ᠭᠤᠷᠪᠠᠨ ᠵᠦᠢᠯ ᠤᠨ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠨᠢ ᠲᠤᠰ ᠲᠤᠰ ᠶᠠᠮᠠᠷ ᠢᠯᠭᠠᠭ᠎ᠠ ᠲᠠᠢ ᠪᠤᠢ︖
ᠨᠡᠶᠢᠲᠡᠯᠡᠭᠰᠡᠨ ᠴᠠᠭ᠄
2021/8/5
        ᠤᠢᠢᠷ᠎ᠠ ᠳᠤ ᠮᠠᠨ ᠤ ᠤᠯᠤᠰ ᠤᠨ ᠤᠯᠠᠨ ᠭᠠᠵᠡᠷ ᠲᠤ ᠭᠠᠭᠴᠠ ᠵᠡᠬᠦᠦ ᠶᠢᠨ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠠᠷᠢᠵᠤ ᠡᠬᠢᠯᠡᠵᠡᠢ᠃ ᠲᠡᠭᠡᠪᠡᠯ ᠭᠠᠭᠴᠠ ᠵᠡᠬᠦᠦ᠂ ᠬᠤᠶᠠᠷ ᠵᠡᠬᠦᠦ᠂ ᠭᠤᠷᠪᠠᠨ ᠵᠡᠬᠦᠦ ᠶᠢᠨ ᠸᠠᠺᠼᠢᠨ ᠨᠢ ᠲᠤᠰ ᠲᠤᠰ ᠶᠠᠮᠡᠷ ᠢᠯᠭᠠᠭ᠎ᠠ ᠲᠠᠢ ᠪᠤᠢ︖ ᠲᠤᠤᠷ᠎ᠠ ᠪᠢᠳᠠ ᠡᠳᠡᠬᠡᠷ ᠠᠰᠠᠭᠤᠳᠠᠯ ᠤᠨ ᠲᠤᠬᠠᠢ ᠤᠢᠢᠯᠠᠭᠠᠵᠠᠭᠠᠶ᠎ᠠ᠃            ● ᠠᠯᠢ ᠸᠠᠺᠼᠢᠨ ᠢ ᠨᠢ ᠰᠤᠩᠭᠤᠪᠠᠯ ᠵᠤᠬᠢᠬᠤ ᠪᠤᠢ︖            ᠠᠯᠢ ᠶᠢ ᠨᠢ ᠲᠠᠷᠢᠵᠤ ᠲᠠᠶᠢᠯᠪᠡᠯ ᠲᠡᠷᠡ ᠶᠢ ᠨᠢ ᠰᠤᠩᠭᠤᠭᠠᠷᠠᠢ᠃ ᠪᠠᠴᠢᠮ ᠪᠠᠶᠢᠳᠠᠯ ᠳᠤ ᠭᠠᠭᠴᠠ ᠵᠡᠬᠦᠦ ᠶᠢᠨ ᠸᠠᠺᠼᠢᠨ ᠤ ᠲᠠᠷᠢᠯᠭ᠎ᠠ ᠶᠢ ᠲᠠᠷᠢᠪᠠᠯ ᠲᠠᠷᠤᠢ ᠲᠦᠷᠬᠡᠨ ᠡᠪᠡᠳᠴᠢᠨ ᠦᠯᠦ ᠬᠠᠯᠳᠠᠭᠠᠬᠤ ᠶᠢ ᠪᠡᠶᠡᠯᠡᠬᠦᠯᠵᠦ ᠲᠡᠶᠢᠯᠦᠨ᠎ᠠ᠃ ᠪᠠᠴᠢᠮ ᠪᠤᠰᠤ ᠪᠠᠶᠢᠳᠠᠯ ᠳᠤ ᠬᠤᠶᠠᠷ ᠵᠡᠬᠦᠦ ᠪᠤᠶᠤ ᠭᠤᠷᠪᠠᠨ ᠵᠡᠬᠦᠦ ᠶᠢᠨ ᠸᠠᠺᠼᠢᠨ ᠤ ᠲᠠᠷᠢᠯᠭ᠎ᠠ ᠶᠢ ᠰᠤᠩᠭᠤᠵᠤ ᠪᠤᠯᠤᠨ᠎ᠠ᠃            ᠡᠪᠡᠳᠴᠢᠨ ᠦᠯᠦ ᠬᠠᠯᠳᠠᠭᠠᠬᠤ ᠴᠢᠳᠠᠪᠬᠢ ᠨᠢ ᠮᠠᠭᠤᠳᠠᠭᠰᠠᠨ ᠬᠦᠮᠦᠰ ᠤᠷᠢᠳᠴᠢᠯᠠᠨ ᠬᠤᠶᠠᠷ ᠵᠡᠬᠦᠦ ᠪᠤᠶᠤ ᠭᠤᠷᠪᠠᠨ ᠵᠡᠬᠦᠦ ᠶᠢᠨ ᠸᠠᠺᠼᠢᠨ ᠤ ᠲᠠᠷᠢᠯᠭ᠎ᠠ ᠲᠠᠷᠢᠬᠤ ᠶᠢ ᠰᠠᠨᠠᠭᠠᠴᠢᠯᠠᠶ᠎ᠠ᠃ ᠬᠤᠶᠠᠷ ᠵᠡᠬᠦᠦ ᠶᠢᠨ ᠢᠳᠡᠪᠬᠢ ᠦᠬᠡᠶᠢᠳᠡᠬᠦᠯᠬᠦ ᠸᠠᠺᠼᠢᠨ ᠤ ᠲᠠᠷᠢᠯᠭ᠎ᠠ ᠲᠠᠷᠢᠭᠰᠠᠨ ᠪᠠᠶᠢᠪᠠᠯ ᠦᠷᠬᠦᠯᠵᠢᠯᠡᠨ ᠨᠢᠬᠡ ᠵᠡᠬᠦᠦ ᠶᠢᠨ ᠪᠤᠯᠴᠢᠷᠬᠠᠢ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ ᠲᠠᠷᠢᠬᠤ ᠶᠢ ᠰᠠᠨᠠᠭᠠᠴᠢᠯᠠᠬᠤ ᠦᠬᠡᠢ᠃             ● ᠸᠠᠺᠼᠢᠨ ᠤ ᠲᠠᠷᠢᠯᠭ᠎ᠠ ᠶᠢᠨ ᠠᠩᠬᠠᠷᠬᠤ ᠵᠦᠢᠯᠡᠰ            ᠠᠳᠠᠯᠢ ᠪᠤᠰᠤ ᠶᠢᠨ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠤᠯᠢᠵᠤ ᠲᠠᠷᠢᠵᠤ ᠪᠤᠯᠬᠤ ᠦᠬᠡᠢ᠂ ᠵᠠᠷᠴᠢᠮ ᠲᠡᠭᠡᠷ᠎ᠡ ᠪᠠᠨ ᠨᠢᠬᠡ ᠯᠠ ᠬᠡᠯᠪᠡᠷᠢ ᠶᠢᠨ ᠪᠦᠲᠦᠬᠡᠭᠳᠡᠬᠦᠨ ᠬᠡᠷᠡᠭᠯᠡᠬᠦ ᠶᠢ ᠰᠠᠨᠠᠭᠠᠴᠢᠯᠠᠨ᠎ᠠ᠃        ᠬᠤᠶᠠᠷ ᠵᠡᠬᠦᠦ ᠶᠢᠨ ᠢᠳᠡᠪᠬᠢ ᠦᠬᠡᠶᠢᠳᠡᠬᠦᠯᠬᠦ ᠸᠠᠺᠼᠢᠨ ᠤ ᠲᠠᠷᠢᠯᠭ᠎ᠠ ᠶᠢᠨ ᠨᠢᠬᠡ ᠵᠡᠬᠦᠦ ᠶᠢ ᠲᠠᠷᠢᠭᠰᠠᠨ ᠪᠤᠯ ᠦᠷᠬᠦᠯᠵᠢᠯᠡᠨ ᠦᠯᠡᠳᠡᠭᠰᠡᠨ ᠨᠢᠬᠡ ᠵᠡᠬᠦᠦ ᠪᠠᠨ ᠲᠠᠷᠢᠬᠤ ᠶᠢ ᠰᠠᠨᠠᠭᠠᠴᠢᠯᠠᠶ᠎ᠠ᠃            ● ᠸᠠᠺᠼᠢᠨ ᠲᠤᠲᠤᠷᠠᠬᠢ ᠤᠡᠭᠭᠠᠷᠢᠯ ᠪᠤᠳᠠᠰ ᠨᠢ ᠴᠢᠨᠠᠷ ᠤᠨ ᠠᠰᠠᠭᠤᠳᠠᠯ ᠮᠦᠨ ᠤᠤ︖            ᠴᠢᠨᠠᠷ ᠤᠨ ᠠᠰᠠᠭᠤᠳᠠᠯ ᠪᠢᠰᠢ᠃ ᠸᠠᠺᠼᠢᠨ ᠲᠤᠲᠤᠷ᠎ᠠ ᠪᠠᠶᠢᠭ᠎ᠠ ᠸᠠᠺᠼᠢᠨ ᠤ ᠪᠦᠷᠢᠯᠳᠦᠬᠦᠨ ᠡᠳ᠋ ᠪᠤᠯᠤᠨ ᠸᠠᠺᠼᠢᠨ ᠤ ᠲᠤᠰᠠᠯᠠᠬᠤ ᠡᠮ ᠤᠨ ᠬᠤᠭᠤᠷᠤᠨᠳᠤ ᠨᠢᠬᠡ ᠵᠦᠢᠯ ᠤᠨ ᠴᠠᠭᠠᠨ ᠦᠡᠭᠭᠡ ᠶᠢᠨ ᠬᠦᠪᠦᠮᠡᠯ ᠰᠢᠩᠭᠡᠨ ᠪᠤᠳᠠᠰ ᠡᠬᠦᠰᠴᠦ᠂ ᠲᠠᠶᠢᠪᠤᠡᠭ ᠪᠠᠶᠢᠳᠠᠯ ᠳᠤ ᠢᠯᠭᠠᠷᠠᠯ ᠭᠠᠷᠳᠠᠭ᠃            ᠸᠠᠺᠼᠢᠨ ᠢ ᠰᠠᠵᠢᠯᠠᠪᠠᠯ ᠴᠠᠭᠠᠨ ᠬᠡᠯᠪᠡᠷᠢ ᠶᠢᠨ ᠪᠤᠳᠠᠰ ᠡᠬᠦᠰᠳᠡᠭ᠃ ᠡᠨᠡ ᠪᠤᠯ ᠬᠡᠪ ᠤᠨ ᠦᠵᠡᠭᠳᠡᠯ ᠪᠤᠯᠤᠨ᠎ᠠ᠃ ᠮᠠᠨ ᠤ ᠤᠯᠤᠰ ᠤᠨ ᠰᠢᠨ᠎ᠠ ᠲᠢᠳᠢᠮᠯᠢᠭ ᠸᠢᠷᠦ᠋ᠰ ᠤᠨ ᠸᠠᠺᠼᠢᠨ ᠨᠢ ᠤᠯᠠᠨ ᠤᠳᠠᠭᠠᠨ ᠤ ᠴᠢᠩᠭ᠎ᠠ ᠬᠠᠳᠠᠭᠤ ᠴᠢᠨᠠᠷ ᠤᠨ ᠪᠠᠶᠢᠴᠠᠭᠠᠯᠳᠠ ᠶᠢ ᠲᠠᠮᠵᠢᠳᠠᠭ ᠪᠤᠯᠬᠤᠷ ᠰᠠᠨᠠᠭ᠎ᠠ ᠠᠮᠤᠷ ᠲᠠᠷᠢᠯᠭ᠎ᠠ ᠲᠠᠷᠢᠵᠤ ᠪᠤᠯᠤᠨ᠎ᠠ ᠃  ● ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠬᠠᠮᠠᠭᠠᠯᠠᠯᠳᠠ ᠶᠢᠨ ᠬᠤᠭᠤᠴᠠᠭ᠎ᠠ ᠨᠢ ᠵᠦᠪᠬᠡᠨ ᠬᠠᠭᠠᠰ ᠵᠢᠯ ᠤᠤ︖            ᠰᠢᠨ᠎ᠠ ᠲᠢᠳᠢᠮᠯᠢᠭ ᠸᠢᠷᠦ᠋ᠰ ᠤᠨ ᠸᠠᠺᠼᠢᠨ ᠤ ᠬᠠᠮᠠᠭᠠᠯᠠᠯᠳᠠ ᠶᠢᠨ ᠢᠯᠡᠷᠡᠯ ᠨᠢ 6 ᠰᠠᠷ᠎ᠠ ᠠᠴᠠ ᠲᠡᠭᠡᠭᠰᠢ ᠪᠤᠯᠪᠠᠯ ᠠᠷᠢᠯᠵᠤ ᠮᠡᠳᠡᠨ᠎ᠠ᠃            ᠤᠯᠠᠩᠭᠢ ᠬᠦᠮᠦᠨ ᠤ ᠬᠠᠮᠠᠭᠠᠯᠠᠯᠳᠠ ᠶᠢᠨ ᠢᠯᠡᠷᠡᠯ ᠨᠢ ᠠᠷᠢᠯᠬᠤ ᠦᠶᠡᠰ ᠪᠡᠶ᠎ᠡ ᠲᠤᠲᠤᠷ᠎ᠠ ᠨᠢ ᠮᠦᠨ ᠬᠦ ᠶᠡᠭᠡ ᠬᠡᠮᠵᠢᠶᠡᠨ ᠤ ᠡᠪᠡᠳᠴᠢᠨ ᠦᠯᠦ ᠬᠠᠯᠳᠠᠭᠠᠬᠤ ᠴᠡᠬᠡᠵᠢᠯᠡᠬᠦ ᠡᠰ ᠠᠭᠤᠯᠤᠭᠳᠠᠵᠤ᠂ ᠵᠤᠬᠢᠬᠤ ᠬᠡᠮᠵᠢᠶᠡᠨ ᠤ ᠬᠠᠮᠠᠭᠠᠠᠯᠬᠤ ᠦᠢᠯᠡᠳᠦᠯ ᠦᠵᠡᠬᠦᠯᠵᠦ ᠲᠡᠶᠢᠯᠦᠨ᠎ᠡ᠃            ● ᠲᠠᠷᠢᠯᠭ᠎ᠠ ᠲᠠᠷᠢᠬᠰᠠᠨ ᠲᠤᠰᠬᠠᠯ ᠨᠢ ᠤᠯᠠᠮ ᠴᠢᠩᠭ᠎ᠠ ᠪᠤᠯ ᠡᠪᠡᠳᠴᠢᠨ ᠦᠯᠦ ᠬᠠᠯᠳᠠᠭᠠᠬᠤ ᠢᠯᠡᠷᠡᠯ ᠨᠢ ᠤᠯᠠᠮ ᠰᠡᠶᠢᠨ ᠶᠤᠮ ᠤᠤ︖        ᠲᠡᠶᠢᠮᠦ ᠪᠢᠰᠢ ᠶᠤᠮ᠃ ᠲᠠᠭᠠᠯᠳᠠ ᠲᠤᠰᠬᠠᠯ ᠨᠢ ᠸᠠᠺᠼᠢᠨ ᠤ ᠡᠪᠡᠳᠴᠢᠨ ᠦᠯᠦ ᠬᠠᠯᠳᠠᠭᠠᠬᠤ ᠢᠯᠡᠷᠡᠯ ᠲᠠᠢ ᠰᠢᠭᠤᠳ ᠬᠠᠷᠢᠴᠠᠭ᠎ᠠ ᠦᠬᠡᠢ᠂ ᠬᠠᠷᠢᠨ ᠬᠤᠪᠢ ᠬᠦᠮᠦᠨ ᠤ ᠪᠡᠶ᠎ᠡ ᠮᠠᠬᠠᠪᠤᠳ ᠲᠠᠢ ᠬᠤᠯᠪᠤᠭ᠎ᠠ ᠲᠠᠢ᠃ ᠵᠢᠱᠢᠶᠡᠯᠡᠪᠡᠯ ᠬᠠᠷᠰᠢᠮᠠᠳᠠᠭᠠᠢ ᠮᠠᠬᠠᠪᠤᠳ ᠲᠠᠢ ᠬᠦᠮᠦᠨ ᠤ ᠲᠠᠭᠠᠯᠳᠠ ᠲᠤᠰᠬᠠᠯ ᠨᠢ ᠨᠡᠯᠢᠶᠡᠳ ᠴᠢᠩᠭ᠎ᠠ ᠪᠠᠶᠢᠳᠠᠭ᠃            ᠡ᠊ᠡᠭ ᠤᠨ ᠪᠠᠶᠢᠳᠠᠯ ᠳᠤ ᠶᠠᠷᠦᠩᠭᠡᠢ ᠲᠠᠭᠠᠯᠳᠠ ᠲᠤᠰᠬᠠᠯ ᠤᠨ ᠢᠯᠡᠷᠡᠬᠦ ᠨᠤᠷᠮ᠎ᠠ ᠨᠢ ᠲᠤᠩ ᠲᠤᠤᠷ᠎ᠠ ᠪᠠᠶᠢᠳᠠᠭ᠃ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ