2021 ᠣᠨ ᠤ ᠨᠢᠭᠡᠳᠦᠭᠡᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/9/30
         1 ᠳ᠋ᠤᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠤᠷᠤᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠣᠷᠳᠣᠰ ᠬᠤᠲᠠ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠬᠠᠷᠢᠭᠤ ᠲᠤᠰᠬᠠᠪᠠ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠯᠢ ᠳ᠋ᠦᠩ᠂ ᠸᠠᠩ ᠰᠢᠤᠸᠠᠢ ᠹᠧᠩ᠂ ᠠᠯᠳ᠋ᠬᠠᠤᠷᠭᠢᠯ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ  ᠳᠠᠭᠠᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃         1 ᠳ᠋ᠤᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ  ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ ᠵᠠᠩ ᠸᠠᠩ ᠰᠢᠶᠤᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠢᠶ᠎ᠠ ᠪᠠᠭᠰᠢ ᠲᠣᠭᠤᠷᠢᠭ ᠲᠤ ᠭᠦᠨᠵᠡᠭᠡᠶᠢᠷᠡᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠲᠤᠭᠤᠷᠢᠭ  ᠤᠨ ᠳᠠᠷᠤᠭ᠎ᠠ ᠼᠤᠤ ᠶᠢᠨ ᠰᠢᠨ ᠣᠷᠣᠯᠴᠠᠵᠠᠢ᠃          1 ᠳ᠋ᠤᠭᠡᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ  ᠬᠤᠷᠢᠶᠠᠨ ᠤ ᠱᠦᠵᠢ ᠯᠢ ᠳ᠋ᠦᠩ᠂  ᠲᠤᠭᠤᠷᠢᠭ ‍ᠤᠨ‌ᠨᠠᠮ ᠤᠨ  ᠬᠤᠷᠢᠶᠠᠨ ᠤ ᠳᠡᠳ᠋ ᠱᠦᠵᠢ᠂ ᠣᠷᠣᠯᠠᠭᠴᠢ ᠲᠤᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠭᠦᠨᠵᠡᠭᠡᠶᠢᠷᠡᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠡᠨᠳᠦᠴᠢᠯᠡᠯ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠰᠠᠶᠢᠨ ᠰᠠᠶᠢᠬᠠᠨ ᠢᠷᠥᠭᠡᠯ ᠳᠡᠪᠰᠢᠭᠦᠯᠵᠡᠶ᠃  ᠲᠤᠭᠤᠷᠢᠭ ᠤᠨ ᠤᠳᠤᠷᠢᠳᠤᠯᠭ᠎ᠠ ᠲᠢᠶᠠᠨ ᠱᠧᠩ ᠬᠤᠸᠠ᠂ ᠯᠢᠦ ᠰᠢᠤᠸᠠᠢ ᠵᠢᠶᠦ᠋ᠨ ᠣᠷᠣᠯᠴᠠᠵᠠᠢ᠃          1 ᠳ᠋ᠤᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠡᠴᠡᠨᠪᠢᠯᠢᠭ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 3 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠨᠢ  ᠸᠢᠳᠢᠤ᠋ ᠶᠢᠨ ᠬᠡᠯᠪᠡᠷᠢ ᠪᠠᠷ ᠬᠤᠰᠢᠭᠤ ᠲᠣᠭᠤᠷᠢᠭ ᠲᠤ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠲᠢᠶᠠᠨ ᠱᠧᠩ ᠬᠤᠸᠠ᠂ ᠼᠤᠤ ᠶᠢᠨ ᠰᠢᠨ᠂ ᠯᠢᠦ ᠰᠢᠤᠸᠠᠢ ᠵᠢᠶᠦ᠋ᠨ᠂ ᠵᠠᠩ ᠫᠢᠩ᠂ ᠯᠢᠦ ᠴᠦᠨ ᠹᠠᠩ᠂ ᠯᠢ ᠰᠢᠤᠸᠠᠢ ᠹᠧᠩ᠂ ᠡᠯ᠎ᠡ ᠵᠡᠭᠡᠯᠢ ᠭᠤᠳᠤᠮᠵᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ  ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃          1 ᠳ᠋ᠤᠭᠡᠷ ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠼᠤᠤ ᠶᠢᠨ ᠰᠢᠨ᠂ ᠯᠢᠦ ᠴᠦᠨ ᠹᠠᠩ ᠣᠷᠣᠯᠴᠠᠵᠠᠢ᠃          1 ᠳ᠋ᠤᠭᠡᠷ ᠰᠠᠷ᠎ᠠ ᠶᠢᠨ 20 ᠤ ᠡᠳᠦᠷ᠂ ᠬᠢᠶ᠎ᠠ ᠪᠠᠭᠰᠢ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠲᠣᠭᠤᠷᠢᠭ ᠤᠨ ᠳᠠᠷᠤᠭ᠎ᠠ ᠲᠢᠶᠠᠨ ᠱᠧᠩ ᠬᠤᠸᠠ ᠬᠤᠷᠠᠯ ᠢ ᠡᠷᠬᠢᠯᠡᠭᠰᠡᠨ ᠪᠥᠭᠡᠳ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠣᠭᠤᠷᠢᠭ ᠤᠨ ᠤᠳᠤᠷᠢᠳᠤᠯᠭ᠎ᠠ ᠼᠤᠤ ᠶᠢᠨ ᠰᠢᠨ᠂ ᠯᠢᠦ ᠰᠢᠤᠸᠠᠢ ᠵᠢᠶᠦ᠋ᠨ᠂ ᠯᠢᠦ ᠴᠦᠨ ᠹᠠᠩ᠂ ᠯᠢ ᠰᠢᠤᠸᠠᠢ ᠹᠧᠩ ᠬᠤᠷᠠᠯ ᠳᠤ ᠣᠷᠣᠯᠴᠠᠪᠠ᠃ ᠬᠤᠷᠠᠯ ᠠᠴᠠ ᠪᠦᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠴᠢᠮ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠶ᠎ᠠ ᠪᠠᠭᠰᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠪᠡ᠃          1 ᠳ᠋ᠤᠭᠡᠷ ᠰᠠᠷ᠎ᠠ ᠶᠢᠨ 23 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ ᠠᠶᠤᠯᠭᠦᠶ  ᠦᠢᠯᠡᠳᠪᠦᠷᠢᠯᠡᠯ  ᠤᠨ ᠲᠧᠯᠸᠢᠰ ᠳ᠋ᠢᠶᠠᠩᠬᠤᠸᠠ ᠶᠢᠨ ᠬᠤᠷᠠᠯ ᠬᠤᠷᠠᠯᠳᠤᠪᠠ᠃ ᠳᠤᠮᠳᠠᠳᠤ ᠤᠯᠣᠰ ᠤᠨ ᠡᠪ  ᠬᠠᠮᠲᠤ  ᠨᠠᠮ ᠤᠨ ᠲᠥᠪ ᠬᠤᠷᠢᠶᠠᠨ ᠤ ᠤᠯᠣᠰ  ᠲᠦᠷᠦ ᠶᠢᠨ ᠲᠣᠪᠴᠢᠶᠠᠨ ᠤ  ᠪᠠᠶᠢᠩᠭᠤ ᠶᠢᠨ  ᠭᠡᠰᠢᠭᠦᠨ ᠂  ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ  ᠺᠧ ᠴᠢᠶᠠᠩ  ᠴᠢᠬᠤᠯᠠ  ᠴᠤᠬᠤᠯᠠᠪᠤᠷᠢ  ᠭᠠᠷᠭᠠᠵᠠᠢ᠃ ᠴᠣᠬᠤᠯᠠᠪᠤᠷᠢ ᠳᠤ ᠵᠢᠭᠠᠵᠤ ᠭᠠᠷᠭᠠᠭᠰᠠᠨ ᠨᠢ᠄ ᠠᠶᠤᠯᠭᠦᠶ ᠦᠢᠯᠡᠳᠪᠦᠷᠢᠯᠡᠯ ᠪᠣᠯ ᠴᠢᠬᠤᠯᠠ ᠶᠡᠭᠡ ᠶᠠᠪᠤᠳᠠᠯ ᠮᠥᠨ᠂ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠲᠣᠭᠤᠷᠢᠭ ᠤᠨ ᠤᠳᠤᠷᠢᠳᠤᠯᠭ᠎ᠠ ᠸᠠᠩ ᠰᠢᠤᠸᠠᠢ ᠹᠧᠩ᠂ ᠸᠠᠩ ᠵᠢᠶᠤᠤ᠂ ᠯᠢᠦ ᠰᠢᠤᠸᠠᠢ ᠵᠢᠶᠦ᠋ᠨ᠂ ᠯᠢᠦ ᠴᠦᠨ ᠹᠠᠩ᠂ ᠸᠠᠩ ᠷᠦᠢ ᠰᠢᠶᠠᠩ᠂ ᠯᠢ ᠰᠢᠤᠸᠠᠢ ᠹᠧᠩ᠂ ᠡᠯ᠎ᠡ ᠵᠡᠭᠡᠯᠢ ᠭᠤᠳᠤᠮᠵᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃          1 ᠳ᠋ᠤᠭᠡᠷ ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠤᠭᠤᠷᠢᠭ  ᠤᠨ ᠳᠠᠷᠤᠭ᠎ᠠ ᠸᠠᠩ ᠰᠢᠤᠸᠠᠢ ᠹᠧᠩ  ᠲᠤᠭᠤᠷᠢᠭ ᠤᠨ ᠵᠠᠰᠠᠭ ᠤᠨ ᠣᠷᠳᠣᠨ ᠤ 2021 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠦᠷᠦ ᠶᠢᠨ ᠶᠠᠪᠤᠳᠠᠯ ᠤᠨ  ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠶ᠎ᠠ ᠪᠠᠭᠰᠢ ᠲᠣᠭᠤᠷᠢᠭ ᠤᠨ 2020 ᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2021 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ 2021 ᠣᠨ ᠤ ᠬᠢᠶ᠎ᠠ ᠪᠠᠭᠰᠢ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃          1 ᠳ᠋ᠤᠭᠡᠷ ᠰᠠᠷ᠎ᠠ ᠶᠢᠨ 28 ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂  ᠣᠷᠣᠯᠠᠭᠴᠢ  ᠲᠤᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ  ᠦᠢᠯᠡᠳᠪᠦᠷᠢᠯᠡᠯ  ᠪᠠ ᠬᠤᠲᠠ ᠶᠢᠨ ᠨᠣᠭᠤᠭᠠᠷᠠᠭᠤᠯᠤᠯᠲᠠ᠂ ᠭᠡᠷᠡᠯᠲᠦᠭᠦᠯᠭᠡ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠵᠠᠩ ᠫᠢᠩ᠂ ᠯᠢᠦ ᠴᠦᠨ ᠹᠠᠩ᠂ ᠸᠠᠩ ᠷᠦᠢ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
ᠢᠷᠡᠯᠲᠡ᠄ ᠲᠤᠰ ᠰᠦᠯᠵᠢᠶ᠎ᠡ