ᠢᠦᠢ ᠴᠠᠩ ᠬᠤᠩ ᠨᠠᠷ ᠬᠢᠶ᠎ᠠ ᠪᠠᠭᠰᠢ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/9/17
         9 ᠰᠠᠷ᠎ᠠ ᠶᠢᠨ 14 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ  ᠬᠤᠷᠢᠶᠠᠨ ᠤ ᠳᠠᠷᠤᠭ᠎ᠠ ᠢᠦᠢ ᠴᠠᠩ ᠬᠤᠩ ᠨᠠᠷ ᠬᠢᠶ᠎ᠠ ᠪᠠᠭᠰᠢ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠱᠦ  ᠸᠧᠢ ᠵᠢᠴᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   
01.jpg  
         ᠢᠦᠢ ᠴᠠᠩ ᠬᠤᠩ ᠨᠠᠷ ᠤᠷᠢᠳ ᠬᠤᠵᠢᠳ ᠲᠠᠢ ᠬᠤᠸᠠ ᠬᠤᠳᠠᠯᠳᠤᠭᠠᠨ ᠤ ᠶᠠᠪᠠᠭᠠᠨ ᠵᠡᠭᠡᠯᠢ᠂ ᠤᠷᠳᠤᠰ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠷᠳᠤᠰ ᠤᠨ ᠬᠤᠳᠠ ᠶᠢᠨ ᠮᠠᠶᠢᠬᠠᠨ ᠤ ᠰᠠᠭᠤᠷᠢᠨ ᠭᠠᠵᠠᠷ᠂ ᠤᠷᠳᠤᠰ ᠬᠤᠳᠠ ᠶᠢᠨ ᠬᠤᠷᠢᠮ ᠤᠨ ᠶᠣᠰᠣᠯᠠᠯ ᠤᠨ ᠰᠣᠶᠣᠯ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠡᠢ᠃ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠬᠤ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠨ ᠤ ᠠᠵᠤ ᠠᠬᠤᠢ ᠶᠢᠨ ᠬᠥᠭᠵᠢᠯᠲᠡ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠪᠦᠳᠦᠭᠡᠨ ᠪᠠᠶᠢᠭᠤᠯᠤᠯᠲᠠ᠂ ᠰᠣᠶᠣᠯ ᠵᠤᠭᠠᠴᠠᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃
02.jpg  
              ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠢ ᠴᠠᠩ ᠬᠤᠩ ᠨᠠᠷ ᠬᠢᠶ᠎ᠠ ᠪᠠᠭᠰᠢ ᠲᠣᠭᠤᠷᠢᠭ ᠤᠨ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠶᠢ ᠡᠭᠦᠳᠬᠦ ᠰᠡᠳᠬᠢᠴᠡ ᠪᠣᠯᠤᠨ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠶᠢ ᠭᠦᠢᠴᠡᠳ ᠨᠤᠲᠠᠯᠠᠪᠠ᠃ ᠲᠡᠷᠡ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠬᠢᠨ ᠭᠤᠣᠯ ᠵᠠᠭᠤᠴᠢᠯᠠᠭᠤᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠣᠨᠢᠨ ᠮᠡᠳᠡᠭᠡᠨ ᠤ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠦᠷᠭᠡᠳᠭᠡᠨ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠰᠢᠨ᠎ᠡ ᠦᠷ᠎ᠡ ᠪᠦᠲᠦᠮᠵᠢ᠂ ᠰᠢᠨ᠎ᠡ ᠬᠡᠷᠡᠯᠲᠦ ᠴᠡᠭ ᠢ ᠦᠷᠭᠦᠯᠵᠢᠯᠡᠨ ᠠᠩᠬᠠᠷᠤᠨ ᠤᠬᠠᠭᠤᠯᠵᠤ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ ᠭᠡᠵᠦ ᠢᠯᠡᠳᠬᠡᠪᠡ᠃
03.jpg
           ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠸᠠᠩ ᠰᠢᠤᠸᠠᠢ ᠹᠧᠩ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠤᠷᠲᠤ ᠬᠤᠭᠤᠴᠠᠭᠠᠨ ᠤ ᠲᠤᠷᠰᠢ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠢ ᠶᠡᠬᠡᠪᠡᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠲᠡᠳᠡᠨ ᠤ ᠬᠢᠶ᠎ᠠ ᠪᠠᠭᠰᠢ ᠶᠢᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠶᠢ ᠢᠯᠡᠭᠦᠬᠡᠨ ᠳᠤᠷᠠᠳᠣᠨ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠣᠨᠴᠠᠯᠢᠭ ᠢ ᠪᠦᠬᠦ ᠲᠠᠯ᠎ᠠ ᠪᠠᠷ ᠭᠦᠨᠵᠡᠭᠡᠢ ᠠᠭᠤᠳᠠᠯᠵᠤ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠨᠡᠩ ᠤᠯᠠᠨ ᠰᠠᠶᠢᠨ ᠳᠠᠭᠤᠣ  ᠶᠢ ᠳᠠᠮᠵᠢᠭᠤᠯᠣᠨ᠂ ᠨᠡᠩ ᠤᠯᠠᠨ ᠢᠳᠡᠪᠬᠢ ᠬᠦᠴᠦᠨ ᠢ  ᠨᠢᠬᠲᠠᠷᠠᠭᠤᠯᠬᠤ ᠶᠢ ᠬᠦᠰᠡᠵᠦ ᠪᠠᠶᠢᠬᠤ ᠪᠠᠨ ᠢᠯᠡᠳᠭᠡᠪᠡ᠃
ᠢᠷᠡᠯᠲᠡ᠄ ᠲᠣᠰ ᠰᠥᠯᠵᠢᠶ᠎ᠡ