ᠬᠢᠶ᠎ᠠ ᠪᠠᠭᠰᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/1/12
        ᠨᠢᠭᠡ᠂ ᠤᠳᠤᠷᠢᠳᠬᠤ ᠪᠠᠭ          ᠱᠠᠩ ᡁᠢ ᠭᠠᠩ          ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ          ᠰᠦᠨ ᠭᠠᠩ            ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ          ᠲᠠᠩ ᠮᠧᠩ ᠯᠢ          ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ          ᠯᠢᠦ  ᠭᠦᠢ ᠯᠢᠩ        ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ                 ᠬᠤᠶᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠣᠨ᠎ᠠ᠃              ᠭᠤᠷᠪᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠨᠠᠮ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠪᠦᠬᠦ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠢᠨᠵᠢᠯᠡᠬᠦ ᠶᠢ ᠬᠠᠷᠢᠭᠤᠴᠠᠵᠤ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ᠃         ︵ᠬᠤᠶᠠᠷ︶ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ  ᠰᠢᠢᠳᠪᠦᠷᠢᠯᠡᠨ᠎ᠡ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃             ︵ᠭᠤᠷᠪᠠ︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠦᠷᠢᠯᠡᠬᠦᠯᠵᠦ᠂ ᠰᠢᠯᠵᠢᠭᠦᠯᠦᠨ ᠰᠢᠢᠳᠪᠦᠷᠢᠯᠡᠭᠦᠯᠦᠭᠰᠡᠨ ᠵᠦᠢᠯᠡᠰ ᠤᠨ  ᠰᠢᠢᠳᠪᠦᠷᠢᠯᠡᠬᠦ  ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠰᠢᠪᠠᠳᠠᠨ ᠪᠠᠶᠢᠴᠠᠭᠠᠨ᠂ ᠠᠵᠢᠯ ᠢᠶᠠᠨ ᠰᠠᠶᠢᠵᠢᠷᠠᠭᠤᠯᠬᠤ᠂ ᠳᠦᠷᠢᠮ ᠢ ᠲᠡᠭᠦᠯᠳᠡᠷᠵᠢᠭᠦᠯᠬᠦ᠂ ᠰᠢᠳᠭᠡᠯ ᠥᠭᠬᠦ ᠵᠡᠷᠭᠡ ᠰᠠᠨᠠᠭᠤᠯᠭ᠎ᠠ ᠳᠣᠷᠠᠳᠬᠤ ᠶᠢ ᠬᠠᠷᠢᠭᠤᠴᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠣᠨ ᠰᠢᠪᠠᠳᠠᠨ ᠰᠢᠢᠳᠪᠦᠷᠢᠯᠡᠭᠦᠯᠦᠨ᠎ᠡ᠃         ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠦᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃          ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠣᠨ᠎ᠠ᠃          ︵ᠵᠢᠷᠭᠤᠭ᠎ᠠ︶ ᠬᠢᠶ᠎ᠠ ᠪᠠᠭᠰᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠢᠶ᠎ᠠ ᠪᠠᠭᠰᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ  ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃          ︵ᠳᠣᠯᠤᠭ᠎ᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠶᠢ ᠵᠣᠬᠢᠴᠠᠭᠤᠯᠤᠨ᠎ᠠ᠃          ︵ᠨᠠᠢᠮᠠ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠢ ᠪᠡᠶᠡᠯᠡᠭᠦᠯᠦᠨ᠎ᠡ᠃              ᠳᠥᠷᠪᠡ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄           ︵ᠨᠢᠭᠡ︶ ᠶᠡᠷᠦᠩᠬᠡᠶᠢᠯᠡᠭᠰᠡᠨ ᠠᠯᠪᠠᠨ ᠭᠡᠷ           ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠤᠬᠠᠭᠤᠯᠬᠤ ᠵᠡᠷᠭᠡ ᠠᠵᠢᠯ ᠢ ᠡᠭᠦᠷᠭᠡᠯᠡᠨ᠎ᠡ᠃ ᠬᠡᠷᠡᠭ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠢ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃  ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃           ︵ᠬᠤᠶᠠᠷ︶ ᠲᠤᠬᠠᠶᠢᠯᠠᠭᠰᠠᠨ ᠠᠵᠢᠯ ᠤᠨ ᠠᠯᠪᠠᠨ ᠭᠡᠷ           ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠰᠤᠷᠪᠤᠯᠵᠢᠯᠠᠭ᠎ᠠ᠂ ᠵᠠᠬᠢᠳᠠᠯ ᠪᠠ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠪᠥᠬᠦ ᠲᠣᠭᠤᠷᠢᠭ ᠤᠨ ᠣᠯᠠᠨ ᠲᠦᠮᠡᠨ ᠤ ᠠᠵᠢᠯ ᠤᠨ ᠪᠠᠶᠢᠴᠠᠭᠠᠨ ᠰᠤᠳᠤᠯᠤᠯᠲᠠ᠂ ᠲᠤᠷᠰᠢᠯᠭ᠎ᠠ ᠶᠢ ᠳᠡᠯᠭᠡᠷᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠤᠯᠠᠨ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ᠂ ᠰᠤᠳᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠦᠯᠢᠶᠡᠨ ᠠᠪᠬᠤ ᠲᠠᠯᠠᠪᠤᠷ ᠤᠨ ᠪᠤᠰᠤ ᠵᠠᠬᠢᠳᠠᠯ ᠰᠤᠷᠪᠤᠯᠵᠢᠯᠠᠭ᠎ᠠ ᠬᠢᠭᠰᠡᠳ ᠢ ᠢᠳᠬᠠᠨ ᠪᠤᠴᠠᠭᠠᠯᠭᠠᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠪᠡᠭᠡᠵᠢᠩ᠂ ᠥᠪᠡᠷᠲᠡᠭᠡᠨ ᠵᠠᠰᠠᠬᠤ ᠣᠷᠣᠨ᠂ ᠬᠤᠲᠠ ᠳᠤ ᠣᠴᠢᠵᠦ ᠬᠡᠪ ᠤᠨ ᠪᠤᠰᠤ ᠪᠠᠷ ᠳᠡᠭᠡᠭᠰᠢ ᠰᠤᠷᠪᠤᠯᠵᠢᠯᠠᠬᠤ ᠵᠦᠢᠯᠡᠰ ᠪᠠ ᠴᠢᠬᠤᠯᠠ ᠶᠡᠭᠡ ᠬᠠᠮᠲᠤᠯᠢᠭ ᠤᠨ ᠴᠢᠨᠠᠷᠲᠠᠶ ᠳᠡᠭᠡᠭᠰᠢ ᠰᠤᠷᠪᠤᠯᠵᠢᠯᠠᠬᠤ ᠵᠦᠢᠯᠡᠰ ᠢ ᠰᠢᠮᠳᠠᠭᠤᠯᠤᠨ ᠪᠠᠶᠢᠴᠠᠭᠠᠬᠤ ᠪᠠ ᠪᠠᠶᠢᠳᠠᠯ ᠢ ᠮᠡᠳᠡᠭᠡᠯᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠤᠳᠤᠷᠢᠳᠬᠤ ᠨᠥᠬᠦᠳ ᠠᠴᠠ ᠡᠷᠬᠢᠯᠡᠬᠦ ᠶᠢ ᠵᠦᠪᠰᠢᠶᠡᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ᠂ ᠰᠢᠪᠠᠳᠠᠨ ᠪᠠᠶᠢᠴᠠᠭᠠᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠪᠠᠳᠠᠨ ᠪᠠᠶᠢᠴᠠᠭᠠᠵᠤ ᠰᠢᠢᠳᠪᠦᠷᠢᠯᠡᠨ᠎ᠡ᠃ ᠣᠨᠴᠠᠭᠠᠶ ᠲᠦᠪᠡᠭᠲᠡᠶ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠡᠯᠡ ᠮᠥᠩᠭᠦ ᠶᠢ ᠮᠡᠳᠡᠭᠦᠯᠬᠦ᠂ ᠬᠡᠷᠡᠭᠯᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢ ᠬᠠᠷᠢᠭᠤᠴᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢᠶᠠᠨ ᠰᠠᠶᠢᠵᠢᠷᠠᠭᠤᠯᠬᠤ ᠪᠠ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠶᠢ ᠬᠠᠷᠢᠭᠤᠴᠠᠨ᠎ᠠ᠃               ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠲᠣᠮᠣ ᠠᠰᠠᠷ ᠤᠨ 2 ᠳ᠋ᠤᠭᠠᠷ ᠠᠰᠠᠷ           ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ    9᠄ 00 — 12᠄ 00                                                    ᠦᠳᠡ ᠶᠢᠨ ᠬᠤᠶᠢᠨᠠᠬᠢ 14᠄ 00 — 17᠄ 30                ᠬᠠᠷᠢᠯᠴᠠᠬᠤ ᠤᠲᠠᠰᠤ᠄ 0477 — 8580883 
ᠢᠷᠡᠯᠲᠡ᠄ ᠲᠣᠰ ᠰᠥᠯᠵᠢᠶ᠎ᠡ