ᠨᠠᠮ ᠤᠨ ᠰᠦᠢᠳᠭᠡᠯ ᠢᠶᠠᠨ ᠭᠡᠳᠤᠢ ᠲᠤᠰᠢᠶᠠᠪᠠᠯ ᠵᠤᠬᠢᠬᠤ ᠪᠤᠢ︖ ᠶᠠᠭᠠᠬᠢᠵᠤ ᠲᠤᠰᠢᠶᠠᠬᠤ ᠪᠤᠢ︖
ᠨᠡᠶᠢᠲᠡᠯᠡᠭᠰᠡᠨ ᠴᠠᠭ᠄
2021/9/14
        ᠨᠠᠮ ᠤᠨ ᠲᠦᠷᠢᠮ ᠤᠨ ᠲᠤᠭᠳᠠᠭᠠᠯ ᠶᠤᠰᠤᠭᠠᠷ ᠨᠠᠮ ᠤᠨ ᠵᠤᠬᠢᠶᠠᠨ ᠪᠠᠶᠢᠭᠤᠯᠤᠯᠳᠠ ᠳᠤ ᠨᠠᠮ ᠤᠨ ᠰᠦᠢᠳᠭᠡᠯ ᠲᠤᠰᠢᠶᠠᠬᠤ ᠪᠤᠯ ᠡᠪ ᠬᠠᠮᠳᠤ ᠨᠠᠮ ᠤᠨ ᠭᠡᠰᠢᠭᠦᠨ ᠤ ᠡᠷᠭᠡᠪᠰᠢ ᠪᠦᠷᠢᠯᠳᠤᠭᠦᠯᠭᠦ ᠭᠡᠷᠡᠭᠳᠡᠢ ᠨᠠᠭᠠᠳᠤ ᠵᠠᠬ᠎ᠠ ᠶᠢᠨ ᠨᠦᠬᠦᠴᠡᠯ ᠮᠦᠨ᠂ ᠨᠠᠮ ᠤᠨ ᠭᠡᠰᠢᠭᠦᠨ ᠤ ᠨᠠᠮ ᠤᠨ ᠵᠤᠬᠢᠶᠠᠨ ᠪᠠᠶᠢᠭᠤᠯᠤᠯᠳᠠ ᠳᠤ ᠬᠦᠢᠴᠡᠳᠭᠡᠪᠡᠰᠤ ᠵᠤᠬᠢᠬᠤ ᠡᠭᠦᠷᠭᠡ ᠮᠦᠨ᠂ ᠨᠠᠮ ᠤᠨ ᠰᠦᠢᠳᠭᠡᠯ ᠢ ᠬᠤᠷᠢᠶᠠᠨ ᠲᠤᠰᠢᠶᠠᠬᠤ᠂ ᠭᠡᠷᠡᠭᠯᠡᠭᠦ ᠪᠠ ᠬᠠᠮᠢᠶᠠᠷᠬᠤ ᠪᠤᠯ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠪᠠ ᠨᠠᠮ ᠤᠨ ᠭᠡᠰᠢᠭᠦᠨ ᠤ ᠡ᠊ᠡᠭᠨᠡᠭᠡᠨ ᠤ ᠪᠠᠶᠢᠭᠤᠯᠤᠯᠳᠠ ᠳᠠᠬᠢ ᠨᠢᠭᠡᠨ ᠴᠢᠬᠤᠯᠠ ᠠᠵᠢᠯ ᠪᠤᠯᠤᠨ᠎ᠠ᠃       ᠨᠠᠮ ᠤᠨ ᠰᠦᠢᠳᠭᠡᠯ ᠭᠡᠳᠤᠢ ᠲᠤᠰᠢᠶᠠᠬᠤ ᠪᠤᠢ︖       ᠰᠠᠷ᠎ᠠ ᠪᠦᠷᠢ ᠴᠠᠯᠢᠩ ᠠᠪᠴᠤ ᠪᠠᠶᠢᠭ᠎ᠠ ᠨᠠᠮ ᠤᠨ ᠭᠡᠰᠢᠭᠦᠨ᠄ ᠰᠠᠷ᠎ᠠ ᠪᠦᠷᠢ ᠴᠠᠯᠢᠩ ᠤᠨ ᠶᠡᠷᠦᠩᠭᠡᠢ ᠲᠤᠭᠠᠨ ᠤ ᠲᠤᠳᠤᠷᠠᠬᠢ ᠬᠠᠷᠢᠴᠠᠩᠭᠤᠢ ᠲᠤᠭᠳᠠᠮᠠᠯ᠂ ᠪᠠᠶᠢᠡᠭᠭᠤ ᠶᠢᠨ ᠴᠢᠨᠠᠷᠳᠠᠢ ᠴᠠᠯᠢᠩ ᠤᠨ ᠤᠷᠤᠯᠭ᠎ᠠ ︵ᠭᠠᠶᠢᠯᠢ ᠶᠢᠨ ᠲᠠᠷᠠᠭᠠᠬᠢ︶ ᠪᠠᠷ ᠰᠠᠭᠤᠷᠢ ᠲᠤᠭ᠎ᠠ ᠪᠤᠯᠭᠠᠵᠤ᠂ ᠲᠤᠭᠳᠠᠭᠰᠠᠨ ᠬᠠᠷᠢᠴᠠᠯ ᠢᠶᠠᠷ ᠨᠠᠮ ᠤᠨ ᠰᠦᠢᠳᠭᠡᠯ ᠲᠤᠰᠢᠶᠠᠨ᠎ᠠ᠃       ● ᠴᠠᠯᠢᠩ ᠤᠨ ᠶᠡᠷᠦᠩᠭᠡᠢ ᠲᠤᠭᠠᠨ ᠤ ᠲᠤᠳᠤᠷᠠᠬᠢ ᠬᠠᠷᠢᠴᠠᠩᠭᠤᠢ ᠲᠤᠭᠳᠠᠮᠠᠯ᠂ ᠪᠠᠶᠢᠡᠭᠭᠤ ᠶᠢᠨ ᠴᠢᠨᠠᠷᠳᠠᠢ ᠴᠠᠯᠢᠩ ᠤᠨ ᠤᠷᠤᠯᠭ᠎ᠠ ᠳᠤ ᠪᠠᠭᠳᠠᠬᠤ ᠵᠦᠢᠯᠡᠰ ᠭᠡᠪᠡᠯ᠄       ᠪᠠᠶᠢᠭᠤᠯᠭ᠎ᠠ ᠶᠢᠨ ᠠᠵᠢᠯᠳᠠᠨ ︵ᠠᠵᠢᠯᠴᠢᠨ ᠢ ᠪᠠᠭᠳᠠᠭᠠᠬᠤ ᠦᠭᠡᠢ︶᠄ ᠲᠤᠰᠢᠶᠠᠯ ᠤᠨ ᠴᠠᠯᠢᠩ᠂ ᠵᠡᠷᠭᠡ ᠲᠡᠰ ᠤᠨ ᠴᠠᠯᠢᠩ᠂ ᠨᠡᠮᠡᠭᠦᠷᠢ ᠨᠦᠬᠦᠪᠤᠷᠢ ᠮᠦᠡᠭᠭᠦ       ᠠᠵᠢᠯ ᠦᠢᠯᠡᠰ ᠤᠨ ᠨᠢᠭᠡᠴᠢ ᠶᠢᠨ ᠠᠵᠢᠯᠳᠠᠨ᠄ ᠠᠵᠢᠯ ᠤᠨ ᠪᠠᠶᠢᠷᠢ ᠶᠢᠨ ᠴᠠᠯᠢᠩ᠂ ᠲᠤᠰᠢᠶᠠᠯ ᠤᠨ ᠲᠡᠰ ᠤᠨ ᠴᠠᠯᠢᠩ᠂ ᠠᠵᠢᠯ ᠤᠨ ᠦᠷ᠎ᠠ ᠪᠦᠳᠤᠮᠵᠢ ᠶᠢᠨ ᠴᠠᠯᠢᠩ᠂ ᠨᠡᠮᠡᠭᠦᠷᠢ ᠨᠦᠬᠦᠪᠤᠷᠢ ᠮᠦᠡᠭᠭᠦ       ᠠᠵᠢᠯ ᠤᠨ ᠦᠷ᠎ᠠ ᠪᠦᠳᠤᠮᠵᠢ ᠶᠢᠨ ᠴᠠᠯᠢᠩ ᠳᠠᠬᠢ ᠰᠠᠭᠤᠷᠢ ᠴᠢᠨᠠᠷᠳᠠᠢ ᠠᠵᠢᠯ ᠤᠨ ᠦᠷ᠎ᠠ ᠪᠦᠳᠤᠮᠵᠢ ᠶᠢᠨ ᠴᠠᠯᠢᠩ ᠢ ᠨᠠᠮ ᠤᠨ ᠰᠦᠢᠳᠭᠡᠯ ᠢ ᠪᠤᠳᠤᠬᠤ ᠰᠠᠭᠤᠷᠢ ᠲᠤᠭ᠎ᠠ ᠳᠤ ᠵᠢᠭᠰᠠᠭᠠᠨ ᠤᠷᠤᠭᠤᠯᠤᠨ᠎ᠠ᠂ ᠱᠠᠩᠨᠠᠯ ᠤᠨ ᠴᠢᠨᠠᠷᠳᠠᠢ ᠠᠵᠢᠯ ᠤᠨ ᠦᠷ᠎ᠠ ᠪᠦᠳᠤᠮᠵᠢ ᠶᠢᠨ ᠴᠠᠯᠢᠩ ᠢ ᠨᠠᠮ ᠤᠨ ᠰᠦᠢᠳᠭᠡᠯ ᠢ ᠪᠤᠳᠤᠬᠤ ᠰᠠᠭᠤᠷᠢ ᠲᠤᠭ᠎ᠠ ᠳᠤ ᠵᠢᠭᠰᠠᠭᠠᠨ ᠤᠷᠤᠭᠤᠯᠬᠤ ᠦᠭᠡᠢ᠃       ᠪᠠᠶᠢᠭᠤᠯᠭ᠎ᠠ ᠶᠢᠨ ᠠᠵᠢᠯᠳᠠᠠ᠄ ᠠᠵᠢᠯ ᠤᠨ ᠪᠠᠶᠢᠷᠢ ᠶᠢᠨ ᠴᠠᠯᠢᠩ᠂ ᠮᠡᠷᠭᠡᠵᠢᠯ ᠤᠨ ᠵᠡᠷᠭᠡ ᠲᠡᠰ ︵ᠲᠤᠰᠢᠶᠠᠯ︶ ᠤᠨ ᠴᠠᠯᠢᠩ᠂ ᠨᠡᠮᠡᠭᠦᠷᠢ ᠨᠦᠬᠦᠪᠤᠷᠢ ᠮᠦᠡᠭᠭᠦ       ᠠᠵᠤ ᠠᠬᠤᠢᠢᠯᠠᠯ ᠤᠨ ᠠᠵᠢᠯᠳᠠᠨ᠄ ᠲᠤᠭᠳᠠᠮᠠᠯ ᠭᠡᠰᠡᠭ ︵ᠦᠨᠳᠤᠰᠤᠨ ᠴᠠᠯᠢᠩ᠂ ᠠᠵᠢᠯ ᠤᠨ ᠪᠠᠶᠢᠷᠢ ᠶᠢᠨ ᠴᠠᠯᠢᠩ᠂ ᠠᠮᠢᠳᠤᠯᠢᠭ ᠭᠡᠰᠡᠭ᠂ ᠱᠠᠩᠨᠠᠯ ᠤᠨ ᠮᠦᠡᠭᠭᠦ︶       ᠲᠤᠭᠳᠠᠮᠠᠯ ᠪᠤᠰᠤ ᠬᠤᠭᠤᠴᠠᠭ᠎ᠠ ᠲᠠᠢ᠂ ᠨᠠᠶᠢᠳᠠᠮ ᠤᠨ ᠪᠤᠰᠤ ᠤᠯᠭᠤᠬᠤ ᠱᠠᠩᠨᠠᠯ ᠤᠨ ᠮᠦᠡᠭᠭᠦ ᠪᠠ ᠠᠵᠢᠯ ᠤᠨ ᠦᠷ᠎ᠠ ᠪᠦᠳᠤᠮᠵᠢ ᠶᠢᠨ ᠴᠠᠯᠢᠩ ᠢ ᠨᠠᠮ ᠤᠨ ᠰᠦᠢᠳᠭᠡᠯ ᠪᠤᠳᠤᠬᠤ ᠰᠠᠭᠤᠷᠢ ᠲᠤᠭ᠎ᠠ ᠳᠤ ᠤᠷᠤᠭᠤᠯᠬᠤ ᠦᠭᠡᠢ᠃       ● ᠰᠠᠭᠤᠷᠢ ᠲᠤᠭ᠎ᠠ ᠳᠤ ᠲᠤᠤᠷᠠᠬᠢ ᠵᠦᠢᠯ ᠢ ᠪᠠᠭᠳᠠᠭᠠᠬᠤ ᠦᠭᠡᠢ       ᠬᠤᠪᠢ ᠬᠦᠮᠤᠨ ᠤ ᠠᠰᠢᠭ ᠤᠷᠤᠯᠭ᠎ᠠ ᠶᠢᠨ ᠭᠠᠶᠢᠯᠢ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ᠂ ᠠᠵᠢᠯ ᠠᠯᠳᠠᠯᠳᠠ ᠶᠢᠨ ᠲᠠᠭᠠᠳᠬᠠᠯ᠂ ᠠᠵᠢᠯ ᠠᠴᠠ ᠪᠤᠯᠤᠭᠰᠠᠨ ᠭᠡᠮᠳᠤᠯ ᠤᠨ ᠲᠠᠭᠠᠳᠬᠠᠯ᠂ ᠦᠷᠡᠵᠢᠯ ᠤᠨ ᠲᠠᠭᠠᠳᠬᠠᠯ᠂ ᠤᠷᠤᠨ ᠰᠠᠭᠤᠴᠠ ᠶᠢᠨ ᠨᠠᠶᠢᠳᠡ ᠶᠢᠨ ᠬᠤᠷᠠᠮᠳᠤᠭᠤᠯᠭ᠎ᠠ ᠶᠢᠨ ᠮᠦᠡᠭᠭᠦ᠂ ᠲᠤᠰᠬᠠᠢ ᠠᠵᠢᠯ ᠤᠨ ᠤᠨ ᠤ ᠲᠠᠭᠠᠳᠬᠠᠯ᠂ ᠠᠵᠤ ᠠᠬᠤᠢᠢᠯᠠᠯ ᠤᠨ ᠤᠨ ᠤ ᠲᠠᠭᠠᠳᠬᠠᠯ᠂ ᠤᠷᠤᠨ ᠰᠠᠭᠤᠴᠠ ᠶᠢᠨ ᠨᠦᠬᠦᠪᠤᠷᠢ ᠮᠦᠡᠭᠭᠦ᠂ ᠵᠠᠮ ᠬᠠᠷᠢᠯᠴᠠᠭᠠᠨ ᠤ ᠨᠦᠬᠦᠪᠤᠷᠢ ᠮᠦᠡᠭᠭᠦ᠂ ᠠᠯᠪᠠᠨ ᠶᠠᠪᠤᠳᠠᠯ ᠳᠤ ᠭᠡᠷᠡᠭᠯᠡᠭᠦ ᠲᠡᠷᠭᠡ ᠶᠢᠨ ᠨᠦᠬᠦᠪᠤᠷᠢ ᠮᠦᠡᠭᠭᠦ᠂ ᠴᠢᠮᠡᠭᠡ ᠬᠤᠯᠪᠤᠭᠠᠨ ᠤ ᠨᠦᠬᠦᠪᠤᠷᠢ ᠮᠦᠡᠭᠭᠦ᠂ ᠴᠠᠭ ᠨᠠᠮᠠᠵᠤ ᠠᠵᠢᠯᠯᠠᠭᠰᠠᠨ ᠨᠦᠬᠦᠪᠤᠷᠢ ᠮᠦᠡᠭᠭᠦ᠂ ᠬᠤᠭᠤᠯᠠ ᠠᠴᠠ ᠰᠠᠭᠠᠳᠠᠭᠰᠠᠨ ᠨᠦᠬᠦᠪᠤᠷᠢ ᠮᠦᠡᠭᠭᠦ᠂ ᠲᠤᠯᠠᠭᠠᠯᠠᠭ᠎ᠠ ᠶᠢᠨ ᠵᠠᠷᠤᠳᠠᠯ᠂ ᠨᠠᠷᠠᠰᠢᠬᠤ ᠠᠴᠠ ᠰᠡᠷᠭᠡᠶᠢᠯᠡᠭᠦ ᠵᠠᠷᠤᠳᠠᠯ᠂ ᠠᠳᠠᠯ ᠠᠬᠤᠢ ᠶᠢᠨ ᠵᠠᠷᠤᠳᠠᠯ ᠵᠡᠷᠭᠡ ᠦᠭᠡᠷᠡᠴᠢᠯᠡᠯᠳᠡ ᠶᠢᠨ ᠴᠢᠨᠠᠷᠳᠠᠢ ᠨᠦᠬᠦᠪᠤᠷᠢ ᠮᠦᠡᠭᠭᠦ ᠵᠢᠴᠢ ᠴᠦᠭᠡᠨ ᠲᠤᠭᠠᠨ ᠤ ᠭᠠᠵᠠᠷ ᠤᠷᠤᠨ᠂ ᠭᠡᠰᠡᠭ ᠪᠠᠶᠢᠭᠤᠯᠭ᠎ᠠ ᠨᠢᠭᠡᠴᠢ᠂ ᠤᠨᠴᠠᠭᠠᠢ ᠠᠵᠢᠯ ᠤᠨ ᠪᠠᠶᠢᠷᠢ᠂ ᠭᠡᠰᠡᠭ ᠬᠦᠮᠤᠰ ᠲᠤ ᠬᠠᠨᠳᠤᠭᠤᠯᠤᠨ ᠤᠯᠭᠤᠬᠤ ᠨᠦᠬᠦᠪᠤᠷᠢ ᠮᠦᠡᠭᠭᠦ ᠵᠡᠷᠭᠡ ᠪᠤᠯᠤᠨ᠎ᠠ᠃       ● ᠨᠠᠮ ᠤᠨ ᠰᠦᠢᠳᠭᠡᠯ ᠲᠤᠰᠢᠶᠠᠬᠤ ᠬᠠᠷᠢᠴᠠᠯ       0.5%᠄ ᠰᠠᠷ᠎ᠠ ᠶᠢᠨ ᠴᠠᠯᠢᠩ ᠤᠨ ᠤᠷᠤᠯᠭ᠎ᠠ ︵ᠭᠠᠶᠢᠯᠢ ᠶᠢᠨ ᠲᠠᠷᠠᠭᠠᠬᠢ︶ ᠨᠢ 3000 ᠲᠦᠭᠦᠷᠢᠭ ᠬᠦᠷᠭᠦ ᠦᠭᠡᠢ ︵3000 ᠲᠦᠭᠦᠷᠢᠭ ᠢ ᠪᠠᠭᠳᠠᠭᠠᠨ᠎ᠠ︶ ᠬᠦᠮᠤᠰ       1%᠄ 3000 ᠲᠦᠭᠦᠷᠢᠭ ᠠᠴᠠ 5000 ᠲᠦᠭᠦᠷᠢᠭ ︵5000 ᠲᠦᠭᠦᠷᠢᠭ ᠢ ᠪᠠᠭᠳᠠᠭᠠᠨ᠎ᠠ︶ ᠤᠨ ᠴᠠᠯᠢᠩ ᠲᠠᠢ ᠬᠦᠮᠤᠰ       1.5%᠄ 5000 ᠲᠦᠭᠦᠷᠢᠭ ᠠᠴᠠ 10000 ᠲᠦᠭᠦᠷᠢᠭ ︵10000 ᠲᠦᠭᠦᠷᠢᠭ ᠢ ᠪᠠᠭᠳᠠᠭᠠᠨ᠎ᠠ︶ ᠤᠨ ᠴᠠᠯᠢᠩ ᠲᠠᠢ ᠬᠦᠮᠤᠰ       2%᠄ 10000 ᠲᠦᠭᠦᠷᠢᠭ ᠠᠴᠠ ᠲᠡᠭᠡᠭᠰᠢ ᠴᠠᠯᠢᠩ ᠲᠠᠢ ᠬᠦᠮᠤᠰ       ᠤᠨ ᠤ ᠴᠠᠯᠢᠩ ᠤᠨ ᠲᠦᠷᠢᠮ ᠢ ᠭᠡᠷᠡᠭᠵᠢᠭᠦᠯᠵᠤ ᠪᠠᠶᠢᠭ᠎ᠠ ᠨᠠᠮ ᠤᠨ ᠭᠡᠰᠢᠭᠦᠨ᠄ ᠰᠠᠷ᠎ᠠ ᠪᠦᠷᠢ ᠲᠤᠰ ᠰᠠᠷ᠎ᠠ ᠶᠢᠨ ᠪᠤᠳᠠᠳᠠᠢ ᠠᠪᠤᠭᠰᠠᠨ ᠴᠠᠯᠢᠩ ᠤᠨ ᠤᠷᠤᠯᠭ᠎ᠠ ᠪᠠᠷ ᠪᠤᠳᠤᠬᠤ ᠰᠠᠭᠤᠷᠢ ᠲᠤᠭ᠎ᠠ ᠪᠤᠯᠭᠠᠨ᠎ᠠ᠃       ᠤᠷᠤᠯᠭ᠎ᠠ ᠪᠠᠨ ᠰᠠᠷ᠎ᠠ ᠪᠠᠷ ᠪᠤᠳᠤᠳᠠᠭ ᠦᠭᠡᠢ ᠬᠤᠪᠢ ᠶᠢᠨ ᠡᠵᠡᠩᠨᠡᠭᠴᠢ ᠵᠡᠷᠭᠡ ᠨᠠᠮ ᠤᠨ ᠭᠡᠰᠢᠭᠦᠨ᠄ ᠰᠠᠷ᠎ᠠ ᠪᠦᠷᠢ ᠬᠤᠪᠢ ᠬᠦᠮᠤᠨ ᠤ ᠲᠡᠭᠡᠷ᠎ᠠ ᠤᠯᠠᠷᠢᠯ ᠤᠨ ᠰᠠᠷ᠎ᠠ ᠶᠢᠨ ᠲᠤᠮᠳᠠᠴᠢ ᠴᠡᠪᠡᠷ ᠤᠷᠤᠯᠭ᠎ᠠ ᠪᠠᠷ ᠪᠤᠳᠤᠬᠤ ᠰᠠᠭᠤᠷᠢ ᠲᠤᠭ᠎ᠠ ᠪᠤᠯᠭᠠᠨ᠎ᠠ᠃ᠰᠢᠨᠵᠢᠯᠡᠭᠦ ᠤᠬᠠᠭᠠᠨ ᠰᠤᠳᠤᠯᠭᠠᠨ ᠤ ᠠᠵᠢᠯᠳᠠᠨ ᠨᠠᠮ ᠤᠨ ᠭᠡᠰᠢᠭᠦᠨ᠄ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠢ ᠰᠢᠯᠵᠢᠭᠦᠯᠤᠨ ᠤᠯᠠᠷᠢᠭᠤᠯᠬᠤ ᠶᠢ ᠠᠬᠢᠭᠤᠯᠬᠤ ᠲᠤᠮᠳᠠ ᠤᠯᠤᠭᠰᠠᠨ ᠱᠠᠩᠨᠠᠯ ᠬᠦᠬᠢᠭᠦᠯᠦᠯ ᠪᠠ ᠬᠠᠷᠠᠮᠵᠢ ᠮᠦᠡᠭᠭᠦ ᠶᠢ ᠨᠠᠮ ᠤᠨ ᠰᠦᠢᠳᠭᠡᠯ ᠢ ᠪᠤᠳᠤᠬᠤ ᠰᠠᠭᠤᠷᠢ ᠲᠤᠭ᠎ᠠ ᠳᠤ ᠤᠷᠤᠭᠤᠯᠬᠤ ᠦᠭᠡᠢ᠃       ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ᠂ ᠠᠵᠢᠯᠳᠠᠨ ᠠᠵᠢᠯᠴᠢᠨ ᠨᠠᠮ ᠤᠨ ᠭᠡᠰᠢᠭᠦᠨ᠄ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠦᠨᠳᠤᠰᠤᠨ ᠵᠠᠷᠤᠳᠠᠯ ᠪᠤᠶᠤ ᠦᠨᠳᠤᠰᠤᠨ ᠨᠠᠰᠤᠵᠢᠯ ᠤᠨ ᠠᠰᠠᠷᠠᠮᠵᠢ ᠶᠢᠨ ᠮᠦᠡᠭᠭᠦ ᠪᠠᠷ ᠪᠤᠳᠤᠬᠤ ᠰᠠᠭᠤᠷᠢ ᠲᠤᠭ᠎ᠠ ᠪᠤᠯᠭᠠᠨ᠎ᠠ᠂ ᠡᠭᠦᠨ ᠳᠤ ᠨᠠᠮᠡᠭᠦᠷᠢ ᠨᠦᠬᠦᠪᠤᠷᠢ ᠮᠦᠡᠭᠭᠦ ᠪᠠᠭᠳᠠᠬᠤ ᠦᠭᠡᠢ᠂ ᠠᠮᠢᠳᠤᠷᠠᠯ ᠨᠢ ᠦᠨᠡᠨ ᠭᠦ ᠬᠦᠴᠢᠷᠳᠡᠯᠳᠡᠢ ᠪᠠᠶᠢᠪᠠᠯ ᠨᠠᠮ ᠤᠨ ᠡᠭᠦᠷ ᠢᠶᠠᠷ ᠶᠠᠷᠢᠯᠴᠠᠨ ᠰᠤᠳᠤᠯᠵᠤ ᠵᠦᠪᠰᠢᠶᠡᠷᠡᠭᠦᠯᠤᠭᠡᠳ ᠲᠤᠳᠠᠭᠤ ᠲᠤᠰᠢᠶᠠᠬᠤ ᠪᠤᠶᠤ ᠭᠡᠯᠳᠤᠷᠢᠭᠦᠯᠵᠤ ᠪᠤᠯᠤᠨ᠎ᠠ᠃       ᠲᠠᠷᠢᠶᠠᠴᠢᠨ ᠨᠠᠮ ᠤᠨ ᠭᠡᠰᠢᠭᠦᠨ᠄ ᠰᠠᠷ᠎ᠠ ᠪᠦᠷᠢ 0.2 ᠲᠦᠭᠦᠷᠢᠭ ᠠᠴᠠ 1 ᠲᠦᠭᠦᠷᠢᠭ ᠤᠨ ᠨᠠᠮ ᠤᠨ ᠰᠦᠢᠳᠭᠡᠯ ᠲᠤᠰᠢᠶᠠᠨ᠎ᠠ᠃       ᠰᠤᠷᠤᠭᠴᠢ ᠨᠠᠮ ᠤᠨ ᠭᠡᠰᠢᠭᠦᠨ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠨᠠᠮ ᠤᠨ ᠭᠡᠰᠢᠭᠦᠨ᠂ ᠠᠰᠠᠷᠠᠮᠵᠢ ᠪᠤᠶᠤ ᠲᠡᠳᠭᠦᠮᠵᠢ ᠳᠤ ᠲᠦᠰᠢᠭᠯᠡᠨ ᠠᠮᠢᠳᠤᠷᠠᠵᠤ ᠪᠠᠶᠢᠭ᠎ᠠ ᠨᠠᠮ ᠤᠨ ᠭᠡᠰᠢᠭᠦᠨ᠂ ᠲᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠡᠭᠭᠦ ᠠᠪᠴᠤ ᠪᠠᠶᠢᠭ᠎ᠠ ᠨᠠᠮ ᠤᠨ ᠭᠡᠰᠢᠭᠦᠨ᠄ ᠰᠠᠷ᠎ᠠ ᠪᠦᠷᠢ 0.2 ᠲᠦᠭᠦᠷᠢᠭ ᠤᠨ ᠨᠠᠮ ᠤᠨ ᠰᠦᠢᠳᠭᠡᠯ ᠲᠤᠰᠢᠶᠠᠨ᠎ᠠ᠃ ᠠᠰᠫᠢᠷᠠᠨᠲ᠂ ᠳ᠋ᠤᠺᠲ᠋ᠤᠷᠠᠨᠲ ᠨᠠᠮ ᠤᠨ ᠭᠡᠰᠢᠭᠦᠨ ᠨᠢ ᠰᠤᠷᠤᠭᠴᠢ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠨᠠᠮ ᠤᠨ ᠰᠦᠢᠳᠭᠡᠯ ᠲᠤᠰᠢᠶᠠᠨ᠎ᠠ᠃       ᠨᠠᠮ ᠤᠨ ᠰᠦᠢᠳᠭᠡᠯ ᠲᠤᠰᠢᠶᠠᠬᠤ ᠳᠤ ᠦᠨᠡᠨ ᠭᠦ ᠬᠦᠴᠢᠷᠳᠠᠢ ᠨᠠᠮ ᠤᠨ ᠭᠡᠰᠢᠭᠦᠨ᠄ ᠨᠠᠮ ᠤᠨ ᠡᠭᠦᠷ ᠤᠨ ᠰᠤᠳᠤᠯᠤᠨ ᠶᠠᠷᠢᠯᠴᠠᠬᠤ ᠪᠠᠷ ᠲᠡᠮᠵᠢᠭᠠᠳ ᠲᠡᠭᠡᠷ᠎ᠠ ᠨᠢᠭᠡ ᠱᠠᠳᠤᠨ ᠤ ᠨᠠᠮ ᠤᠨ ᠬᠤᠷᠢᠶ᠎ᠠ ᠳᠤ ᠮᠡᠳᠡᠭᠦᠯᠵᠤ ᠵᠦᠪᠰᠢᠶᠡᠷᠡᠭᠦᠯᠦᠭᠰᠡᠨ ᠤ ᠲᠠᠷᠠᠭ᠎ᠠ ᠨᠠᠮ ᠤᠨ ᠰᠦᠢᠳᠭᠡᠯ ᠢ ᠲᠤᠳᠠᠭᠤ ᠲᠤᠰᠢᠶᠠᠬᠤ ᠪᠤᠶᠤ ᠭᠡᠯᠳᠤᠷᠢᠭᠦᠯᠵᠤ ᠪᠤᠯᠤᠨ᠎ᠠ᠃       ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠢ ᠵᠢᠯ ᠤᠨ ᠡᠬᠢᠨ ᠳᠤ ᠨᠠᠮ ᠤᠨ ᠭᠡᠰᠢᠭᠦᠨ ᠤ ᠰᠠᠷ᠎ᠠ ᠪᠦᠷᠢ ᠲᠤᠰᠢᠶᠠᠬᠤ ᠨᠠᠮ ᠤᠨ ᠰᠦᠢᠳᠭᠡᠯ ᠤᠨ ᠲᠤᠭ᠎ᠠ ᠶᠢ ᠬᠢᠨᠠᠨ ᠲᠤᠭᠳᠠᠭᠠᠵᠤ᠂ ᠵᠢᠯ ᠤᠨ ᠲᠤᠳᠤᠷ᠎ᠠ ᠡ᠊ᠡᠭ ᠤᠨ ᠪᠠᠶᠢᠳᠠᠯ ᠳᠤ ᠬᠤᠪᠢᠷᠠᠭᠤᠯᠬᠤ ᠦᠭᠡᠢ᠃ ᠨᠠᠮ ᠤᠨ ᠭᠡᠰᠢᠭᠦᠨ ᠨᠢᠭᠡ ᠪᠦᠷᠢ ᠶᠢᠨ ᠰᠠᠷ᠎ᠠ ᠪᠦ᠋ᠷᠢ ᠲᠤᠰᠢᠶᠠᠬᠤ ᠨᠠᠮ ᠤᠨ ᠰᠦᠢᠳᠭᠡᠯ ᠤᠨ ᠲᠤᠭ᠎ᠠ ᠶᠢ ᠡ᠊ᠡᠭ ᠤᠨ ᠪᠠᠶᠢᠳᠠᠯ ᠳᠤ 1000 ᠲᠦᠭᠦᠷᠢᠭ ᠠᠴᠠ ᠭᠡᠳᠤᠷᠡᠭᠦᠯᠭᠦ ᠦᠭᠡᠢ᠂ ᠰᠠᠶᠢᠨ ᠲᠤᠷ᠎ᠠ ᠠᠴᠠ ᠪᠠᠨ ᠢᠯᠡᠭᠦᠦ ᠲᠤᠰᠢᠶᠠᠵᠤ ᠪᠤᠯᠤᠨ᠎ᠠ᠂  ᠰᠠᠶᠢᠨ ᠲᠤᠷ᠎ᠠ ᠠᠴᠠ ᠪᠠᠨ ᠨᠢᠭᠡ ᠤᠳᠠᠭ᠎ᠠ ᠳᠤ 1000 ᠲᠦᠭᠦᠷᠢᠭ ᠠᠴᠠ ᠲᠡᠭᠡᠭᠰᠢ ᠢᠯᠡᠭᠦᠦ ᠲᠤᠰᠢᠶᠠᠭᠰᠠᠨ ᠪᠠᠶᠢᠪᠠᠯ᠂ ᠶᠡᠭᠡ ᠲᠤᠭᠠᠨ ᠤ ᠨᠠᠮ ᠤᠨ ᠰᠦᠢᠳᠭᠡᠯ ᠲᠤᠰᠢᠶᠠᠭᠰᠠᠨ ᠬᠤᠯᠪᠤᠭᠳᠠᠯ ᠪᠦᠬᠦᠢ ᠲᠤᠭᠳᠠᠭᠠᠯ ᠲᠠᠢ ᠬᠠᠷᠢᠴᠠᠭᠤᠯᠵᠤ ᠰᠢᠢᠳᠪᠤᠷᠢᠯᠡᠨ᠎ᠠ᠃       ᠨᠠᠮ ᠤᠨ ᠰᠦᠢᠳᠭᠡᠯ ᠢ ᠭᠡᠵᠢᠶ᠎ᠠ ᠲᠤᠰᠢᠶᠠᠬᠤ ᠪᠤᠢ︖       ● ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠰᠠᠷ ᠎ᠠ ᠪᠦᠷᠢ ᠨᠠᠮ ᠤᠨ ᠰᠦᠢᠳᠭᠡᠯ ᠲᠤᠰᠢᠶᠠᠬᠤ ᠭᠡᠷᠡᠭᠳᠡᠢ᠃       ● ᠤᠨᠴᠠᠭᠠᠢ ᠪᠠᠶᠢᠳᠠᠯ ᠲᠤᠬᠢᠶᠠᠯᠳᠤᠪᠠᠯ ᠨᠠᠮ ᠤᠨ ᠡᠭᠦᠷ ᠤᠨ ᠵᠦᠪᠰᠢᠶᠡᠷᠡᠯ ᠢᠶᠠᠷ ᠤᠯᠠᠷᠢᠯ ᠪᠦᠷᠢ ᠨᠢᠭᠡ ᠤᠳᠠᠭ᠎ᠠ ᠨᠠᠮ ᠤᠨ ᠰᠦᠢᠳᠭᠡᠯ ᠲᠤᠰᠢᠶᠠᠵᠤ ᠪᠤᠯᠤᠨ᠎ᠠ᠂ ᠲᠦᠷᠤᠯ ᠰᠠᠳᠤᠨ ᠳᠠᠭᠠᠨ ᠨᠠᠶᠢᠳᠠᠬᠤ ᠪᠤᠶᠤ ᠪᠤᠰᠤᠳ ᠨᠠᠮ ᠤᠨ ᠭᠡᠰᠢᠭᠦᠨ ᠢᠶᠠᠷ ᠤᠷᠤᠯᠠᠭᠤᠯᠵᠤ ᠨᠠᠮ ᠤᠨ ᠰᠦᠢᠳᠭᠡᠯ ᠢᠶᠠᠨ ᠲᠤᠰᠢᠶᠠᠯᠭᠠᠬᠤ ᠪᠤᠶᠤ ᠨᠦᠬᠦᠵᠤ ᠲᠤᠰᠢᠶᠠᠯᠭᠠᠵᠤ ᠴᠤ ᠪᠤᠯᠤᠨ᠎ᠠ᠂ ᠨᠠᠮ ᠤᠨ ᠰᠦᠢᠳᠭᠡᠯ ᠢ ᠨᠦᠬᠦᠵᠤ ᠲᠤᠰᠢᠶᠠᠬᠤ ᠴᠠᠭ ᠢ ᠡ᠊ᠡᠭ ᠤᠨ ᠪᠠᠶᠢᠳᠠᠯ ᠳᠤ 6 ᠰᠠᠷ᠎ᠠ ᠠᠴᠠ ᠭᠡᠳᠤᠷᠡᠭᠦᠯᠵᠤ ᠪᠤᠯᠬᠤ ᠦᠭᠡᠢ᠃       ● ᠲᠤᠭᠳᠠᠭᠠᠯ ᠶᠤᠰᠤᠭᠠᠷ ᠨᠠᠮ ᠤᠨ ᠰᠦᠢᠳᠭᠡᠯ ᠢᠶᠠᠨ ᠲᠤᠰᠢᠶᠠᠬᠤ ᠦᠭᠡᠢ ᠨᠠᠮ ᠤᠨ ᠭᠡᠰᠢᠭᠦᠨ ᠢ ᠨᠠᠮ ᠤᠨ ᠵᠤᠬᠢᠶᠠᠨ ᠪᠠᠶᠢᠭᠤᠯᠤᠯᠳᠠ ᠠᠴᠠ ᠴᠠᠭ ᠲᠤᠬᠠᠢ ᠳᠤᠨᠢ ᠰᠢᠭᠦᠮᠵᠢᠯᠡᠨ ᠰᠤᠷᠭᠠᠵᠤ᠂ ᠬᠤᠭᠤᠴᠠᠭ᠎ᠠ ᠲᠤᠭᠳᠠᠭᠠᠨ ᠱᠠᠭᠠᠷᠳᠠᠨ ᠵᠠᠯᠠᠷᠠᠭᠤᠯᠬᠤ ᠭᠡᠷᠡᠭᠳᠡᠢ᠃       ● ᠵᠦᠢ ᠵᠤᠬᠢᠰᠳᠠᠢ ᠰᠢᠯᠳᠠᠭᠠᠨ ᠦᠭᠡᠢ ᠪᠠᠷ 6 ᠰᠠᠷ ᠎ᠠ ᠲᠠᠷᠠᠭᠠᠯᠠᠨ ᠨᠠᠮ ᠤᠨ ᠰᠦᠢᠳᠭᠡᠯ ᠲᠤᠰᠢᠶᠠᠭᠰᠨᠨ ᠦᠭᠡᠢ ᠨᠠᠮ ᠤᠨ ᠭᠡᠰᠢᠭᠦᠨ ᠢ ᠦᠪᠡᠷ ᠢᠶᠠᠨ ᠨᠠᠮ ᠠᠴᠠ ᠭᠠᠷᠤᠭᠰᠠᠨ ᠢᠶᠠᠷ ᠰᠢᠢᠳᠪᠤᠷᠢᠯᠡᠨ᠎ᠠ᠃ 
ᠢᠷᠡᠯᠲᠡ᠄ ᠣᠷᠳᠣᠰ ᠮᠤᠩᠭᠤᠯ ᠰᠦᠯᠵᠢᠶ᠎ᠡ