ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠲᠤᠬᠠᠢ ᠪᠢᠳᠠᠨ ᠤ ᠮᠡᠳᠡᠬᠦ ᠶᠤᠰᠤᠳᠠᠢ ᠬᠠᠤᠯᠢ ᠲᠤᠭᠳᠠᠭᠠᠯ
ᠨᠡᠶᠢᠲᠡᠯᠡᠭᠰᠡᠨ ᠴᠠᠭ᠄
2021/9/2
     ᠮᠠᠨ ᠤ ᠤᠯᠤᠰ ᠤᠨ ︽ᠬᠠᠯᠳᠠᠪᠤᠷᠢᠳᠦ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ ᠬᠠᠯᠳᠠᠪᠤᠷᠢᠳᠦ ᠡᠪᠡᠳᠴᠢᠨ ᠢ ᠲᠤᠤᠷᠠᠬᠢ ᠮᠡᠳᠦ ᠬᠡᠳᠦᠨ ᠲᠦᠷᠦᠯ ᠳᠤ ᠬᠤᠪᠢᠶᠠᠳᠠᠭ᠄     ᠬᠦᠬᠡ ᠲᠦᠷᠦᠯ ᠤᠨ ᠬᠠᠯᠳᠠᠪᠤᠷᠢᠳᠤ ᠡᠪᠡᠳᠴᠢᠨ ᠳᠤ ᠬᠤᠯᠤᠭᠠᠨ᠎ᠠ ᠶᠢᠨ ᠬᠢᠵᠢᠭ᠂ ᠬᠤᠯᠢᠷ᠎ᠠ ᠵᠡᠷᠬᠡ ᠪᠠᠶᠢᠳᠠᠭ︔ ᠬᠦᠬᠡᠭᠴᠢᠨ ᠲᠦᠷᠦᠯ ᠤᠨ ᠬᠠᠯᠳᠠᠪᠤᠷᠢᠳᠦ ᠡᠪᠡᠳᠴᠢᠨ ᠳᠤ ᠰᠠᠷᠰ᠂ ᠠᠶᠢᠽ ᠡᠪᠡᠳᠴᠢᠨ᠂ ᠸᠢᠷᠦ᠋ᠰ ᠤᠨ ᠴᠢᠨᠠᠷᠳᠠᠢ ᠡᠯᠢᠬᠡᠨ ᠦᠷᠪᠢᠰᠦᠯ ᠵᠡᠷᠬᠡ ᠪᠠᠶᠢᠳᠠᠭ︔ ᠤᠯᠠᠭᠠᠨ ᠲᠦᠷᠦᠯ ᠤᠨ ᠬᠠᠯᠳᠠᠪᠤᠷᠢᠳᠦ ᠡᠪᠡᠳᠴᠢᠨ ᠳᠤ ᠲᠠᠬᠤᠯ ᠲᠠᠭᠰᠢᠭᠤᠷ᠂ ᠰᠢᠨᠠ ᠶᠢᠨ ᠪᠤᠯᠴᠢᠷᠬᠠᠢ ᠶᠢᠨ ᠦᠷᠪᠢᠰᠦᠯ᠂ ᠰᠠᠯᠬᠢᠨ ᠡᠰᠡᠷᠬᠡᠨ᠎ᠠ ᠵᠡᠷᠬᠡ ᠪᠠᠶᠢᠳᠠᠭ᠃     ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠡᠬᠦᠰᠦᠯ᠂ ᠲᠠᠬᠤᠯ ᠡᠪᠡᠳᠴᠢᠨ ᠤ ᠰᠤᠳᠤᠯᠤᠯ᠂ ᠡᠮᠴᠢᠯᠡᠬᠡᠨ ᠤ ᠤᠨᠴᠠᠯᠢᠭ ᠵᠢᠴᠢ ᠬᠦᠮᠦᠰ ᠤᠨ ᠡᠷᠡᠬᠦᠯ ᠮᠡᠨᠳᠦ ᠳᠤ ᠤᠴᠠᠷᠠᠭᠤᠯᠬᠤ ᠬᠤᠤᠷ ᠬᠦᠨᠦᠬᠡᠯ ᠤᠨ ᠬᠡᠮᠵᠢᠶ᠎ᠡ ᠶᠢ ᠦᠨᠳᠦᠰᠦᠯᠡᠨ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠰᠢᠨ᠎ᠠ ᠲᠢᠲᠢᠮᠯᠢᠭ ᠠᠭᠤᠰᠬᠢᠨ ᠦᠷᠪᠢᠰᠦᠯ ᠢ ᠬᠦᠭᠡᠭᠴᠢᠨ ᠲᠦᠷᠦᠯ ᠤᠨ ᠬᠠᠯᠳᠠᠪᠤᠷᠢᠳᠦ ᠡᠪᠡᠳᠴᠢᠨ ᠳᠤ ᠤᠷᠤᠭᠤᠯᠬᠤ ᠪᠠᠷ ᠲᠤᠭᠳᠠᠪᠠ᠃     · ᠶᠠᠭᠤᠨ ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠳᠤ ᠬᠦᠭᠡᠭᠴᠢᠨ ᠲᠦᠷᠦᠯ ᠤᠨ ᠡᠪᠡᠳᠴᠢᠨ ᠤ ᠬᠠᠮᠢᠶᠠᠷᠤᠯᠳᠠ᠂ ᠬᠦᠬᠡ ᠲᠦᠷᠦᠯ ᠤᠨ ᠡᠪᠡᠳᠴᠢᠨ ᠤ ᠰᠡᠷᠬᠡᠶᠢᠯᠡᠨ ᠡᠵᠡᠮᠳᠡᠯᠳᠡ ᠬᠢᠬᠦ ᠪᠤᠢ︖     ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠢᠯᠡᠷᠬᠡᠶᠢᠯᠡᠬᠦ ᠳᠡᠭᠡᠨ ᠡᠪᠡᠳᠴᠢᠳᠡᠨ ᠢ ᠲᠤᠰᠠᠭᠠᠷᠯᠠᠨ ᠡᠮᠴᠢᠯᠡᠬᠦ᠂ ᠨᠢᠭᠳᠠ ᠤᠢᠢᠷᠠᠳᠤᠭᠰᠠᠳ ᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠳᠠ ᠬᠢᠬᠦ ᠵᠡᠷᠬᠡ ᠬᠦᠬᠡ ᠲᠦᠷᠦᠯ ᠤᠨ ᠬᠠᠯᠳᠠᠪᠤᠷᠢᠳᠦ ᠡᠪᠡᠳᠴᠢᠨ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠨᠢ  ᠬᠢᠵᠢᠭ ᠤᠨ ᠪᠠᠶᠢᠳᠠᠯ ᠢ ᠲᠦᠷᠬᠡᠨ ᠪᠦᠬᠡᠳ ᠪᠦᠲᠦᠮᠵᠢᠳᠡᠢ ᠡᠵᠡᠮᠳᠡᠬᠦ ᠳᠤ ᠠᠰᠢᠭᠳᠠᠢ᠃     · ᠡᠮᠴᠢᠯᠡᠬᠡᠨ ᠤ ᠪᠠᠶᠢᠭᠤᠯᠤᠮᠵᠢ ᠨᠢ ᠰᠢᠨ᠎ᠠ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠡᠪᠡᠳᠴᠢᠳᠡᠨ᠂ ᠰᠡᠵᠢᠭᠯᠡᠯᠳᠡᠢ ᠡᠪᠡᠳᠴᠢᠳᠡᠨ ᠵᠢᠴᠢ ᠲᠡᠲᠡᠨ ᠲᠠᠢ ᠨᠢᠭᠳᠠ ᠤᠢᠢᠷᠠᠳᠤᠭᠰᠠᠳ ᠢ ᠬᠡᠷᠬᠢᠨ ᠰᠢᠢᠳᠪᠦᠷᠢᠯᠡᠬᠦ ᠪᠤᠢ︖     ︽ᠬᠠᠯᠳᠠᠪᠤᠷᠢᠳᠦ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ ᠲᠤᠭᠳᠠᠭᠠᠭᠰᠠᠨ ᠨᠢ ᠡᠮᠴᠢᠯᠡᠬᠡᠨ ᠤ ᠪᠠᠶᠢᠭᠤᠯᠤᠮᠵᠢ ᠬᠦᠬᠡ ᠲᠦᠷᠦᠯ ᠤᠨ ᠬᠠᠯᠳᠠᠪᠤᠷᠢᠳᠦ ᠡᠪᠡᠳᠴᠢᠨ ᠢ ᠤᠯᠵᠤ ᠮᠡᠳᠡᠭᠰᠡᠨ ᠲᠠᠷᠤᠢ ᠳᠠᠭᠠᠨ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠳᠡᠢ᠄     ① ᠡᠪᠡᠳᠴᠢᠳᠡᠨ᠂ ᠰᠡᠵᠢᠭᠯᠡᠯᠳᠡᠢ ᠡᠪᠡᠳᠴᠢᠳᠡᠨ ᠢ ᠲᠤᠰᠠᠭᠠᠷᠯᠠᠨ ᠡᠮᠴᠢᠯᠡᠵᠦ᠂ ᠲᠤᠰᠠᠭᠠᠷᠯᠠᠬᠤ ᠬᠤᠭᠤᠴᠠᠭ᠎ᠠ ᠶᠢ ᠠᠨᠠᠭᠠᠬᠤ ᠤᠬᠠᠭᠠᠨ ᠤ ᠪᠠᠶᠢᠴᠠᠭᠠᠯᠳᠠ ᠶᠢᠨ ᠦᠷ᠎ᠠ ᠳ᠋ᠥ᠋ᠩ ᠢ ᠦᠨᠳᠦᠰᠦᠯᠡᠨ ᠲᠤᠭᠳᠠᠭᠠᠨ᠎ᠠ᠃     ② ᠰᠡᠵᠢᠭᠯᠡᠯᠳᠠᠢ ᠡᠪᠡᠳᠴᠢᠳᠡᠨ ᠢ ᠤᠨᠤᠰᠢᠯᠠᠬᠤ ᠠᠴᠠ ᠡᠮᠦᠨ᠎ᠡ᠂ ᠲᠤᠭᠳᠠᠭᠰᠠᠨ ᠲᠠᠯᠠᠪᠤᠷ ᠲᠤ ᠲᠤᠰᠠᠭᠠᠷᠯᠠᠨ ᠡᠮᠴᠢᠯᠡᠬᠦ ᠬᠡᠷᠡᠭᠳᠡᠢ᠃     ③ ᠡᠮ ᠡᠮᠨᠡᠯᠬᠡ ᠶᠢᠨ ᠪᠠᠶᠢᠭᠤᠯᠤᠮᠵᠢ ᠶᠢᠨ ᠡᠪᠡᠳᠴᠢᠳᠡᠨ᠂ ᠰᠡᠵᠢᠭᠯᠡᠯᠳᠠᠢ ᠡᠪᠡᠳᠴᠢᠳᠡᠨ᠂ ᠨᠢᠭᠳᠠ ᠤᠢᠢᠷᠠᠳᠤᠭᠰᠠᠳ ᠢ ᠲᠤᠭᠳᠠᠭᠰᠠᠨ ᠲᠠᠯᠠᠪᠤᠷ ᠲᠤ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠳᠠ ᠬᠢᠬᠦ ᠶᠢᠨ ᠲᠠᠭᠠᠤ ᠪᠤᠰᠤᠳ ᠴᠢᠬᠤᠯᠠ ᠪᠦᠬᠦᠢ ᠤᠷᠢᠳᠴᠢᠯᠠᠨ ᠰᠡᠷᠬᠡᠶᠢᠯᠡᠬᠦ ᠠᠷᠭ᠎ᠠ ᠬᠡᠮᠵᠢᠶ᠎ᠠ ᠠᠪᠤᠨ᠎ᠠ᠃     · ᠲᠤᠰᠠᠭᠠᠷᠯᠠᠨ ᠡᠮᠴᠢᠯᠡᠬᠦ ᠶᠢ ᠲᠡᠪᠴᠢᠭᠰᠡᠨ ᠪᠤᠶᠤ ᠲᠤᠰᠠᠭᠠᠷᠯᠠᠨ ᠡᠮᠴᠢᠯᠡᠬᠦ ᠠᠴᠠ ᠲᠤᠷ᠎ᠠ ᠪᠠᠷ ᠢᠶᠠᠨ ᠰᠠᠯᠵᠤ ᠶᠠᠪᠤᠭᠰᠠᠨ ᠡᠪᠡᠳᠴᠢᠳᠡᠨ ᠵᠢᠴᠢ ᠰᠡᠵᠢᠭᠯᠡᠯᠳᠡᠢ ᠡᠪᠡᠳᠴᠢᠳᠡᠨ ᠢ ᠬᠡᠷᠬᠢᠨ ᠰᠢᠢᠳᠪᠦᠷᠢᠯᠡᠬᠦ ᠪᠤᠢ︖     ︽ᠬᠠᠯᠳᠠᠪᠤᠷᠢᠳᠦ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ ᠲᠤᠰᠠᠭᠠᠷᠯᠠᠨ ᠡᠮᠴᠢᠯᠡᠬᠦ ᠶᠢ ᠲᠡᠪᠴᠢᠭᠰᠡᠨ ᠪᠤᠶᠤ ᠲᠤᠰᠠᠭᠠᠷᠯᠠᠬᠤ ᠬᠤᠭᠤᠴᠠᠭ᠎ᠠ ᠨᠢ ᠲᠠᠭᠤᠰᠤᠭᠠᠳᠠᠢ ᠪᠠᠷ ᠲᠤᠷ᠎ᠠ ᠪᠠᠷ ᠢᠶᠠᠨ ᠰᠠᠯᠵᠤ ᠶᠠᠪᠤᠭᠰᠠᠨ ᠡᠪᠡᠳᠴᠢᠳᠡᠨ ᠢ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠮ ᠡᠮᠨᠡᠯᠬᠡ ᠶᠢᠨ ᠪᠠᠶᠢᠭᠤᠯᠤᠮᠵᠢ ᠳᠤ ᠬᠠᠮᠵᠢᠨ ᠠᠯᠪᠠᠳᠠᠯᠭ᠎ᠠ ᠪᠠᠷ ᠲᠤᠰᠠᠭᠠᠷᠯᠠᠨ ᠡᠮᠴᠢᠯᠡᠬᠦ ᠠᠷᠭ᠎ᠠ ᠬᠡᠮᠵᠢᠶ᠎ᠡ ᠠᠪᠴᠤ ᠪᠤᠯᠤᠨ᠎ᠠ ᠬᠡᠵᠦ ᠲᠤᠭᠳᠠᠭᠠᠪᠠ᠃     · ᠰᠢᠨ᠎ᠠ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ᠂ ᠬᠤᠯᠪᠤᠭᠳᠠᠯ ᠪᠦᠬᠦᠢ ᠵᠠᠰᠠᠭ ᠤᠨ ᠤᠷᠳᠤᠨ ᠤ ᠲᠤᠭᠳᠠᠭᠠᠯ ᠵᠠᠷᠯᠢᠭ ᠪᠤᠶᠤ ᠠᠷᠭ᠎ᠠ ᠬᠡᠮᠵᠢᠶ᠎ᠡ ᠶᠢ ᠲᠠᠭᠠᠬᠤ ᠦᠬᠡᠢ᠂ ᠬᠠᠮᠵᠢᠯᠴᠠᠬᠤ ᠦᠬᠡᠢ᠂ ᠬᠡᠷᠡᠭᠵᠢᠬᠦᠯᠬᠦ ᠦᠬᠡᠢ ᠵᠡᠷᠬᠡ ᠦᠢᠯᠡ ᠠᠵᠢᠯᠯᠠᠭ᠎ᠠ ᠨᠢ ᠶᠠᠮᠠᠷ ᠰᠢᠦᠬᠠᠨ ᠬᠠᠤᠯᠢ ᠴᠠᠭᠠᠵᠠ ᠶᠢᠨ ᠰᠢᠢᠳᠬᠡᠯ ᠢ ᠤᠯᠬᠤ ᠪᠤᠢ︖     ︽ᠡᠷᠡᠬᠦᠦ ᠶᠢᠨ ᠬᠠᠤᠯᠢ︾ ᠳᠤ ᠲᠤᠭᠳᠠᠭᠠᠭᠰᠠᠨ ᠨᠢ᠄ ᠬᠠᠯᠳᠠᠪᠤᠷᠢᠳᠦ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠳ ᠢᠯᠡᠷᠡᠪᠡᠯ ᠁ ᠬᠦᠬᠡ ᠲᠦᠷᠦᠯ ᠤᠨ ᠬᠠᠯᠳᠠᠪᠤᠷᠢᠳᠦ ᠡᠪᠡᠳᠴᠢᠨ ᠢ ᠲᠡᠯᠬᠡᠷᠡᠬᠦᠯᠦᠭᠰᠡᠨ ᠪᠤᠶᠤ ᠲᠡᠯᠬᠡᠷᠡᠬᠦᠯᠬᠦ ᠬᠦᠨᠳᠦ ᠨᠤᠴᠢᠳᠠᠢ ᠠᠶᠤᠯ ᠢ ᠪᠤᠢ ᠪᠤᠯᠭᠠᠭᠰᠠᠨ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠦᠷᠢᠯᠡᠬᠦᠯᠬᠦ ᠪᠠᠷ ᠰᠢᠢᠳᠬᠡᠨ᠎ᠠ᠃ ᠤᠨᠴᠠᠭᠠᠢ ᠬᠦᠨᠳᠦ ᠨᠤᠴᠢᠳᠠᠢ ᠤᠷᠰᠢᠭ ᠲᠠᠲᠠᠭᠰᠠᠨ ᠪᠠᠶᠢᠪᠠᠯ ᠭᠤᠷᠪᠠᠨ ᠵᠢᠯ ᠠᠴᠠ ᠲᠡᠭᠡᠭᠰᠢ ᠲᠤᠯᠤᠭᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠨ᠎ᠠ ᠁     · ᠬᠠᠯᠳᠠᠪᠤᠷᠢᠳᠦ ᠡᠪᠡᠳᠴᠢᠨ ᠤ ᠡᠪᠡᠳᠴᠢᠨ ᠡᠬᠦᠰᠦᠭᠰᠡᠨ ᠰᠢᠯᠳᠠᠭᠠᠨ ᠢ ᠲᠤᠲᠤᠯᠠᠬᠤ ᠶᠢᠨ ᠲᠦᠯᠦᠬᠡ᠂ ᠡᠮᠴᠢᠯᠡᠬᠡᠨ ᠤ ᠪᠠᠶᠢᠭᠤᠯᠤᠮᠵᠢ ᠬᠡᠷᠬᠢᠨ ᠬᠢᠵᠦ ᠪᠤᠯᠬᠤ ᠪᠤᠢ︖     ︽ᠬᠠᠯᠳᠠᠪᠤᠷᠢᠲᠦ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ᠄ ᠬᠠᠯᠳᠠᠪᠤᠷᠢᠳᠦ ᠡᠪᠡᠳᠴᠢᠨ ᠡᠬᠦᠰᠦᠭᠰᠡᠨ ᠰᠢᠯᠳᠠᠭᠠᠨ ᠢ ᠲᠤᠲᠤᠯᠠᠬᠤ ᠶᠢᠨ ᠲᠦᠯᠦᠬᠡ᠂ ᠴᠢᠬᠤᠯᠠ ᠲᠠᠢ ᠦᠶ ᠎ᠡ ᠳᠤ ᠡᠮᠴᠢᠯᠡᠬᠡᠨ ᠤ ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠬᠠᠯᠳᠠᠪᠤᠷᠢᠳᠦ ᠡᠪᠡᠳᠴᠢᠳᠡᠨ ᠤ ᠬᠡᠬᠦᠷ ᠪᠠᠶ᠎ᠠ ᠪᠤᠶᠤ ᠰᠡᠵᠢᠭᠯᠡᠯᠳᠡᠢ ᠡᠪᠡᠳᠴᠢᠳᠡᠨ ᠤ ᠬᠡᠬᠦᠷ ᠪᠡᠶ᠎ᠡ ᠶᠢ ᠵᠠᠳᠠᠯᠤᠨ ᠰᠢᠨᠵᠢᠯᠡᠵᠦ ᠪᠠᠶᠢᠴᠠᠭᠠᠨ ᠰᠢᠯᠭᠠᠵᠤ ᠪᠤᠯᠬᠤ ᠪᠦᠬᠡᠳ ᠦᠬᠦᠭᠰᠡᠳ ᠤᠨ ᠬᠡᠷ ᠪᠦᠯᠢ ᠶᠢᠨ ᠬᠢᠨ ᠳᠤ ᠮᠡᠳᠡᠭᠳᠡᠬᠦ ᠬᠡᠷᠡᠭᠳᠡᠢ ᠬᠡᠵᠦ ᠲᠤᠭᠳᠠᠭᠠᠵᠠᠢ᠃     · ᠬᠠᠯᠳᠠᠪᠤᠷᠢᠳᠤ ᠡᠪᠡᠳᠴᠢᠨ ᠡᠬᠦᠰᠬᠦ ᠦᠶ᠎ᠡ ᠳᠤ ᠶᠠᠮᠠᠷ ᠪᠠᠶᠢᠳᠠᠯ ᠲᠤᠤᠷ᠎ᠠ ᠵᠠᠮ ᠬᠠᠷᠢᠯᠴᠠᠭᠠᠨ ᠤ ᠡᠷᠡᠬᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠬᠢᠵᠦ ᠪᠤᠯᠬᠤ ᠪᠤᠢ︖     ︽ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ ᠬᠦᠬᠡ ᠲᠦᠷᠦᠯ ᠤᠨ ᠬᠠᠯᠳᠠᠪᠤᠷᠢᠳᠤ ᠡᠪᠡᠳᠴᠢᠨ ᠡᠬᠦᠰᠬᠦ ᠦᠶ᠎ᠡ ᠳᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ᠂ ᠲᠡᠷᠬᠡᠨ ᠳᠤ ᠬᠠᠮᠳᠤ ᠪᠠᠶᠢᠭᠰᠠᠨ ᠬᠦᠮᠦᠰ ᠵᠢᠴᠢ ᠡᠳ᠋ ᠪᠤᠳᠠᠰ ᠵᠡᠷᠬᠡ ᠪᠠᠷ ᠡᠪᠡᠳᠴᠢᠨ ᠲᠠᠬᠢᠨᠳᠡ ᠲᠠᠮᠵᠢᠨ ᠲᠠᠷᠬᠠᠬᠤ ᠶᠢ ᠰᠡᠷᠬᠡᠶᠢᠯᠡᠬᠦ ᠶᠢᠨ ᠲᠦᠯᠦᠬᠡ ᠵᠠᠮ ᠬᠠᠷᠢᠯᠴᠠᠭᠠᠨ ᠤ ᠡᠷᠡᠬᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠬᠢᠵᠦ ᠪᠤᠯᠤᠨ᠎ᠠ ᠬᠡᠵᠦ ᠲᠤᠭᠳᠠᠭᠠᠵᠠᠢ ︵ᠪᠤᠳᠠᠳᠠᠢ ᠠᠷᠭ᠎ᠠ ᠬᠡᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ︶᠃             ︵︽ᠦᠪᠦᠷ ᠮᠤᠩᠭᠤᠯ ᠤᠨ ᠡᠳᠦᠷ ᠤᠨ ᠰᠤᠨᠢᠨ︾ ᠤ ᠵᠢᠷᠬᠢᠶ᠎ᠡ ᠲᠠᠪᠴᠠᠩ ᠠᠴᠠ︶ 
ᠢᠷᠡᠯᠲᠡ᠄ ᠤᠷᠳᠤᠰ ᠮᠤᠩᠭᠤᠯ ᠰᠦᠯᠵᠢᠶ᠎ᠡ