ᠸᠠᠩ ᠰᠢᠤᠸᠠᠢ ᠹᠧᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2021/9/16
1.jpg
       9 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠰᠠᠭᠤᠭᠠᠯᠢ ᠠᠷᠠᠳ ᠤᠨ ᠲᠣᠭᠤᠷᠢᠭ᠂ ᠨᠤᠭᠤᠭᠠᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠣᠴᠢᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ  ᠢ ᠰᠢᠪᠠᠳᠠᠨ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠱᠦ ᠸᠧᠢ ᠣᠷᠣᠯᠴᠠᠪᠠ᠃        ᠸᠠᠩ ᠰᠢᠤᠸᠠᠢ ᠹᠧᠩ ᠨᠠᠷ ᠤᠷᠢᠳ ᠬᠤᠵᠢᠳ ᠱᠧᠨ ᠬᠤᠸᠠ ᠺᠠᠩ ᠴᠧᠩ C ᠲᠣᠭᠤᠷᠢᠭ᠂ ᠴᠢ ᠱᠦᠨ ᠵᠢᠶᠠ ᠶᠤᠸᠠᠨ ᠶᠠᠪᠠᠭᠠᠨ ᠵᠡᠭᠡᠯᠢ᠂ ᠢ ᠮᠢᠨ ᠨᠤᠭᠤᠭᠠᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ᠂ ᠰᠢᠯᠭᠠᠨ ᠦᠨᠡᠯᠡᠬᠦ ᠪᠠᠷᠢᠮᠵᠢᠶ᠎ᠠ ᠶᠢᠨ ᠲᠣᠭᠤᠷᠢᠨ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠨᠡᠶᠢᠲᠡ ᠶᠢᠨ ᠠᠰᠠᠷᠠᠮᠵᠢᠲᠤ ᠵᠠᠷ ᠲᠤᠬᠢᠷᠠᠭᠤᠯᠬᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠪᠦᠷᠢᠳᠦᠭᠦᠯᠬᠦ᠂ ᠴᠠᠬᠢᠯᠭᠠᠨ ᠳᠤᠭᠤᠢ ᠲᠡᠷᠭᠡ ᠶᠢ ᠳᠠᠩᠰᠠᠯᠠᠨ ᠫᠠᠶᠢᠰᠠ ᠡᠯᠭᠦᠬᠦ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ︽ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠤᠨᠢᠨ ᠳᠡᠭᠡᠷ᠎ᠡ ᠨᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃        ᠸᠠᠩ ᠰᠢᠤᠸᠠᠢ ᠹᠧᠩ᠂ ︽ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ︾ ᠠᠵᠢᠯ ᠨᠢ ᠬᠤᠲᠠ ᠶᠢᠨ ᠬᠥᠭᠵᠢᠯᠲᠡ ᠲᠠᠢ ᠬᠤᠯᠪᠣᠭᠳᠠᠬᠤ ᠪᠥᠭᠡᠳ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠴᠤ ᠬᠤᠯᠪᠣᠭᠳᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠲᠤᠰᠬᠠᠢ ᠲᠦᠷᠦᠯ ᠤᠨ ᠰᠢᠪᠠᠳᠠᠨ  ᠪᠠᠶᠢᠴᠠᠭᠠᠬᠤ ᠪᠠᠨ ᠴᠢᠩᠭᠠᠳᠬᠠᠵᠤ᠂ ᠪᠠᠭᠤᠷᠠᠢ ᠳᠠᠯ᠎ᠠ ᠪᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤ ᠠᠬᠢᠭᠤᠯᠬᠤ ᠬᠡᠷᠡᠭᠲᠡᠢ᠃ ᠬᠠᠷᠰᠢ ᠰᠠᠭᠠᠳ ᠥᠬᠡᠶ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠠᠷᠰᠢ ᠰᠠᠭᠠᠳ ᠥᠬᠡᠶ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠷᠰᠢ ᠰᠠᠭᠠᠳ ᠥᠬᠡᠶ ᠲᠥᠬᠦᠭᠡᠷᠦᠮᠵᠢ ᠶᠢᠨ ᠵᠢᠷᠤᠮᠵᠢᠭᠤᠯᠬᠤ᠂ ᠨᠠᠷᠢᠯᠢᠬᠵᠢᠭᠤᠯᠬᠤ᠂ ᠪᠠᠶᠢᠩᠭᠤᠵᠢᠭᠤᠯᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ  ᠳᠡᠭᠡᠭᠰᠢᠯᠡᠭᠦᠯᠦᠨ᠂ ᠵᠡᠭᠡᠯᠢ ᠳᠠᠭᠠᠤ ᠶᠢᠨ ᠳᠡᠯᠭᠡᠭᠦᠷ᠂ ᠰᠠᠭᠤᠭᠠᠯᠢ ᠲᠣᠭᠤᠷᠢᠭ ᠵᠡᠷᠭᠡ ᠶᠢᠨ ᠬᠠᠷᠰᠢ ᠰᠠᠭᠠᠳ ᠥᠬᠡᠶ ᠲᠥᠬᠦᠭᠡᠷᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠥᠭᠡᠷᠡᠴᠢᠯᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠲᠡᠷᠭᠡ ᠵᠣᠭᠰᠣᠭᠠᠬᠤ᠂ ᠴᠠᠬᠢᠯᠭᠠᠨ ᠳᠣᠭᠤᠢ ᠲᠡᠷᠭᠡ ᠶᠢ ᠳᠡᠩᠰᠡᠯᠡᠨ ᠫᠠᠶᠢᠰᠠ ᠡᠯᠭᠦᠬᠦ ᠵᠡᠷᠭᠡ ᠶᠢ ᠵᠢᠷᠤᠮᠵᠢᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠪᠤᠯᠪᠠᠰᠤᠨ ᠬᠤᠲᠠ ᠶᠢ  ᠡᠭᠦᠳᠦᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠠ ᠰᠠᠨᠠᠭᠠᠨ ᠳᠤ ᠬᠦᠷᠦᠭᠰᠡᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ︽ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ︾ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠪᠥᠬᠦ ᠠᠷᠠᠳ ᠢᠶᠠᠷ ᠢᠶᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠬᠦᠴᠦᠨ ᠢ ᠨᠢᠭᠲᠠᠷᠠᠭᠤᠯᠬᠤ ᠬᠡᠷᠡᠭᠲᠡᠶ᠃ ᠡᠭᠦᠨ ᠤ ᠬᠠᠮᠲᠤ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ᠂ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠵᠡᠷᠭᠡ ᠡᠯ᠎ᠡ ᠲᠠᠯ᠎ᠠ ᠶᠢᠨ ᠬᠢᠨ ᠬᠠᠮᠵᠢᠯᠴᠠᠨ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠵᠠᠰᠠᠵᠤ᠂ ᠰᠠᠭᠤᠭᠠᠯᠢ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠴᠢᠨᠠᠷ ᠰᠠᠶᠢᠲᠠᠶ ᠠᠮᠢᠳᠤᠷᠠᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠳᠣᠰ ᠰᠦᠯᠵᠢᠶ᠎ᠡ