ᠲᠤᠭᠤᠷᠢᠭ ᠤᠨ ᠨᠠᠮ ᠤᠨ ᠬᠤᠷᠢᠶ᠎ᠠ ᠬᠤᠶᠠᠳᠤᠭᠠᠷ ᠬᠤᠭᠤᠴᠠᠭᠠᠨ ᠤ 6 ᠳ᠋ᠤᠭᠠᠷ ᠤᠳᠠᠭᠠᠨ ᠤ  ᠪᠠᠶᠢᠩᠭᠤ ᠶᠢᠨ ᠬᠤᠷᠢᠶᠠᠨ ᠤ  ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/9/2
      
1.jpg
      8 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠬᠤᠶᠠᠳᠤᠭᠠᠷ ᠬᠤᠭᠤᠴᠠᠭᠠᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ  ᠬᠤᠷᠠᠯ ᠢ ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠳᠡᠭᠡᠷ᠎ᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠳᠦᠷᠤ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠰᠦᠨ ᠴᠦᠨ ᠯᠠᠨ ᠤ ᠪᠦᠭᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠨ᠂ ᠢᠮᠠᠭᠲᠠ ᠳᠡᠭᠡᠳᠦ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠪᠤᠯᠭᠤᠮᠵᠢᠯᠠᠨ ᠰᠠᠶᠢᠲᠤᠷ ᠠᠳᠬᠤᠨ᠂  ᠬᠠᠷᠢᠶᠠᠳᠤ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠬᠦᠮᠦᠰ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠢᠶ᠎ᠠ ᠪᠠᠭᠰᠢ ᠪᠠᠬᠢᠯᠡᠯᠳᠡ︾ ᠶᠢ ᠡᠷᠡᠰ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠤᠷᠳᠤᠰ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦ ᠶᠢ ᠪᠠᠷᠢᠮᠳᠠᠯᠠᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠪᠣᠯᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠡᠷᠴᠢᠮ ᠢ  ᠴᠢᠩᠭᠠᠷᠠᠭᠤᠯᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠳᠠᠯ᠎ᠠ ᠶᠢ ᠠᠷᠪᠢᠳᠬᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠦᠮᠦᠵᠢᠭᠦᠯᠦᠨ᠂ ᠠᠵᠤ ᠦᠢᠯᠡᠰ ᠤᠨ ᠡᠯᠧᠮᠧᠨ᠋ᠲ ᠲᠥᠪᠯᠡᠷᠡᠭᠰᠡᠨ ᠭᠠᠵᠠᠷ ᠢ ᠴᠣᠭᠴᠠᠯᠠᠵᠤ᠂ ᠣᠷᠣᠨ ᠨᠤᠳᠤᠭ ᠤᠨ ᠦᠷᠢᠰᠦᠯᠳᠦᠬᠦ ᠬᠦᠴᠦᠨ ᠲᠠᠢ᠂ ᠳᠠᠶᠢᠴᠢᠯᠠᠬᠤ ᠭᠦᠴᠦ ᠪᠠ ᠨᠥᠯᠥᠭᠡᠯᠡᠬᠦ ᠬᠦᠴᠦᠨ ᠲᠠᠢ ᠰᠢᠨ᠎ᠡ ᠠᠵᠤ ᠠᠬᠤᠢ ᠶᠢᠨ ᠲᠥᠪ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠢᠶ᠎ᠠ ᠪᠠᠭᠰᠢ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠵᠠᠳᠠᠯᠤᠨ ᠮᠠᠭᠠᠳᠯᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠤᠯᠤᠰ ᠲᠦᠷᠦ ᠶᠢᠨ ᠵᠢᠱᠢᠶᠡᠴᠢ ᠶᠢᠨ ᠲᠥᠪ ᠢ ᠪᠠᠶᠢᠭᠤᠯᠬᠤ ᠬᠦᠴᠦᠯᠡᠬᠦ ᠴᠡᠭ ᠪᠠ ᠰᠢᠪᠳᠣᠯᠣᠨ ᠭᠠᠷᠬᠤ ᠭᠠᠵᠠᠷ ᠢ ᠣᠨᠣᠪᠴᠢᠲᠠᠢ ᠣᠯᠵᠤ᠂ ᠨᠠᠮ ᠤᠨ ᠳᠣᠳᠣᠷᠠᠬᠢ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠨ᠂ ᠺᠠᠳ᠋ᠷ ᠢ ᠰᠠᠶᠢᠲᠤᠷ ᠰᠣᠩᠭᠤᠨ ᠰᠠᠶᠢᠲᠤᠷ ᠬᠡᠷᠡᠭᠯᠡᠬᠦ ᠶᠢ ᠲᠤᠪᠤᠶᠢᠯᠭᠠᠵᠦ᠂ ᠤᠯᠠᠨ ᠲᠦᠮᠡᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠂ ᠺᠠᠳ᠋ᠷ ᠢ ᠴᠢᠩᠭ᠎ᠠ ᠬᠢᠨᠠᠨ ᠬᠠᠮᠢᠶᠠᠷᠴᠤ᠂ ᠬᠢᠶ᠎ᠠ ᠪᠠᠭᠰᠢ ᠲᠣᠭᠤᠷᠢᠭ ᠤᠨ ᠤᠯᠤᠰ ᠲᠦᠷᠦ ᠶᠢᠨ ᠠᠮᠢ ᠠᠬᠤᠢ ᠶᠢᠨ ᠣᠪᠣᠷ ᠰᠤᠷᠲᠠᠯ ᠲᠥᠪ ᠴᠢᠬᠡᠴᠢ  ᠪᠠᠶᠢᠬᠤ ᠶᠢ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠶᠢ ᠪᠠᠷᠢᠮᠳᠠᠯᠠᠨ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠵᠢᠳᠬᠦᠯ ᠴᠢᠷᠮᠠᠶᠢᠯᠭ᠎ᠠ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯ ᠤᠨ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠢ᠃ ᠣᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠪᠢ ᠤᠯᠠᠨ ᠲᠦᠮᠡᠨ ᠳᠤ ᠪᠤᠳᠠᠳᠣ ᠠᠵᠢᠯ ᠬᠢᠵᠦ ᠥᠭᠭᠦᠨ᠎ᠡ︾ ᠭᠡᠬᠦ ᠠᠵᠢᠯᠯᠠᠭ᠎ᠠ ᠶᠢᠨ ᠪᠣᠳᠠᠲᠠᠢ ᠭᠦᠨᠵᠡᠭᠡᠶᠢᠷᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠡᠪᠴᠢᠶᠠᠨ ᠳᠠᠬᠢ ᠢᠯᠵᠢᠷᠡᠯ ᠤᠨ ᠠᠰᠠᠭᠤᠳᠠᠯ ᠪᠣᠯᠤᠨ ᠤᠯᠠᠨ ᠲᠦᠮᠡᠨ ᠤ ᠳᠡᠷᠭᠡᠳᠡᠬᠢ ︽ᠲᠥᠪ ᠪᠤᠰᠤ ᠰᠤᠷᠲᠠᠯ︾ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠲᠤ ᠪᠤᠶᠠᠨ ᠦᠢᠯᠡᠳᠦᠨ᠂ ᠨᠢᠳᠤᠨ ᠳᠤ ᠦᠵᠡᠭᠳᠡᠬᠦ᠂ ᠭᠠᠷ ᠲᠤ ᠪᠠᠷᠢᠭᠳᠠᠮ᠎ᠠ ᠬᠤᠪᠢᠷᠠᠯᠲᠠ ᠪᠠᠷ ᠠᠷᠠᠳ ᠤᠨ ᠢᠲᠡᠭᠡᠯ ᠢ ᠣᠯᠵᠤ᠂ ᠬᠤᠳᠠ ᠶᠢᠨ ᠠᠷᠠᠳ ᠤᠨ ᠵᠤᠯ ᠵᠢᠷᠭᠠᠯ ᠤᠨ ᠲᠥᠪ ᠤᠨ ᠪᠦᠳᠦᠬᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳᠣᠰ ᠰᠦᠯᠵᠢᠶ᠎ᠡ