠵᠢᠯᠯᠠᠭ᠎ᠠ ᠡᠷᠭᠢᠯᠡᠬᠦ︔          ︵ᠶᠢᠰᠥ︶ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠳᠤ ᠬᠤᠯᠪᠣᠭᠳᠠᠭᠰᠠᠨ ᠪᠤᠰᠤᠳ ᠴᠢᠬᠤᠯᠠ ᠶᠡᠭᠡ ᠣᠴᠢᠷ ᠶᠠᠪᠣᠳᠠᠯ᠃                ᠥᠮᠴᠢᠳᠡᠳ ᠣᠴᠢᠷ ᠶᠠᠪᠣᠳᠠᠯ ᠢ ᠬᠠᠮᠳᠣ ᠪᠠᠷ ᠲᠣᠭᠳᠠᠭᠠᠬᠤ ᠳᠤ᠂ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠪᠥᠭᠡᠳ ᠬᠦᠮᠦᠨ ᠤ ᠲᠤᠭᠠᠨ ᠤ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢ ᠪᠠᠳᠣᠯᠠᠯᠳᠠ ᠳᠤ ᠣᠷᠣᠯᠴᠠᠭᠤᠯᠬᠤ ᠬᠡᠷᠡᠭᠳᠡᠢ᠃ ᠡᠮᠦᠨᠡᠬᠢ ᠪᠠᠳᠠᠭ ᠤᠨ ᠵᠢᠷᠭᠤᠳᠣᠭᠠᠷ ᠵᠣᠷᠪᠣᠰ ᠠᠴᠠ ᠨᠠᠢᠮᠠᠳᠣᠭᠠᠷ ᠵᠣᠷᠪᠣᠰ ᠲᠤ ᠲᠣᠭᠳᠠᠭᠠᠭᠰᠠᠨ ᠣᠴᠢᠷ ᠶᠠᠪᠣᠳᠠᠯ ᠢ ᠲᠣᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠨᠢ ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠪᠦᠬᠡᠳ ᠪᠠᠳᠣᠯᠠᠯᠳᠠ ᠳᠤ ᠣᠷᠣᠯᠴᠠᠭᠰᠠᠨ ᠬᠦᠮᠦᠨ ᠤ ᠲᠤᠭᠠᠨ ᠤ ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠥᠪᠰᠢᠶᠡᠷᠡᠬᠦᠯᠬᠦ ᠬᠡᠷᠡᠭᠳᠡᠢ᠃           ᠡᠮᠦᠨᠡᠬᠢ ᠪᠠᠳᠠᠭ ᠤᠨ ᠪᠤᠰᠤᠳ ᠣᠴᠢᠷ ᠶᠠᠪᠣᠳᠠᠯ ᠢ ᠲᠤᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ ᠥᠮᠴᠢᠯᠡᠬᠦ ᠬᠡᠰᠡ ᠤᠨ ᠲᠠᠯᠠᠪᠠᠢ ᠨᠢ ᠬᠠᠭᠠᠰ ᠠᠴᠠ ᠬᠡᠳᠦᠷᠡᠭᠰᠡᠨ ᠪᠦᠭᠡᠳ ᠪᠠᠳᠣᠯᠠᠯᠳᠠ ᠳᠤ ᠣᠷᠣᠯᠴᠠᠭᠰᠠᠨ ᠬᠦᠮᠦᠨ ᠤ ᠲᠤᠭᠠᠨ ᠤ ᠬᠠᠭᠠᠰ ᠠᠴᠠ ᠬᠡᠳᠦᠷᠡᠭᠰᠡᠨ ᠦᠮᠴᠢᠳᠡᠳ ᠢᠶᠠᠷ ᠵᠦᠪᠰᠢᠶᠡᠷᠡᠬᠦᠯᠬᠦ ᠬᠡᠷᠡᠭᠳᠡᠢ᠃                ᠬᠤᠶᠠᠷ ᠵᠠᠭᠤ ᠲᠠᠯᠠ ᠶᠢᠰᠤᠳᠤᠭᠡᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠠᠴᠠ ᠵᠦᠷᠢᠴᠡᠨ ᠤᠷᠤᠨ ᠰᠠᠭᠤᠴᠠ ᠪᠠᠨ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠵᠤ ᠪᠤᠯᠬᠤ ᠦᠭᠡᠢ᠃ ᠦᠮᠴᠢᠳᠡᠨ ᠤᠷᠤᠨ ᠰᠠᠭᠤᠴᠠ ᠪᠠᠨ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠬᠤ ᠳᠤ ᠬᠦᠷᠪᠡᠯ᠂ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠬᠡᠷ᠎ᠡ ᠶᠢ ᠵᠢᠷᠤᠮᠯᠠᠬᠤ ᠠᠴᠠ ᠭᠠᠳᠠᠨ᠎ᠠ᠂ ᠠᠰᠢᠭ ᠬᠤᠤᠷ ᠤᠨ ᠬᠠᠷᠢᠴᠠᠭ᠎ᠠ ᠲᠠᠢ ᠦᠮᠴᠢᠳᠡᠳ ᠢᠶᠠᠷ ᠰᠠᠨᠠᠯ ᠨᠢᠭᠡᠳᠡᠢ ᠵᠦᠪᠰᠢᠶᠡᠷᠡᠬᠦᠯᠬᠦ ᠬᠡᠷᠡᠭᠳᠡᠢ᠃          ᠬᠤᠶᠠᠷ ᠵᠠᠭᠤ ᠨᠠᠶᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠲᠤᠭᠳᠠᠭᠠᠯᠦᠮᠴᠢᠳᠡᠳ ᠲᠤ ᠬᠠᠣᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃          ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠭᠠᠷᠭᠠᠭᠰᠠᠨ ᠲᠤᠬᠳᠠᠭᠠᠯ ᠦᠮᠴᠢᠳᠡᠨ ᠤ ᠬᠠᠤᠯᠢ ᠶᠤᠰᠤᠨ ᠤ ᠡᠷᠭᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠠᠮᠰᠠᠬᠴᠢ ᠦᠮᠴᠢᠳᠡᠨ ᠲᠡᠬᠦᠨ ᠢ ᠬᠥᠴᠤᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃                ᠬᠤᠶᠠᠷ ᠵᠠᠭᠤ ᠨᠠᠶᠠᠨ ᠨᠢᠭᠡᠳᠤᠭᠡᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ ᠦᠮᠴᠢᠳᠡᠨ ᠬᠠᠮᠳᠤ ᠪᠠᠷ ᠲᠤᠭᠳᠠᠭᠠᠭᠠᠳ ᠲᠡᠬᠦᠨ ᠢ ᠴᠠᠬᠢᠯᠭᠠᠨ ᠱᠠᠳᠤ᠂ ᠭᠡᠷ ᠤᠨ ᠣᠷᠣᠢ᠂ ᠭᠠᠳᠠᠷ ᠬᠡᠷᠡᠮ᠂ ᠰᠠᠭᠠᠳ ᠥᠭᠡᠢ ᠲᠥᠭᠦᠭᠡᠷᠥᠮᠵᠢ ᠵᠡᠷᠭᠡ ᠬᠠᠮᠳᠤ ᠪᠠᠷ ᠦᠮᠴᠢᠯᠡᠬᠦ ᠬᠡᠰᠡᠭ ᠢ ᠰᠡᠯᠪᠢᠨ ᠵᠠᠰᠠᠬᠤ᠂ ᠰᠢᠨᠡᠳᠭᠡᠬᠦ ᠪᠠ ᠥᠭᠡᠷᠡᠴᠢᠯᠡᠡ ᠵᠠᠰᠠᠬᠤ ᠳᠤ ᠬᠡᠷᠡᠭᠯᠡᠵᠦ ᠪᠤᠯᠤᠨ᠎ᠠ᠃ ᠪᠠᠷᠢᠯᠭ᠎ᠠ ᠵᠢᠴᠢ ᠲᠡᠭᠦᠨ ᠤ ᠳᠠᠭᠠᠯᠳᠠ ᠳᠥᠭᠦᠭᠡᠷᠥᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠴᠤᠭᠯᠠᠭᠤᠯᠤᠭᠰᠠᠨ᠂ ᠬᠡᠷᠡᠭᠯᠡᠭᠰᠡᠨ ᠪᠠᠶᠢᠳᠠᠯ ᠢ ᠳᠤᠭᠳᠠᠮᠠᠯ ᠬᠤᠭᠤᠴᠠᠭ᠎ᠠ ᠲᠠᠢ ᠪᠠᠷ ᠨᠠᠶᠢᠳᠡᠯᠡᠬᠦ ᠬᠡᠷᠡᠭᠳᠡᠢ᠃                ᠪᠠᠴᠢᠮ ᠪᠠᠶᠢᠳᠠᠯ ᠲᠣᠣᠷ᠎ᠠ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠴᠢᠬᠤᠯᠠᠳᠠᠢ ᠪᠠᠶᠢᠪᠠᠯ᠂ ᠥᠮᠴᠢᠳᠡᠳ ᠤᠨ ᠶᠡᠭᠡ ᠬᠤᠷᠠᠯ ᠪᠣᠶᠣ ᠥᠮᠴᠢᠳᠡᠳ ᠤᠨ ᠵᠥᠪᠯᠡᠯ ᠪᠠᠷᠢᠯᠭ᠎ᠠ ᠵᠢᠴᠢ ᠲᠡᠭᠦᠨ ᠤ ᠳᠠᠭᠠᠯᠳᠠ ᠳᠥᠭᠦᠭᠡᠷᠥᠮᠵᠢ ᠶᠢ ᠰᠡᠯᠪᠢᠠ ᠵᠠᠰᠠᠬᠤ ᠪᠡᠯᠡ ᠮᠥᠡᠭᠭᠦ ᠶᠢ ᠬᠡᠷᠡᠭᠯᠡᠬᠦ ᠪᠠᠷ ᠬᠠᠣᠯᠢ ᠶᠣᠰᠣᠭᠠᠷ ᠭᠤᠶᠣᠴᠢᠯᠠᠵᠥ ᠪᠣᠯᠣᠨ᠎ᠠ᠃                ᠬᠤᠶᠠᠷ ᠵᠠᠭᠤ ᠨᠠᠶᠠᠨ ᠬᠤᠶᠠᠳᠤᠭᠠᠷ ᠵᠦᠢᠯ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ ᠠᠬᠤᠢ ᠶᠢᠨ ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠡᠷᠭᠡ ᠶᠢᠨ ᠥᠮᠴᠢᠳᠡᠨ ᠤ ᠬᠠᠮᠳᠥ ᠪᠠᠷ ᠥᠮᠴᠢᠯᠡᠬᠦ ᠬᠡᠰᠡᠭ ᠢ ᠠᠰᠢᠬᠯᠠᠨ ᠪᠣᠢ ᠪᠣᠯᠭᠠᠭᠰᠠᠨ ᠣᠷᠣᠯᠭ᠎ᠠ ᠵᠥᠢ ᠵᠣᠬᠢᠰᠳᠡᠢ ᠥᠪᠡᠷ ᠤᠨ ᠥᠷᠳᠡᠭ ᠢ ᠬᠠᠰᠣᠭᠰᠠᠨ ᠤ ᠲᠠᠷᠠᠭ᠎ᠠ ᠥᠮᠴᠢᠳᠡᠨ ᠤ ᠬᠠᠮᠳᠣ ᠶᠢᠨ ᠥᠮᠴᠢᠯᠡᠯ ᠳᠤ ᠬᠠᠷᠢᠶᠠᠯᠠᠭᠳᠠᠨ᠎ᠠ᠃                ᠬᠤᠶᠠᠷ ᠵᠠᠭᠤ ᠨᠠᠶᠠᠨ ᠭᠤᠷᠪᠠᠳᠤᠭᠠᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢᠨ ᠵᠠᠷᠤᠳᠠᠯ ᠢ ᠲᠡᠰᠭᠡᠨ ᠤᠨᠤᠭᠳᠠᠭᠤᠯᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠣᠴᠢᠷ ᠶᠠᠪᠣᠳᠠᠯ ᠨᠢ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠬᠥᠢᠴᠡᠳᠭᠡᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠦᠮᠴᠢᠳᠡᠨ ᠤ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ ᠡᠵᠡᠯᠡᠬᠦ ᠬᠠᠷᠢᠴᠠᠯ ᠢᠶᠠᠷ ᠲᠤᠭᠳᠠᠭᠠᠨ᠎ᠠ᠃          ᠬᠤᠶᠠᠷ ᠵᠠᠭᠤ ᠨᠠᠶᠠᠨ ᠲᠦᠷᠪᠡᠳᠤᠭᠡᠷ ᠵᠦᠢᠯ ᠦᠮᠴᠢᠳᠡᠨ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠦᠪᠡᠰᠦᠪᠡᠨ ᠬᠠᠮᠢᠶᠠᠷᠴᠤ ᠪᠤᠯᠤᠨ᠎ᠠ ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠳᠤ ᠨᠠᠶᠢᠳᠠᠨ ᠬᠠᠮᠢᠶᠠᠷᠤᠭᠤᠯᠣᠭᠰᠠᠨ ᠴᠤ ᠪᠤᠯᠤᠨ᠎ᠠ᠃                ᠪᠦᠳᠦᠭᠡᠨ ᠪᠠᠶᠢᠭᠤᠯᠤᠯᠳᠠ ᠶᠢᠨ ᠨᠢᠭᠡᠴᠢ ᠶᠢᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢ ᠦᠮᠴᠢᠳᠡᠨ ᠬᠠᠤᠯᠢ ᠶᠤᠰᠤᠭᠠᠷ ᠰᠤᠯᠢᠬᠤ ᠡᠷᠬᠡ ᠲᠠᠢ᠃                ᠬᠤᠶᠠᠷ ᠵᠠᠭᠤ ᠨᠠᠶᠠᠨ ᠲᠠᠪᠣᠳᠣᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠨᠢ ᠦᠮᠴᠢᠳᠡᠨ ᠤ ᠨᠠᠶᠢᠳᠠᠯᠭ᠎ᠠ ᠶᠢ ᠦᠨᠳᠦᠰᠦᠯᠡᠨ᠂ ᠲᠣᠰ ᠬᠠᠣᠯᠢ ᠶᠢᠨ ᠭᠤᠷᠪᠠᠳᠤᠭᠠᠷ ᠠᠩᠭᠢ ᠳᠠᠬᠢ ᠠᠳᠠᠯ ᠠᠬᠤᠢ ᠶᠢᠨ ᠥᠢᠯᠡᠴᠢᠯᠡᠭᠡᠨ ᠤ ᠬᠡᠷ᠎ᠠ ᠶᠢᠨ ᠬᠤᠯᠪᠣᠭᠳᠠᠯ ᠪᠥᠬᠦᠢ ᠲᠣᠭᠳᠠᠭᠠᠯ ᠶᠣᠰᠣᠭᠠᠷ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠬᠠᠮᠢᠶᠠᠷᠴᠤ᠂ ᠦᠮᠴᠢᠳᠡᠨ ᠤ ᠬᠢᠨᠠᠯᠳᠠ ᠶᠢ ᠬᠦᠯᠢᠶᠡᠬᠦ ᠪᠥᠭᠡᠳ ᠥᠮᠴᠢᠳᠡᠳ ᠤᠨ ᠠᠳᠠᠯ ᠠᠬᠤᠢ ᠶᠢᠨ ᠥᠢᠯᠡᠴᠢᠯᠡᠭᠡᠨ ᠤ ᠪᠠᠶᠢᠳᠠᠯ ᠤᠨ ᠲᠣᠬᠠᠢ ᠯᠠᠪᠯᠠᠨ ᠠᠰᠠᠭᠤᠭᠰᠠᠨ ᠵᠥᠢᠯ ᠢ ᠴᠠᠭ ᠲᠣᠬᠠᠢ ᠳᠤᠨᠢ ᠬᠠᠷᠢᠭᠤᠯᠤᠨ᠎ᠠ᠃          ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠵᠠᠰᠠᠭ ᠤᠨ ᠤᠷᠳᠤᠨ ᠤ ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠯᠪᠤᠭᠳᠠᠯ ᠪᠥᠬᠦᠢ ᠠᠵᠢᠯ ᠢ ᠢᠳᠡᠪᠬᠢᠳᠡᠢ ᠬᠠᠮᠵᠢᠯᠴᠠᠨ ᠥᠷᠨᠢᠭᠦᠯᠬᠦ ᠬᠡᠷᠡᠭᠳᠡᠢ᠃          ᠬᠤᠶᠠᠷ ᠵᠠᠭᠤ ᠨᠠᠶᠠᠨ ᠵᠢᠷᠭᠤᠳᠤᠭᠠᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠬᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠵᠢᠷᠤᠮᠯᠠᠨ ᠰᠠᠬᠢᠵᠤ᠂ ᠬᠤᠯᠪᠤᠭᠳᠠᠯ ᠪᠦᠬᠦᠢ ᠦᠢᠯᠡ ᠠᠵᠢᠯᠯᠠᠭ᠎ᠠ ᠪᠠᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦᠯᠦᠭᠰᠡᠨ ᠪᠠᠶᠢᠬᠤ ᠬᠡᠷᠡᠭᠳᠡᠢ᠃ ᠦᠮᠴᠢᠳᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢᠨ ᠵᠠᠰᠠᠭ ᠤᠨ ᠤᠷᠳᠤᠨ ᠤ ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠭᠦᠢᠴᠡᠳᠭᠡᠬᠦ ᠳᠤ ᠬᠠᠤᠯᠢ ᠶᠤᠰᠤᠭᠠᠷ ᠬᠠᠮᠵᠢᠯᠴᠠᠬᠤ ᠬᠡᠷᠡᠭᠳᠡᠢ᠃          ᠦᠮᠴᠢᠳᠡᠳ ᠤᠨ ᠶᠡᠭᠡ ᠬᠤᠷᠠᠯ ᠪᠣᠶᠣ ᠦᠮᠴᠢᠳᠡᠳ ᠤᠨ ᠵᠦᠪᠯᠡᠯ ᠨᠢ ᠰᠠᠨᠠᠭᠠᠨ ᠲᠤᠷ᠎ᠠ ᠪᠠᠷ ᠢᠶᠠᠨ ᠬᠤᠭ ᠨᠤᠪᠰᠢ ᠬᠠᠶᠠᠬᠤ᠂ ᠪᠤᠬᠢᠷ ᠪᠤᠳᠠᠰ ᠭᠠᠳᠠᠬᠰᠢᠯᠠᠭᠤᠯᠬᠤ ᠪᠤᠶᠤ ᠱᠤᠤᠬᠢᠶᠠᠨ ᠭᠠᠷᠭᠠᠬᠤ᠂ ᠲᠤᠭᠳᠠᠭᠠᠯ ᠠᠴᠠ ᠵᠦᠷᠢᠴᠡᠨ ᠠᠮᠢᠳᠠᠨ ᠲᠡᠵᠢᠬᠡᠬᠦ᠂ ᠲᠦᠷᠢᠮ ᠠᠴᠠ ᠵᠦᠷᠢᠴᠡᠨ ᠪᠠᠷᠢᠯᠭ᠎ᠠ ᠪᠠᠷᠢᠵᠥ ᠪᠤᠰᠬᠠᠬᠤ᠂ ᠨᠡᠪᠳᠡᠷᠡᠬᠦ ᠵᠠᠮ ᠢ ᠡᠵᠡᠯᠡᠬᠦ᠂ ᠠᠳᠠᠯ ᠠᠬᠤᠢ ᠶᠢᠨ ᠵᠠᠷᠣᠳᠠᠯ ᠢᠶᠠᠨ ᠦᠭᠬᠦ ᠶᠢ ᠲᠡᠪᠴᠢᠬᠦ ᠵᠡᠷᠭᠡ ᠪᠤᠰᠤᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠥᠢᠯᠡ ᠠᠵᠢᠯᠯᠠᠭ᠎ᠠ ᠶᠢᠨ ᠲᠣᠬᠠᠢ ᠳᠤ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠤᠰᠤᠭᠠᠷ ᠦᠢᠯᠡ ᠠᠵᠢᠯᠯᠠᠭᠠᠳᠠᠨ ᠢᠶᠠᠷ ᠬᠦᠨᠦᠭᠡᠯ ᠢ ᠵᠤᠭᠰᠤᠭᠠᠯᠭᠠᠬᠤ᠂ ᠬᠠᠷᠰᠢᠯᠡᠯ ᠢ ᠠᠷᠢᠯᠭᠠᠭᠤᠯᠬᠤ᠂ ᠠᠶᠣᠯ ᠲᠥᠭᠰᠢᠬᠦᠷᠢ ᠶᠢ ᠠᠷᠢᠯᠭᠠᠭᠤᠯᠬᠤ᠂ ᠣᠭ ᠪᠠᠶᠢᠳᠠᠯ ᠢ ᠨᠢ ᠰᠡᠷᠭᠦᠭᠡᠯᠭᠡᠬᠦ᠂ ᠬᠤᠬᠢᠷᠠᠯ ᠢ ᠲᠦᠯᠦᠬᠦᠯᠬᠦ ᠪᠠᠷ ᠭᠤᠶᠣᠴᠢᠯᠠᠬᠤ ᠡᠷᠬᠡ ᠲᠠᠢ᠃          ᠦᠮᠴᠢᠲᠡᠨ ᠪᠤᠶᠤ ᠪᠤᠰᠤᠳ ᠥᠢᠯᠡ ᠠᠵᠢᠯᠯᠠᠭᠠᠳᠠᠨ ᠬᠤᠯᠪᠣᠭᠳᠠᠯ ᠪᠥᠬᠦᠢ ᠡᠬᠦᠷᠭᠡ ᠪᠠᠨ ᠬᠥᠢᠴᠡᠳᠭᠡᠬᠦ ᠶᠢ ᠲᠠᠪᠴᠢᠭ᠍ᠰᠡᠨ ᠪᠠᠶᠢᠪᠠᠯ ᠬᠤᠯᠪᠣᠭᠳᠠᠯ ᠪᠥᠬᠦᠢ ᠲᠣᠬᠠᠢ ᠶᠢᠨ ᠬᠥᠮᠥᠨ ᠨᠢ ᠬᠤᠯᠪᠣᠭᠳᠠᠯ ᠪᠥᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠪᠤᠶᠤ ᠵᠠᠭᠠᠯᠳᠣᠵᠥ ᠪᠣᠯᠣᠨ᠎ᠠ᠂ ᠬᠤᠯᠪᠣᠭᠳᠠᠯ ᠪᠥᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠠᠣᠯᠢ ᠶᠣᠰᠣᠭᠠᠷ ᠰᠢᠢᠳᠪᠣᠷᠢᠯᠡᠬᠦ ᠬᠡᠷᠡᠭᠳᠡᠢ᠃          ᠬᠤᠶᠠᠷ ᠵᠠᠭᠤ ᠨᠠᠶᠠᠨ ᠲᠤᠯᠤᠳᠤᠭᠠᠷ ᠵᠦᠢᠯ ᠦᠮᠴᠢᠳᠡᠨ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ ᠠᠬᠤᠢ ᠶᠢᠨ ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠢᠴᠢ ᠪᠣᠰᠣᠳ ᠥᠮᠴᠢᠳᠡᠨ ᠤ ᠥᠪᠡᠷ ᠤᠨ ᠬᠢᠨᠢ ᠬᠠᠤᠯᠢ ᠶᠤᠰᠤᠨ ᠤ ᠡᠷᠬᠡ ᠠᠰᠢᠭ ᠢ ᠬᠦᠨᠦᠭᠡᠭᠰᠡᠨ ᠥᠢᠯᠡ ᠠᠵᠢᠯᠯᠠᠭ᠎ᠠ ᠳᠤ ᠲᠡᠳᠡᠨ ᠢᠶᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦᠯᠬᠦ ᠪᠠᠷ ᠭᠤᠶᠣᠴᠢᠯᠠᠬᠤ ᠡᠷᠭᠡ ᠲᠠᠢ᠃                                    ︵ᠦᠷᠭᠦᠯᠵᠢᠯᠡᠯ ᠪᠤᠢ︶
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ