ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠤᠨ᠂ ᠣᠶᠢᠷ᠎ᠠ ᠶᠢᠨ ᠡᠳᠦᠷ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠦᠨᠡᠯᠡᠬᠦ ᠶᠢ ᠣᠭᠳᠣᠬᠤ ᠠᠵᠢᠯ ᠳᠤ ᠳ᠋ᠦᠩᠨᠡᠯᠳᠡ ᠬᠢᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠷᠠᠭᠠᠴᠢ ᠶᠢᠨ ᠠᠯᠬᠤᠮ ᠤᠨ ᠠᠵᠢᠯ ᠢ ᠳᠣᠬᠢᠷᠠᠭᠤᠯᠪᠠ
ᠨᠡᠶᠢᠲᠡᠯᠡᠭᠰᠡᠨ ᠴᠠᠭ᠄
2021/9/8
  1.jpg
          9 ᠰᠠᠷ᠎ᠠ ᠶᠢᠨ 7 ᠤ ᠡᠳᠦᠷ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠤᠨ᠂ ᠣᠶᠢᠷ᠎ᠠ ᠶᠢᠨ ᠡᠳᠦᠷ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠦᠨᠡᠯᠡᠬᠦ ᠶᠢ ᠣᠭᠳᠣᠬᠤ ᠠᠵᠢᠯ ᠳᠤ ᠳ᠋ᠦᠩᠨᠡᠯᠳᠡ ᠬᠢᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠷᠠᠭᠠᠴᠢ ᠶᠢᠨ ᠠᠯᠬᠤᠮ ᠤᠨ ᠠᠵᠢᠯ ᠢ ᠳᠣᠬᠢᠷᠠᠭᠤᠯᠪᠠ᠃ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠦᠨᠡᠯᠡᠬᠦ ᠠᠵᠢᠯ ᠢ ᠣᠭᠳᠣᠬᠤ ᠵᠡᠷᠭᠡ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠦᠨᠡᠯᠡᠬᠦ ᠶᠢ ᠣᠭᠳᠣᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢᠨ᠎ᠡ ᠶᠢ ᠡᠭᠦᠳᠴᠦ ᠲᠤᠤᠷᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠢ ᠵᠠᠪᠰᠠᠷ ᠦᠬᠡᠢ ᠬᠢᠨᠠᠨ ᠡᠵᠡᠮᠰᠢᠬᠦ ᠬᠠᠮᠢᠶᠠᠷᠤᠯᠲᠠ ᠶᠢ ᠪᠠᠶᠡᠯᠡᠭᠦᠯᠦᠨ᠂ ᠬᠤᠳᠠ ᠶᠢᠨ ᠲᠣᠭᠤᠷᠢᠭ ᠤᠨ ᠲᠡᠷᠭᠡ ᠵᠤᠭᠰᠤᠭᠠᠬᠤ ᠡᠮᠬᠢ ᠳᠢᠭᠯᠢᠮ ᠢ ᠵᠢᠷᠤᠮᠵᠢᠭᠤᠯᠵᠤ᠂ ᠳᠣᠰᠬᠠᠶᠢᠯᠠᠨ ᠴᠡᠭᠴᠡᠯᠡᠨ ᠵᠠᠰᠠᠬᠤ ᠪᠠ ᠪᠠᠶᠢᠩᠭᠤ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠳᠠᠯᠠᠨ᠂ ᠱᠠᠳᠤ ᠦᠶ᠎ᠡ ᠶᠢᠨ ᠦᠷ᠎ᠡ ᠪᠦᠲᠦᠮᠵᠢ ᠤᠯᠪᠠ᠃ ᠪᠠᠷᠢᠯᠭ᠎ᠠ ᠶᠢᠨ ᠭᠠᠵᠠᠷ ᠤᠨ ᠬᠦᠷᠢᠶ᠎ᠡ ᠬᠠᠰᠢᠶ᠎ᠠ ᠶᠢ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ ᠪᠤᠶᠤ ᠨᠤᠷᠠᠭᠠᠬᠤ᠂ ᠪᠠᠷᠢᠯᠭ᠎ᠠ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ᠂ ᠳᠤᠷ᠎ᠠ ᠪᠠᠷ ᠢᠶᠠᠨ ᠪᠠᠷᠢᠭᠰᠠᠨ  ᠪᠠᠷᠢᠯᠭ᠎ᠠ᠂ ᠳᠠᠭᠤ ᠱᠤᠤᠭᠢᠶᠠᠨ ᠤ ᠪᠣᠬᠢᠷᠲᠤᠯ ᠢ ᠴᠡᠭᠴᠡᠯᠡᠨ ᠵᠠᠰᠠᠬᠤ᠂ ᠲᠡᠨᠦᠭᠦᠯ ᠨᠣᠬᠠᠶ ᠶᠢ ᠪᠠᠷᠢᠬᠤ᠂ ᠲᠣᠭᠲᠠᠭᠠᠯ ᠠᠴᠠ ᠵᠥᠷᠢᠴᠡᠭᠰᠡᠨ ᠬᠡᠷ ᠤᠨ ᠭᠠᠳᠠᠨᠠᠬᠢ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ ᠨᠤᠷᠠᠭᠠᠬᠤ᠂  ᠮᠠᠰᠢᠨ ᠳᠡᠷᠭᠡ ᠪᠠ ᠮᠠᠰᠢᠨᠲᠤ ᠪᠤᠰᠤ ᠲᠡᠷᠭᠡᠨ ᠤ ᠳᠡᠷᠭᠡᠨ ᠵᠤᠭᠰᠤᠭᠠᠯ ᠨᠡᠮᠡᠵᠤ ᠵᠢᠷᠤᠬᠤ᠂ ᠡᠷᠳᠡ ᠣᠷᠣᠢ ᠶᠢᠨ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠵᠡᠷᠭᠡ ᠠᠵᠢᠯ ᠢ ᠥᠷᠨᠢᠭᠦᠯᠦᠨ᠂ ᠬᠤᠳᠠ ᠶᠢᠨ ᠠᠷᠠᠳ ᠤᠨ ᠠᠮᠢᠳᠣᠷᠠᠯ ᠤᠨ ᠳᠣᠮᠳᠠᠬᠢ ᠡᠳᠦᠷ ᠳᠣᠳᠣᠮ ᠤᠨ ᠬᠡᠷᠡᠭᠴᠡᠭᠡ ᠶᠢ ᠬᠠᠩᠭᠠᠪᠠ᠃       ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠨ ᠪᠠᠳᠠᠷᠠᠭᠤᠯᠤᠨ᠂ ᠪᠣᠯᠪᠠᠰᠤᠨ ᠬᠤᠲᠠ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠵᠤ᠂ ᠵᠣᠯ ᠵᠢᠷᠭᠠᠯᠲᠤ ᠬᠢᠶ᠎ᠠ ᠪᠠᠭᠰᠢ ᠶᠢ ᠪᠥᠲᠥᠭᠡᠨ ᠪᠠᠶᠢᠭᠤᠯᠬᠤ ᠳᠤ ᠬᠦᠴᠦ ᠴᠢᠳᠠᠯ ᠢᠶᠠᠨ ᠡᠷᠭᠦᠨ᠎ᠡ᠃
ᠢᠷᠡᠯᠲᠡ᠄ ᠳᠣᠰ ᠰᠦᠯᠵᠢᠶ᠎ᠡ