︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ》 ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/1/6
1.jpg
          ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ︖ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠥᠳᠠᠯ ᠤᠨ ᠳᠣᠪᠴᠢᠶᠠᠨ ᠤ ᠳᠠᠷᠤᠭ᠎ᠠ ᠸᠠᠩ ᠱᠣᠤ ᠰᠢᠦᠢ ᠶᠢ ᠤᠷᠢᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠯᠭᠡᠨ᠎ᠡ᠃ ᠸᠠᠩ ᠲᠣᠪᠴᠢᠶᠠᠨ ᠳᠠᠷᠤᠭ᠎ᠠ ᠲᠠ  ᠰᠠᠶᠢᠨ ᠤᠤ︕          ᠸᠠᠩ ᠱᠣᠣ ᠰᠢᠤᠢ᠄ ᠰᠦᠯᠵᠢᠶᠡᠨ ᠤ ᠠᠨᠳᠠ ᠨᠠᠷ᠂ ᠰᠠᠶᠢᠨ ᠪᠠᠶᠢᠨ᠎ᠠ ᠤᠤ︕  ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃              ᠬᠥᠲᠥᠯᠥᠭᠴᠢ᠄ ᠣᠳᠣᠬᠠᠨ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠶᠠᠭ ᠭᠦᠨᠵᠡᠭᠡᠶ ᠳᠥᠯᠭᠢᠨ ᠠᠬᠢᠭᠤᠯᠵᠤ ᠪᠠᠶᠢᠨ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠠᠲᠤᠯᠠᠬᠤ ᠬᠠᠤᠯᠢ ᠶᠢ ᠲᠣᠭᠲᠠᠭᠠᠬᠤ ᠨᠢ ᠶᠠᠮᠠᠷ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠣᠶ︖           ᠸᠠᠩ ᠱᠣᠣ ᠰᠢᠤᠢ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ ᠶᠢ ᠲᠣᠭᠲᠠᠭᠠᠬᠤ ᠶᠢᠨ ᠴᠢᠬᠤᠯᠠ ᠴᠢᠨᠠᠷ ᠪᠠ ᠴᠢᠬᠤᠯᠠ ᠠᠴᠢ ᠬᠤᠯᠪᠣᠭᠳᠠᠯ ᠨᠢ ᠭᠤᠤᠯᠳᠠᠭᠤ ᠳᠥᠷᠪᠡᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ︔ ᠬᠤᠶᠠᠷ ᠲᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ︔ ᠭᠤᠷᠪᠠ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠵᠤ᠂ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ  ᠶᠢᠨ ᠲᠦᠷᠢᠮ ᠤᠨ ᠰᠢᠰᠲ᠋ᠧᠮ ᠢ ᠰᠢᠰᠲ᠋ᠧᠮ ᠲᠠᠢ ᠪᠠᠶᠢᠭᠤᠯᠬᠤ ᠶᠢᠨ ᠬᠦᠴᠦᠲᠡᠢ  ᠲᠤᠯᠭᠠᠭᠤᠷᠢ︔ ᠲᠦᠷᠪᠡ ᠳᠤ᠂ ᠨᠠᠮ ᠪᠣᠯᠤᠨ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠵᠣᠬᠢᠴᠠᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠩᠭᠠᠳᠬᠠᠬᠤ ᠪᠤᠰᠤᠳᠴᠢ ᠬᠡᠷᠡᠭᠴᠡᠭᠡ᠃          ᠬᠥᠲᠥᠯᠥᠭᠴᠢ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ ᠳᠤ ᠶᠠᠮᠠᠷ ᠶᠠᠮᠠᠷ ᠭᠤᠤᠯ ᠠᠭᠤᠯᠭ᠎ᠠ ᠪᠠᠶᠢᠬᠤ ᠪᠣᠶ︖          ᠸᠠᠩ ᠱᠣᠣ ᠰᠢᠣᠢ᠄ ᠭᠤᠣᠯ ᠠᠭᠤᠯᠭ᠎ᠠ ᠨᠢ ᠠᠷᠪᠠᠨ ᠨᠢᠭᠡᠨ ᠪᠦᠯᠦᠭ ᠪᠣᠯᠤᠨ᠎ᠠ᠃ ᠨᠢᠭᠡ ᠳᠤ ᠪᠠᠲᠤᠯᠠᠭ᠎ᠠ ᠶᠢᠨ ᠠᠵᠢᠯ ᠤᠨ ᠦᠨᠳᠦᠰᠦᠨ ᠴᠢᠭᠯᠡᠯᠲᠡ᠂ ᠵᠠᠷᠴᠢᠮ ᠪᠠ ᠠᠵᠢᠯ ᠤᠨ ᠪᠠᠶᠢᠭᠤᠯᠤᠯ ᠢ ᠲᠣᠳᠣᠷᠬᠠᠶ ᠪᠤᠯᠭᠠᠬᠤ︔ ᠬᠤᠶᠠᠷ ᠲᠤ ᠰᠢᠯᠵᠢᠭᠦᠯᠦᠨ ᠲᠤᠰᠢᠶᠠᠬᠤ ᠪᠠ ᠭᠥᠯᠢᠶᠡᠨ ᠠᠪᠬᠤ ᠠᠵᠢᠯ ᠤᠨ ᠲᠣᠭᠲᠠᠴᠠ ᠶᠢ  ᠵᠢᠷᠤᠮᠵᠢᠭᠤᠯᠬᠤ︔ ᠭᠤᠷᠪᠠ ᠳᠤ ᠲᠥᠷᠥᠯ ᠬᠤᠪᠢᠶᠠᠨ ᠲᠥᠪᠬᠢᠨᠡᠭᠦᠯᠬᠦ ᠠᠷᠭ᠎ᠠ ᠮᠠᠶ᠋ᠢᠭ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠪᠤᠯᠭᠠᠬᠤ︔ ᠲᠦᠷᠪᠡ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ  ᠲᠦᠭᠦᠷ ᠲᠦᠷᠢᠮ ᠢ ᠳᠡᠭᠦᠯᠳᠡᠷᠵᠢᠭᠦᠯᠭᠦ︔ ᠲᠠᠪᠤ ᠳᠤ ᠬᠥᠮᠦᠵᠢᠯ ᠪᠤᠯᠪᠠᠰᠣᠷᠠᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ︔ ᠵᠢᠷᠭᠤᠭ᠎ᠠ ᠳᠤ᠂ ᠠᠵᠢᠯ ᠣᠯᠭᠤᠬᠤ ᠦᠢᠯᠡᠰ ᠪᠤᠰᠬᠠᠬᠤ ᠶᠢ ᠲᠡᠳᠬᠦᠬᠦ ᠠᠷᠭ᠎ᠠ ᠬᠡᠮᠵᠢᠶ᠎ᠡ ᠶᠢ ᠳᠡᠭᠦᠯᠳᠡᠷᠵᠢᠭᠦᠯᠭᠦ︔ ᠲᠤᠯᠤᠭ᠎ᠠ ᠳᠤ᠂  ᠬᠠᠷᠠᠭᠠᠯᠵᠠᠬᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ︔ ᠨᠠᠢᠮᠠ ᠳᠤ᠂  ᠰᠠᠶᠢᠰᠢᠶᠠᠨ ᠮᠠᠭᠳᠠᠵᠤ ᠵᠤᠷᠢᠭᠵᠢᠭᠤᠯᠬᠤ ᠳᠦᠷᠢᠮ ᠤᠨ ᠴᠢᠳᠠᠪᠬᠢ ᠶᠢ ᠴᠢᠩᠭᠠᠷᠠᠭᠤᠯᠬᠤ︔ ᠶᠢᠰᠦ ᠳᠤ᠂ ᠦᠢᠯᠡᠴᠢᠯᠡᠭᠡ ᠪᠠᠳᠣᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠬᠤ︔ ᠠᠷᠪᠠ ᠳᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ︔ ᠠᠷᠪᠠᠨ ᠨᠢᠭᠡ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠠᠪᠴᠠᠯᠳᠤᠭᠤᠯᠤᠨ ᠲᠥᠬᠦᠷᠵᠢᠭᠦᠯᠬᠦ ᠠᠵᠢᠯ ᠢ ᠰᠠᠶᠢᠲᠤᠷ ᠬᠢᠬᠦ᠃          ᠬᠥᠲᠥᠯᠥᠭᠴᠢ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ ᠳᠤ  ᠳᠠᠶᠢᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠶᠠᠮᠠᠷ ᠶᠠᠮᠠᠷ ᠣᠨᠴᠠᠭᠠᠶ ᠬᠠᠷᠠᠭᠠᠯᠵᠠᠯ ᠤᠨ ᠠᠷᠭ᠎ᠠ ᠬᠡᠮᠵᠢᠶ᠎ᠡ ᠲᠣᠭᠲᠠᠭᠠᠭᠰᠠᠨ ᠪᠣᠶ︖          ᠸᠠᠩ ᠱᠣᠣ ᠰᠢᠤᠢ᠄ ᠳᠠᠶᠢᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠳᠠᠶᠢᠨ᠂ ᠠᠯᠪᠠᠨ ᠶᠠᠪᠤᠳᠠᠯ᠂ ᠡᠪᠡᠳᠴᠢᠨ ᠠᠴᠠ ᠪᠣᠯᠵᠤ ᠵᠡᠮᠳᠡᠭ ᠪᠣᠯᠤᠭᠰᠠᠨ ᠪᠠ ᠴᠡᠷᠢᠭ ᠤᠨ ᠠᠯᠪᠠ ᠠᠴᠠ ᠬᠠᠯᠠᠭᠳᠠᠭᠰᠠᠨ ᠤ ᠳᠠᠷᠠᠭ᠎ᠠ ᠵᠡᠮᠳᠡᠭ ᠤᠨ ᠳᠡᠰ ᠢ ᠨᠥᠬᠦᠵᠦ ᠦᠨᠡᠯᠡᠭᠰᠡᠨ ᠪᠤᠶᠤ ᠳᠠᠬᠢᠨ ᠰᠢᠨ᠎ᠡ ᠪᠠᠷ ᠦᠨᠡᠯᠡᠨ ᠲᠣᠭᠲᠠᠭᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠤᠯᠢ ᠴᠠᠭᠠᠵᠠ ᠳᠤ ᠲᠣᠭᠲᠠᠭᠠᠭᠰᠠᠨ ᠣᠨᠴᠠᠭᠠᠶ ᠬᠠᠷᠠᠭᠠᠯᠵᠠᠯ ᠤᠨ ᠠᠷᠭ᠎ᠠ ᠬᠡᠮᠵᠢᠶ᠎ᠡ ᠨᠢ ᠭᠤᠣᠯᠳᠠᠭᠤ ᠨᠠᠢᠮᠠᠨ ᠵᠦᠢᠯ ᠪᠤᠶ᠃ ᠨᠢᠭᠡ ᠳᠤ ᠤᠯᠤᠰ ᠠᠴᠠ ᠲᠠᠶᠢᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠣᠨᠴᠠᠭᠠᠶ ᠬᠠᠷᠠᠭᠠᠯᠵᠠᠯ ᠦᠵᠡᠭᠦᠯᠬᠦ ᠲᠣᠭᠲᠠᠴᠠ ᠶᠢ ᠪᠠᠶᠢᠭᠤᠯᠪᠠ︔ ᠬᠤᠶᠠᠷ ᠲᠤ ᠲᠠᠶᠢᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠤᠷᠳᠤ ᠬᠤᠭᠤᠴᠠᠭ᠎ᠠ ᠪᠠᠷ ᠪᠡᠷᠬᠡ ᠬᠠᠲᠠᠭᠤᠵᠢᠯᠲᠠᠢ ᠬᠢᠯᠢ ᠬᠢᠵᠠᠭᠠᠷ ᠣᠷᠣᠨ ᠪᠤᠶᠤ ᠣᠨᠴᠠᠭᠠᠢ ᠠᠵᠢᠯ ᠤᠨ ᠪᠠᠶᠢᠷᠢ ᠳᠤ ᠠᠯᠪᠠ ᠬᠠᠭᠠᠵᠤ ᠪᠠᠶᠢᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠷᠢᠳᠠᠪᠠᠷ ᠲᠥᠪᠬᠢᠨᠡᠭᠦᠯᠵᠦ᠂ ᠲᠡᠭᠦᠨ ᠤ ᠲᠠᠭᠠᠵᠤ ᠨᠡᠭᠦᠭᠰᠡᠨ ᠬᠡᠦᠬᠡᠳ ᠤᠨ ᠰᠤᠷᠭᠠᠭᠤᠯᠢ ᠰᠢᠯᠵᠢᠬᠦ᠂ ᠰᠤᠷᠭᠠᠭᠤᠯᠢ ᠳᠤ ᠣᠷᠣᠬᠤ ᠶᠢ ᠤᠷᠢᠳᠠᠪᠠᠷ ᠪᠠᠲᠤᠯᠠᠬᠤ᠂ ᠲᠠᠶᠢᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠬᠤᠶᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠬᠦᠷᠳᠡᠭᠰᠡᠨ᠂ ᠮᠤᠵᠢ ᠶᠠᠮᠤᠨ ᠤ ᠲᠡᠰ ᠤᠨ ᠪᠤᠶᠤ ᠪᠠᠶᠢᠯᠳᠤᠭᠠᠨ ᠤ ᠲᠣᠭᠤᠷᠢᠭ ᠤᠨ ᠲᠡᠰ ᠠᠴᠠ ᠳᠡᠭᠡᠭᠰᠢᠬᠢ ᠬᠥᠬᠢᠭᠦᠯᠦᠯ ᠢ ᠬᠦᠷᠳᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠣᠷᠣᠨ ᠨᠤᠲᠤᠭ ᠤᠨ ᠣᠶᠢᠯᠠᠯᠭ᠎ᠠ ᠳᠤ ᠣᠷᠣᠭᠤᠯᠤᠨ᠎ᠠ︔ ᠭᠤᠷᠪᠠ ᠳᠤ ᠠᠰᠠᠷᠠᠨ ᠲᠡᠵᠢᠭᠡᠵᠦ ᠲᠥᠪᠬᠢᠨᠡᠭᠦᠯᠬᠦ ᠠᠷᠭ᠎ᠠ ᠮᠠᠶ᠋ᠢᠭ ᠢ ᠲᠤᠰᠬᠠᠶᠢᠯᠠᠨ ᠲᠣᠭᠲᠠᠭᠠᠵᠤ᠂ ᠠᠰᠠᠷᠠᠨ ᠲᠡᠵᠢᠭᠡᠬᠦ ᠠᠷᠭ᠎ᠠ ᠮᠠᠶ᠋ᠢᠭ ᠢᠶᠠᠷ ᠲᠥᠪᠬᠢᠨᠡᠭᠦᠯᠦᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠯᠤᠰ ᠠᠴᠠ ᠨᠠᠰᠤᠨ ᠲᠤᠷᠰᠢᠳᠠ ᠠᠰᠠᠷᠠᠨ ᠲᠡᠵᠢᠭᠡᠨ᠎ᠡ︔ ᠲᠦᠷᠪᠡ ᠳᠤ ᠤᠯᠤᠰ ᠠᠴᠠ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠢ ᠵᠠᠷᠯᠢᠭᠳᠠᠬᠤ ᠴᠢᠨᠠᠷᠲᠠᠶ ᠪᠠᠷ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂  ᠭᠦᠯᠢᠶᠠᠨ ᠠᠪᠴᠤ ᠡᠮᠨᠡᠭᠦᠯᠵᠦ ᠠᠮᠠᠷᠠᠭᠤᠯᠬᠤ ᠲᠦᠷᠢᠮ ᠢ ᠪᠠᠶᠢᠭᠤᠯᠪᠠ︔ ᠲᠠᠪᠤ ᠳᠤ᠂ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠤᠯᠬᠤ ᠬᠦᠰᠡᠯ ᠲᠠᠢ ᠪᠠᠶᠢᠪᠠᠯ᠂ ᠤᠯᠤᠰ ᠠᠴᠠ ᠲᠣᠭᠲᠠᠭᠠᠭᠰᠠᠨ ᠵᠡᠮᠳᠡᠭᠴᠦᠳ ᠲᠤ ᠠᠵᠢᠯ ᠣᠯᠭᠤᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠷᠢᠳᠠᠪᠠᠷ ᠡᠳ᠋ᠯᠡᠭᠦᠯᠦᠨ᠎ᠡ︔ ᠵᠢᠷᠭᠤᠭ᠎ᠠ ᠳᠤ ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠠᠶᠢᠯᠳᠤᠭᠠᠨ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠬᠦ ᠬᠡᠷᠡᠭᠲᠡᠶ︔ ᠳᠣᠯᠤᠭ᠎ᠠ ᠳᠤ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠬᠠᠤᠯᠢ ᠶᠣᠰᠣᠭᠠᠷ ᠠᠰᠠᠷᠠᠮᠵᠢ ᠭᠥᠷᠳᠡᠨ᠎ᠡ︔ ᠨᠠᠢᠮᠠ ᠳᠤ᠂ ᠤᠯᠤᠰ ᠠᠴᠠ ᠪᠠᠭᠠᠲᠤᠷᠴᠤᠳ  ᠨᠥᠭᠴᠢᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃          ᠬᠥᠲᠥᠯᠥᠭᠴᠢ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ ᠪᠠᠲᠤᠯᠠᠭᠳᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠪᠠᠲᠤᠯᠠᠬᠤ ᠶᠢᠨ ᠲᠥᠯᠥᠭᠡ ᠶᠠᠮᠠᠷ ᠶᠠᠮᠠᠷ ᠭᠤᠤᠯ ᠠᠵᠢᠯ ᠤᠳ ᠢ ᠬᠢᠬᠦ ᠴᠢᠬᠤᠯᠠᠲᠠᠶ ᠪᠣᠶ︖          ᠸᠠᠩ ᠱᠤᠤ ᠰᠢᠤᠢ᠄ ᠬᠠᠤᠯᠢ ᠴᠠᠭᠠᠵᠠ ᠶᠢᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠤᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠦᠨᠳᠦᠰᠦᠨ ᠵᠠᠷᠴᠢᠮ᠂ ᠭᠤᠣᠯ ᠳᠦᠷᠢᠮ ᠳᠤ ᠲᠣᠭᠲᠠᠭᠠᠯ ᠭᠠᠷᠭᠠᠵᠠᠶ᠂ ᠵᠠᠷᠢᠮ ᠲᠣᠭᠲᠠᠭᠠᠯ ᠨᠢ ᠪᠠᠰᠠ ᠲᠦᠭᠦᠷ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ ᠨᠠᠷᠢᠯᠢᠬᠵᠢᠭᠤᠯᠬᠤ ᠴᠢᠬᠤᠯᠠᠲᠠᠶ ᠪᠠᠶᠢᠨ᠎ᠠ᠃ ᠬᠠᠤᠯᠢ ᠴᠠᠭᠠᠵᠠ ᠶᠢ ᠲᠤᠭᠤᠷᠪᠢᠨ ᠪᠢᠴᠢᠬᠦ ᠪᠠ ᠬᠢᠨᠠᠨ ᠵᠥᠪᠯᠡᠬᠦ ᠶᠠᠪᠤᠴᠠ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠨᠢᠭᠡᠨᠲᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠲᠦᠭᠦᠷ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠲᠣᠭᠲᠠᠭᠠᠬᠤ ᠠᠵᠢᠯ ᠢ ᠪᠠᠴᠢᠮ ᠶᠠᠭᠠᠷᠠᠯᠲᠠᠶ ᠥᠷᠨᠢᠭᠦᠯᠵᠡᠶ᠃
ᠢᠷᠡᠯᠲᠡ᠄ ᠳᠣᠰ ᠰᠦᠯᠵᠢᠶ᠎ᠡ