ᠯᠢ ᠯᠢ ᠵᠡᠭᠦᠨᠭᠠᠷ ᠬᠤᠰᠢᠭᠤ ᠲᠠᠯᠠᠳ ᠬᠤᠰᠢᠭᠤ ᠬᠠᠨᠭ᠍ᠭᠢᠨ ᠬᠤᠰᠢᠭᠤᠨ ᠳᠤ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠭᠦᠭᠵᠢᠯᠳᠠ ᠳᠤ ᠪᠠᠶᠢᠴᠠᠭᠠᠨ ᠰᠤᠳᠤᠯᠤᠯᠳᠠ ᠭᠢᠵᠤ ᠱᠠᠯᠠᠪᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠷᠤᠨᠵᠢᠭᠤᠯᠵᠤ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠦᠷ᠎ᠠ ᠪᠦᠳᠦᠮᠵᠢ ᠤᠯᠬᠤ ᠶᠢ ᠠᠭᠢᠭᠤᠯᠬᠤ ᠭᠡᠷᠡᠭᠳᠡᠢ
ᠨᠡᠶᠢᠲᠡᠯᠡᠭᠰᠡᠨ ᠴᠠᠭ᠄
2021/9/7
          ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠤᠷᠢᠳ ᠬᠤᠵᠢᠳ ᠬᠠᠳᠤᠨ ᠭᠤᠤᠯ ᠤᠨ ᠤᠷᠳᠤᠰ ᠲᠠᠬᠢ ᠭᠡᠰᠡᠭ ᠤᠨ ᠵᠡᠭᠦᠨ ᠠᠴᠠ ᠪᠠᠷᠠᠭᠤᠨᠰᠢ ᠴᠢᠭᠯᠡᠯ ᠲᠠᠭᠠᠤ ᠵᠡᠭᠦᠨᠭᠠᠷ ᠬᠤᠰᠢᠭᠤ᠂ ᠲᠠᠯᠠᠳ ᠬᠤᠰᠢᠭᠤ᠂ ᠬᠠᠨᠭ᠍ᠭᠢᠨ ᠬᠤᠰᠢᠭᠤᠨ ᠳᠤ ᠭᠦᠨᠵᠡᠭᠡᠶᠢᠷᠠᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠭᠦᠭᠵᠢᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ ᠱᠠᠯᠠᠪᠳᠠᠭᠤᠯᠤᠨ ᠵᠢᠯᠤᠭᠤᠳᠴᠦ᠂ ᠤᠯᠤᠰ ᠲᠦᠷᠦ ᠶᠢᠨ ᠵᠤᠬᠰᠤᠴᠠ ᠪᠠᠨ ᠪᠠᠳᠤᠳᠬᠠᠨ᠂ ᠡᠯ᠎ᠠ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠳᠤᠨ ᠭᠤᠤᠯ ᠲᠠᠭᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠷᠤᠨᠵᠢᠭᠤᠯᠤᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠦᠷ᠎ᠠ ᠪᠦᠳᠦᠮᠵᠢ ᠶᠢ ᠤᠯᠬᠤ ᠶᠢ ᠠᠭᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃             ᠯᠢ ᠯᠢ ᠵᠡᠭᠦᠨᠭᠠᠷ ᠬᠤᠰᠢᠭᠤᠨ ᠤ ᠯᠦᠡᠭ ᠺᠸᠦ ᠪᠠᠯᠭᠠᠰᠤᠨ ᠤ ᠳ᠋ᠠ ᠺᠸᠦ ᠶᠢᠨ ᠭᠡᠰᠡᠭ ᠤᠨ ᠭᠤᠤᠯ ᠤᠨ ᠡᠷᠭᠢ ᠳᠤ ᠭᠦᠷᠴᠦ᠂ ᠱᠠᠨᠰᠢ ᠱᠠᠨ ᠰᠢ ᠦᠪᠤᠷ ᠮᠤᠩᠭᠤᠯ ᠭᠤᠷᠪᠠᠨ ᠮᠤᠵᠢ ᠤᠷᠤᠨ ᠤ ᠵᠠᠭᠠᠭ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠠᠵᠤ᠂ ᠬᠠᠳᠤᠨ ᠭᠤᠤᠯ ᠤᠨ ᠤᠷᠤᠰᠬᠠᠯ ᠤᠨ ᠭᠡᠮᠵᠢᠶ᠎ᠠ᠂ ᠭᠤᠤᠯ ᠤᠨ ᠬᠠᠮᠢᠶᠠᠷᠤᠯᠳᠠ ᠵᠡᠷᠭᠡ ᠪᠠᠶᠢᠳᠠᠯ ᠢ ᠨᠠᠷᠢᠨ ᠤᠢᠢᠯᠠᠭᠠᠪᠡ᠃ ᠲᠠᠷᠠ ᠠᠮᠢ ᠠᠬᠤᠢ ᠶᠢ ᠤᠷᠢᠳ ᠢᠶᠠᠷ ᠪᠤᠳᠤᠯᠭᠢᠯᠠᠨ᠂ ᠪᠤᠭᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠤᠰᠤᠨ ᠤ ᠡᠭᠢ ᠪᠠᠶᠠᠯᠢᠭ ᠢ ᠬᠠᠮᠠᠭᠠᠯᠠᠬᠤ᠂ ᠤᠰᠤᠨ ᠤ ᠪᠤᠭᠢᠷᠳᠤᠯ ᠢ ᠰᠡᠷᠭᠡᠶᠢᠯᠡᠨ ᠵᠠᠰᠠᠬᠤ᠂ ᠤᠰᠤᠨ ᠤ ᠤᠷᠴᠢᠨ ᠲᠤᠭᠤᠷᠢᠨ ᠢ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠭᠦ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠤᠭᠤᠷᠢᠨ ᠳᠤ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠦ᠂ ᠨᠠᠭᠤᠷ ᠭᠤᠤᠯ ᠤᠨ ᠤᠰᠤᠨ ᠤ ᠡᠷᠭᠢ ᠱᠤᠭᠤᠮ ᠤᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠨ᠂ ᠭᠤᠤᠯ ᠲᠠᠭᠠᠤ ︽ᠲᠦᠷᠪᠡᠨ ᠲᠤᠷ᠎ᠠ ᠪᠠᠷ ᠦᠵᠡᠭᠳᠡᠯ ᠢ ᠴᠡᠪᠡᠷᠯᠡᠭᠦ︾ ᠶᠢ ᠦᠷᠭᠦᠯᠵᠢᠯᠡᠨ ᠠᠭᠢᠭᠤᠯᠵᠤ᠂ ᠬᠠᠳᠤᠨ ᠭᠤᠤᠯ ᠲᠠᠭᠠᠤ ᠠᠮᠢ ᠠᠬᠤᠢ ᠤᠷᠴᠢᠨ ᠲᠤᠭᠤᠷᠢᠨ ᠢ ᠦᠨᠡᠨ ᠭᠦ ᠬᠠᠮᠠᠭᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃ ᠯᠢ ᠯᠢ ᠬᠠᠳᠤᠨ ᠭᠤᠤᠯ ᠲᠠᠭᠠᠤ ᠭᠦᠳᠡᠭᠡ ᠲᠤᠰᠬᠤᠨ ᠢ ᠭᠦᠭᠵᠢᠭᠦᠯᠭᠦ ᠠᠵᠢᠯ ᠢ ᠦᠷᠨᠢᠭᠦᠯᠦᠭᠰᠡᠨ ᠪᠠᠶᠢᠳᠠᠯ ᠢ ᠲᠦᠢᠯ ᠢᠶᠠᠷ ᠴᠢᠬᠤᠯᠠᠴᠢᠯᠠᠵᠤ ᠪᠠᠶᠢᠯ᠎ᠠ᠃ ᠬᠠᠳᠤᠨ ᠭᠤᠤᠯ ᠲᠠᠭᠠᠤ ᠲᠤᠭᠤᠷᠢᠨ ᠪᠠᠶᠢᠴᠠᠭᠠᠬᠤ ᠳᠠᠭᠠᠨ ᠲᠡᠷᠠ ᠵᠡᠭᠦᠨᠭᠠᠷ ᠬᠤᠰᠢᠭᠤᠨ ᠤ ᠮᠠ ᠵᠠ ᠲᠤᠰᠬᠤᠨ ᠳᠤ ᠭᠦᠷᠴᠦ᠂ ᠭᠦᠳᠡᠭᠡ ᠲᠤᠰᠬᠤᠨ ᠤ ᠠᠵᠤ ᠦᠢᠯᠡᠰ ᠤᠨ ᠭᠦᠭᠵᠢᠯᠳᠠ ᠵᠢᠴᠢ ᠮᠠᠯᠴᠢᠨ ᠲᠠᠷᠢᠶᠠᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠭᠦ ᠵᠡᠷᠭᠡ ᠪᠠᠶᠢᠳᠠᠯ ᠢ ᠭᠦᠨᠵᠡᠭᠡᠢ ᠤᠢᠢᠯᠠᠭᠠᠪᠠ᠃ ᠲᠠᠷᠠ ᠭᠦᠳᠡᠭᠡ ᠲᠤᠰᠬᠤᠨ ᠢ ᠭᠦᠭᠵᠢᠭᠦᠯᠭᠦ ᠭᠤᠤᠯ ᠠᠰᠠᠭᠤᠳᠠᠯ ᠪᠤᠯ ᠠᠵᠤ ᠦᠢᠯᠡᠰ ᠤᠨ ᠭᠦᠭᠵᠢᠯᠳᠠ ᠪᠤᠯᠤᠨ᠎ᠠ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢ ᠭᠦᠳᠡᠭᠡ ᠲᠤᠰᠬᠤᠨ ᠤ ᠭᠦᠭᠵᠢᠯᠳᠠ᠂ ᠰᠤᠶᠤᠯ ᠵᠤᠭᠠᠴᠠᠯ ᠲᠠᠢ ᠨᠢᠭᠡᠳᠤᠯᠳᠠᠢ ᠲᠦᠯᠦᠪᠵᠢᠭᠦᠯᠵᠤ᠂ ︽ᠨᠢᠭᠡ ᠭᠠᠴᠠᠭ᠎ᠠ ᠲᠤᠰᠬᠤᠨ ᠳᠤ ᠨᠢᠭᠡ ᠨᠠᠷᠡᠳᠦ ᠲᠡᠮᠳᠡᠭᠳᠦ ᠲᠠᠢ ᠪᠠᠶᠢᠬᠤ︾ ᠦᠪᠡᠷᠮᠢᠴᠠ ᠠᠵᠤ ᠦᠢᠯᠡᠰ ᠢ ᠶᠡᠭᠡ ᠪᠠᠷ ᠭᠦᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠤᠬᠳᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠮᠠᠯᠴᠢᠨ ᠲᠠᠷᠢᠶᠠᠴᠢᠨ ᠪᠠ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠳᠤ ᠲᠤᠬᠳᠠᠴᠠ ᠶᠢ ᠪᠠᠶᠢᠭᠤᠯᠤᠨ᠂ ᠮᠠᠯᠴᠢᠨ ᠲᠠᠷᠢᠶᠠᠴᠢᠳ ᠢ ᠬᠠᠪᠰᠤᠷᠤᠨ ᠪᠤᠷᠤᠯᠠᠭᠤᠯᠭ᠎ᠠ ᠶᠢᠨ ᠵᠠᠮ ᠮᠦᠷ ᠢ ᠦᠷᠭᠡᠳᠭᠡᠵᠤ᠂ ᠠᠵᠤ ᠦᠢᠯᠡᠰ ᠤᠨ ᠭᠦᠭᠵᠢᠯᠳᠠ ᠪᠠᠷ ᠭᠦᠳᠡᠭᠡ ᠲᠤᠰᠬᠤᠨ ᠢ ᠭᠦᠭᠵᠢᠭᠦᠯᠭᠦ ᠶᠢ ᠠᠭᠢᠭᠤᠯᠬᠤ ᠭᠡᠷᠡᠭᠳᠡᠢ ᠭᠡᠵᠤ ᠵᠢᠭᠠᠵᠤ ᠭᠠᠷᠭᠠᠪᠠ᠃            ᠲᠠᠯᠠᠳ ᠬᠤᠰᠢᠭᠤᠨ ᠤ ᠪᠠᠷᠠᠭᠤᠨ ᠯᠢᠦ ᠭᠸᠦ ᠭᠦᠨᠳᠡᠢ ᠪᠠ ᠬᠠᠨᠭ᠍ᠭᠢᠨ ᠬᠤᠰᠢᠭᠤᠨ ᠤ ᠬᠠᠨᠭ᠍ᠭᠢᠨᠨᠠᠭᠤᠷ ᠤᠨ ᠦᠶᠠᠷ ᠤᠨ ᠤᠰᠤ ᠶᠢ ᠬᠤᠷᠢᠶᠠᠬᠤ ᠪᠠ ᠳᠠᠳᠠᠷᠠᠭᠤᠯᠬᠤ ᠤᠷᠤᠨ᠂ ᠬᠠᠳᠤᠨ ᠭᠤᠤᠯ ᠤᠨ ᠦᠶᠡᠷ ᠢ ᠰᠡᠷᠬᠡᠶᠢᠯᠡᠬᠦ ᠪᠠᠷᠢᠯᠭ᠎ᠠ ᠶᠢᠨ 208 ᠳᠠᠯᠳᠠ ᠭᠡᠮ ᠲᠠᠢ ᠭᠠᠵᠠᠷ᠂ ᠭᠦᠪᠴᠢ ᠶᠢᠨ ᠤᠰᠤᠨ ᠤ ᠠᠮᠢ ᠠᠬᠤᠢ ᠶᠢ ᠶᠡᠷᠦᠩᠭᠡᠶᠢᠯᠡᠨ ᠵᠠᠰᠠᠬᠤ ᠪᠠᠷᠢᠯᠭ᠎ᠠ ᠶᠢᠨ ᠠᠬᠤᠢ ᠲᠠᠯᠠᠪᠠᠢ ᠳᠤ᠂ ᠯᠢ ᠯᠢ ᠬᠠᠳᠤᠨ ᠭᠤᠤᠯ ᠲᠠᠭᠠᠤ ᠤᠰᠤ ᠲᠠᠳᠠᠷᠠᠭᠤᠯᠬᠤ ᠤᠰᠤ ᠭᠠᠳᠠᠬᠰᠢᠯᠠᠭᠤᠯᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ᠂ ᠠᠶᠤᠯ ᠲᠠᠢ ᠭᠡᠰᠡᠭ ᠢ ᠪᠠᠭᠢᠵᠢᠭᠦᠯᠭᠦ ᠪᠠᠷᠢᠯᠭ᠎ᠠ᠂ ᠭᠤᠤᠯ ᠲᠠᠭᠠᠤ ᠶᠡᠷᠦᠩᠭᠡᠶᠢᠯᠡᠨ ᠵᠠᠰᠠᠬᠤ ᠠᠵᠢᠯ ᠵᠡᠷᠭᠡ ᠪᠠᠶᠢᠳᠠᠯ ᠢ ᠨᠠᠷᠢᠨ ᠨᠢᠮᠪᠠᠢ ᠤᠢᠢᠯᠠᠭᠠᠪᠠ᠃ ᠲᠡᠷᠠ ᠠᠭᠤᠯᠠ ᠤᠰᠤ ᠤᠢ ᠮᠤᠳᠤ ᠲᠠᠷᠢᠶᠠᠨ ᠭᠠᠵᠠᠷ ᠨᠠᠭᠤᠷ ᠴᠦᠭᠦᠷᠤᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠶᠡᠷᠦᠩᠭᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠤᠭ ᠡᠭᠢ ᠠᠴᠠ ᠨᠢ ᠵᠠᠰᠠᠬᠤ ᠶᠢ ᠨᠢᠭᠡᠳᠤᠯᠳᠠᠢ ᠲᠦᠯᠦᠪᠵᠢᠭᠦᠯᠦᠨ ᠠᠭᠢᠭᠤᠯᠵᠤ᠂ ᠬᠠᠳᠤᠨ ᠭᠤᠤᠯ ᠳᠤ ᠤᠷᠤᠬᠤ ᠡᠯᠡᠰᠦ ᠰᠢᠪᠠᠷ ᠢ ᠪᠠᠭᠠᠰᠬᠠᠬᠤ ᠶᠢ ᠵᠠᠰᠠᠯᠳᠠ ᠶᠢᠨ ᠠᠵᠢᠯ ᠤᠨ ᠭᠤᠤᠯᠳᠠᠯᠭ᠎ᠠ ᠪᠤᠯᠭᠠᠵᠤ᠂ ᠡᠯᠡᠰᠦ ᠮᠠᠩᠬ ᠎ᠠ ᠶᠢ ᠰᠡᠷᠭᠡᠶᠢᠯᠡᠨ ᠡᠯᠡᠰᠦ ᠮᠠᠩᠬ᠎ᠠ ᠶᠢ ᠵᠠᠰᠠᠬᠤ ᠶᠢ ᠠᠮᠢ ᠠᠬᠤᠢ ᠶᠢ ᠰᠡᠷᠭᠦᠭᠡᠨ᠂ ᠠᠵᠤ ᠦᠢᠯᠡᠰ ᠢ ᠭᠦᠭᠵᠢᠭᠦᠯᠭᠦ ᠲᠠᠢ ᠤᠶᠠᠯᠳᠤᠭᠤᠯᠵᠤ᠂ ᠬᠠᠳᠤᠨ ᠭᠤᠤᠯ ᠲᠠᠭᠠᠤ ᠠᠮᠢ ᠠᠬᠤᠢ ᠶᠢᠨ ᠵᠠᠰᠠᠯᠳᠠ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ᠂ ᠲᠠᠷᠢᠶᠠᠯᠠᠩ ᠤᠨ ᠪᠤᠭᠢᠷᠳᠤᠯ ᠤᠨ ᠵᠠᠰᠠᠯᠳᠠ ᠵᠢᠴᠢ ᠠᠷᠪᠠᠨ ᠶᠡᠭᠡ ᠭᠦᠨᠳᠡᠢ ᠶᠢᠨ ᠶᠡᠷᠦᠩᠭᠡᠶᠢᠯᠡᠭᠰᠡᠨ ᠵᠠᠰᠠᠯᠳᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠤᠯᠳᠠᠢ ᠲᠦᠯᠦᠪᠵᠢᠭᠦᠯᠦᠨ ᠰᠠᠶᠢᠳᠤᠷ ᠠᠳᠬᠤᠵᠤ᠂ ᠬᠠᠳᠤᠨ ᠭᠤᠤᠯ ᠤᠨ ᠤᠰᠤᠨ ᠤ ᠡᠭᠢ ᠪᠠᠶᠠᠯᠢᠭ ᠢ ᠠᠰᠢᠬᠯᠠᠬᠤ ᠠᠰᠢᠬᠯᠠᠮᠵᠢ ᠪᠠ ᠤᠰᠤᠨ ᠤ ᠤᠷᠤᠨ ᠪᠦ᠋ᠰᠡ ᠶᠢᠨ ᠠᠮᠢ ᠠᠬᠤᠢ ᠤᠷᠴᠢᠨ ᠲᠤᠭᠤᠷᠢᠨ ᠤ ᠴᠢᠨᠠᠷᠵᠢᠯ ᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠪᠤᠭᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠵᠤ᠂ ᠬᠠᠳᠤᠨ ᠭᠤᠤᠯ ᠢ ᠠᠷᠠᠳ ᠲᠦᠮᠠᠨ ᠳᠤ ᠵᠤᠯ ᠵᠢᠷᠭᠠᠯ ᠡᠳ᠋ᠯᠡᠬᠦᠯᠬᠦ ᠵᠢᠷᠭᠠᠯ ᠤᠨ ᠭᠤᠤᠯ ᠪᠤᠯᠭᠠᠬᠤ ᠭᠡᠷᠡᠭᠳᠡᠢ ᠭᠡᠵᠤ ᠴᠢᠬᠤᠯᠠᠴᠢᠯᠠᠪᠠ᠃                ᠭᠦᠭᠡᠮᠤᠳᠤ ᠪᠠᠯᠭᠠᠰᠤᠨ ᠤ ᠳ᠋ᠠ ᠲᠤᠤ ᠽᠢ ᠲᠤᠰᠬᠤᠨ ᠪᠤᠯ ᠬᠠᠳᠤᠨ ᠭᠤᠤᠯ ᠤᠨ ᠬᠤᠶᠢᠳᠤ ᠡᠷᠭᠢ ᠳᠤ ᠪᠠᠶᠢᠷᠢᠯᠠᠵᠤ ᠪᠠᠶᠢᠭ᠎ᠠ ᠮᠦᠷᠳᠡᠭᠡᠨ ᠬᠠᠳᠤᠨ ᠭᠤᠤᠯ ᠤᠨ ᠲᠠᠩ ᠤᠨ ᠤᠷᠤᠨ ᠳᠤ ᠪᠠᠶᠢᠷᠢᠯᠠᠵᠤ ᠪᠠᠶᠢᠭ᠎ᠠ ᠮᠠᠨ ᠤ ᠬᠤᠳᠠ ᠶᠢᠨ ᠴᠤᠷ ᠤᠨ ᠭᠠᠭᠴᠠ ᠵᠠᠰᠠᠭ ᠵᠠᠭᠢᠷᠭᠠᠨ ᠤ ᠲᠤᠰᠬᠤᠨ ᠪᠤᠯᠤᠨ᠎ᠠ᠂ ᠯᠢ ᠯᠢ ᠳ᠋ᠠ ᠲᠤᠤ ᠽᠢ ᠲᠤᠰᠬᠤᠨ ᠳᠤ ᠭᠦᠷᠴᠦ ᠲᠤᠰᠬᠤᠨ ᠤ ᠠᠷᠠᠳ ᠤᠨ ᠠᠮᠢᠳᠤᠷᠠᠯ ᠤᠨ ᠪᠠᠶᠢᠳᠠᠯ ᠵᠢᠴᠢ ᠬᠠᠳᠤᠨ ᠭᠤᠤᠯ ᠤᠨ ᠦᠶᠠᠷ ᠢ ᠰᠡᠷᠭᠡᠶᠢᠯᠡᠭᠦ ᠪᠠᠷᠢᠯᠭ᠎ᠠ᠂ ᠠᠶᠤᠯ ᠲᠠᠢ ᠭᠠᠵᠠᠷ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠪᠡ᠃ ᠲᠡᠷᠠ ᠤᠯᠤᠰ ᠤᠨ ᠬᠤᠯᠪᠤᠬᠳᠠᠯ ᠪᠦᠭᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠷᠢᠨ ᠭᠢᠨᠠᠮᠠᠭᠠᠢ ᠰᠤᠳᠤᠯᠵᠤ᠂ ᠤᠯᠠᠨ ᠲᠦᠮᠠᠨ ᠤ ᠲᠤᠰ ᠪᠡᠶ᠎ᠠ ᠶᠢᠨ ᠠᠰᠢᠭ ᠲᠤᠰᠠ ᠶᠢ ᠭᠦᠢᠴᠡᠳ ᠪᠤᠳᠤᠯᠭᠢᠯᠠᠨ᠂ ᠰᠢᠨᠵᠢᠯᠡᠭᠦ ᠤᠬᠠᠭᠠᠨᠴᠢ ᠪᠠᠷ ᠨᠤᠳᠠᠯᠠᠯᠳᠠ ᠭᠢᠵᠤ᠂ ᠵᠦᠢ ᠵᠤᠭᠢᠰᠳᠠᠢ ᠲᠦᠯᠦᠪᠵᠢᠭᠦᠯᠦᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠲᠤᠬᠳᠠᠭᠠᠵᠤ᠂ ᠲᠠᠩ ᠤᠨ ᠤᠷᠤᠨ ᠤ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠭᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠭᠢᠵᠤ᠂ ᠬᠠᠳᠤᠨ ᠭᠤᠤᠯ ᠤᠨ ᠠᠮᠤᠷ ᠲᠦᠪᠰᠢᠨ᠂ ᠠᠷᠠᠳ ᠤᠯᠠᠨ ᠤ ᠠᠮᠤᠷ ᠳᠦᠪᠰᠢᠨ ᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ