2022 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2022/1/6
                  2022 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ                                                              — 2021 ᠣᠨ ᠤ 12 ᠰᠠᠷ᠎ᠠ ᠶᠢᠨ 29 ᠤ ᠡᠳᠦᠷ                                    ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ                                     ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ                                    ᠠᠩᠬᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                          ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠠᠷᠤᠭ᠎ᠠ   ᠸᠠᠩ ᠰᠢᠤᠸᠠᠢ ᠹᠧᠩ   ᠲᠥᠯᠥᠭᠡᠯᠡᠭᠴᠢᠳ ᠡ᠄          ᠤᠳᠤ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃          ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠪᠣᠯᠤᠨ 2021 ᠣᠨ ᠤ ᠠᠵᠢᠯ ᠤᠨ ᠡᠷᠭᠢᠴᠡᠭᠦᠯᠦᠯ          ᠲᠤᠰ ᠬᠤᠭᠤᠴᠠᠭᠠᠨ ᠤ ᠵᠠᠰᠠᠭ ᠤᠨ ᠣᠷᠳᠣᠨ 2017 ᠣᠨ ᠤ 12 ᠰᠠᠷ᠎ᠠ ᠠᠴᠠ ᠡᠬᠢᠯᠡᠨ ᠠᠵᠢᠯᠯᠠᠬᠰᠠᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠤᠯᠭᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠤ ᠲᠠᠯᠪᠢᠬᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠶᠢᠨ ᠠᠵᠠ ᠲᠣᠬᠢᠶᠠᠯ ᠢ  ᠡᠵᠡᠮᠳᠡᠨ᠂ ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠴᠣᠭᠴᠠᠯᠠᠵᠤ ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠵᠤ᠂ ᠠᠵᠤ ᠠᠬᠤᠶ ᠨᠡᠶᠢᠭᠡᠮ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠂ ᠬᠤᠲᠠ ᠶᠢᠨ ᠲᠦᠷᠢ ᠲᠦᠷᠬᠦ ᠶᠢ ᠡᠳᠦᠷ ᠠᠴᠠ ᠡᠳᠦᠷ ᠰᠢᠨᠡᠳᠬᠡᠨ᠂  ᠠᠷᠠᠳ ᠤᠨ ᠠᠮᠢᠳᠤᠷᠠᠯ ᠤᠯᠠᠮ ᠭᠤᠶᠤ ᠰᠠᠶᠢᠬᠠᠨ ᠪᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠪᠠ᠃          ᠪᠢᠳᠡ ᠤᠯᠤᠰ ᠲᠦᠷᠦ ᠶᠢᠨ ᠪᠠᠶᠢᠭᠤᠯᠤᠯᠲᠠ ᠶᠢ  ᠴᠢᠩᠭ᠎ᠠ ᠠᠳᠬᠤᠵᠤ᠂ ᠵᠢᠱᠢᠶᠡᠴᠢ ᠲᠦᠷᠢ ᠲᠥᠷᠬᠦ ᠪᠠᠨ ᠭᠦᠢᠴᠡᠳ ᠢᠯᠡᠷᠡᠭᠦᠯᠪᠡ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠤᠨ ᠪᠠᠶᠢᠩᠭᠤ ᠶᠢᠨ ᠬᠤᠷᠠᠯ ᠤᠨ ︽ᠨᠢᠭᠡᠳᠦᠭᠡᠷ ᠵᠥᠪᠯᠡᠬᠦ ᠵᠦᠢᠯ︾ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠠᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠴᠢᠩᠭᠠᠳᠬᠠᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠢᠮᠠᠭᠲᠠ ᠡᠮᠤᠨ᠎ᠡ ᠨᠢ ᠶᠠᠪᠤᠪᠠ︔ ᠠᠮᠢ ᠠᠬᠤᠶ ᠶᠢ ᠤᠷᠢᠳᠠᠪᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ᠂ ᠬᠤᠲᠠ ᠶᠢᠨ ᠠᠵᠤ ᠠᠬᠤᠶ ᠶᠢᠨ ︽ᠲᠠᠰ ᠳᠡᠪᠰᠢᠭᠰᠡᠨ ᠬᠡᠪ︾ ᠢ ᠪᠣᠶ ᠪᠣᠯᠭᠠᠬᠤ᠂ ︽ᠭᠤᠷᠪᠠᠨ ᠲᠥᠪ︾ ᠢ ᠪᠠᠶᠢᠭᠤᠯᠬᠤ ᠵᠡᠷᠭᠡ ᠴᠢᠬᠤᠯᠠ ᠡᠬᠦᠷᠭᠡ  ᠶᠢ ᠪᠠᠶᠠᠯᠠᠬᠦᠯᠬᠦ  ᠲᠠᠯ᠎ᠠ ᠪᠠᠷ ᠰᠠᠨᠠᠭᠠᠴᠢᠯᠠᠭ᠎ᠠ ᠲᠠᠢ ᠪᠠᠷ ᠠᠵᠢᠯᠯᠠᠪᠠ᠃  ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠯᠤᠰ ᠲᠦᠷᠦ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠠᠯ᠎ᠠ ᠪᠠᠷ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂  ᠤᠯᠤᠰ ᠲᠦᠷᠦ ᠶᠢᠨ ᠪᠠᠶᠢᠷᠢ ᠰᠠᠭᠤᠷᠢ ᠪᠠᠨ ᠢᠯᠡᠳᠳᠡ ᠲᠡᠭᠡᠭᠰᠢᠯᠡᠬᠦᠯᠵᠤ᠂  ᠬᠤᠳᠠ ᠶᠢᠨ ᠨᠡᠷᠡᠰ ᠤᠨ ᠵᠢᠬᠰᠠᠭᠠᠯᠳᠠ ᠶᠢ ᠭᠤᠤᠯᠳᠠᠯᠭᠠᠳᠤ ᠲᠤᠭᠤᠷᠢᠭ ᠤᠨ ᠪᠠᠶᠢᠷᠢ ᠲᠤᠬᠳᠠᠭᠠᠯᠳᠠ ᠶᠤᠰᠤᠭᠠᠷ ᠪᠦᠬᠦ ᠬᠤᠳᠠ ᠶᠢᠨ ᠬᠤᠶᠠᠳᠤᠭᠠᠷ ᠲᠤ ᠤᠷᠤᠭᠤᠯᠵᠤ᠂ ᠤᠯᠤᠰ ᠲᠦᠷᠦ ᠶᠢᠨ ᠭᠡᠪ ᠲᠠᠭᠤᠷᠢᠶᠠᠯ ᠤᠨ ᠲᠥᠪ ᠤᠨ ᠴᠤ᠋ ᠰᠢᠨ᠎ᠡ ᠲᠦᠷᠢ ᠲᠥᠷᠬᠦ ᠶᠢ  ᠬᠦᠮᠤᠰ ᠤᠨ ᠰᠡᠳᠬᠢᠯ ᠳᠤ ᠬᠠᠳᠠᠩᠰᠢᠭᠤᠯᠵᠠᠢ᠃          ᠪᠢᠳᠡ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢ  ᠴᠢᠩᠭ᠎ᠠ ᠠᠳᠬᠤᠵᠤ᠂ ᠶᠡᠷᠦᠩᠬᠡᠶ ᠪᠣᠳᠠᠲᠤ ᠬᠦᠴᠦᠨ ᠯᠠᠪᠳᠠᠭᠤᠨ ᠢᠶᠠᠷ ᠳᠡᠭᠡᠭᠰᠢᠯᠡᠪᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ ᠲᠤᠯᠭᠠᠭᠤᠷᠢ ᠪᠣᠯᠭᠠᠭᠰᠠᠨ ᠠᠵᠤ ᠦᠢᠯᠡᠰ ᠤᠨ ᠲᠤᠬᠳᠠᠯᠴᠠᠭ᠎ᠠ ᠠᠩᠬ᠎ᠠ ᠠᠯᠬᠤᠮ ᠪᠦᠷᠢᠯᠳᠤᠵᠤ᠂ ᠪᠦᠬᠦ ᠬᠤᠲᠠ ᠶᠢᠨ ᠨᠡᠬᠦᠷᠡᠰᠤᠳᠦ᠋ᠷᠦᠭᠴᠢ ᠶᠢᠨ ᠲᠠᠪᠬᠤᠷ ᠢᠰᠤᠯ ᠢ ᠬᠠᠮᠤᠭ ᠤᠨ ᠪᠠᠭ᠎ᠠ ᠭᠠᠳᠠᠬᠰᠢᠯᠠᠭᠤᠯᠤᠬᠰᠠᠨ᠂ ᠬᠥᠭᠵᠢᠯᠲᠡ ᠶᠢᠨ ᠬᠤᠷᠳᠤᠴᠠ ᠪᠠᠷ ᠬᠠᠮᠤᠭ ᠤᠨ ᠲᠦᠷᠭᠡᠨ ᠭᠠᠵᠠᠷ ᠣᠷᠣᠨ ᠤ ᠨᠢᠭᠡ ᠪᠣᠯᠪᠠ᠃ ᠡᠳ᠋ ᠤᠨ ᠵᠠᠰᠠᠭ ᠤᠨ ᠣᠷᠣᠯᠭ᠎ᠠ ᠵᠢᠯ ᠪᠦᠷᠢ ᠳᠤᠮᠳᠠᠴᠢ ᠪᠠᠷ 18%   ᠪᠠᠷ ᠨᠡᠮᠡᠭᠳᠡᠵᠦ᠂ 2017 ᠣᠨ ᠤ ᠬᠢ ᠠᠴᠠ ᠬᠤᠶᠠᠷ ᠲᠠᠬᠢᠨ ᠰᠢᠬᠠᠮ ᠨᠡᠮᠡᠭᠳᠡᠪᠡ᠃ ᠣᠷᠣᠨ ᠨᠤᠳᠤᠭ ᠤᠨ ᠦᠢᠯᠡᠳᠪᠤᠷᠢᠯᠡᠯ ᠤᠨ ᠶᠡᠷᠤᠩᠭᠡᠢ ᠥᠷᠲᠡᠭ ᠵᠢᠯ ᠪᠦᠷᠢ ᠳᠤᠮᠳᠠᠴᠢ ᠪᠠᠷ 11% ᠨᠡᠮᠡᠭᠳᠡᠵᠦ᠂ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠤᠷᠤᠭᠰᠢᠲᠠᠶ ᠳᠠᠪᠠᠪᠠ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ  ᠲᠤᠮᠳᠠᠴᠢ  ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠪᠦᠬᠦ ᠬᠤᠳᠠ ᠶᠢᠨ ᠨᠢᠭᠡᠳᠤᠭᠡᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ  ᠪᠠᠷᠤᠭ ᠵᠠᠭᠤᠨ ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠨᠢᠭᠡ ᠪᠦᠯᠦᠭ ᠲᠣᠮᠣ ᠲᠥᠷᠥᠯ  ᠵᠦᠢᠯ᠂ ᠰᠠᠶᠢᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠤᠨ᠂ ᠬᠥᠭᠵᠢᠯᠲᠡ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠢᠯᠡᠳᠲᠡ ᠴᠢᠩᠭᠠᠷᠠᠭᠤᠯᠪᠠ᠃          ᠪᠢᠳᠡ ᠠᠵᠤ ᠦᠢᠯᠡᠰ ᠢ ᠪᠤᠶᠢᠵᠢᠭᠤᠯᠬᠤ ᠶᠢ ᠴᠢᠩᠭ᠎ᠠ  ᠠᠳᠬᠤᠵᠤ᠂ ᠬᠥᠭᠵᠢᠯᠲᠡ ᠶᠢᠨ ᠬᠥᠳᠡᠯᠭᠡᠭᠴᠢ ᠬᠦᠴᠤ ᠶᠢ ᠲᠦᠷᠭᠡᠪᠴᠢᠯᠡᠨ ᠬᠤᠪᠢᠷᠠᠭᠤᠯᠪᠠ᠃ 242 ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ 138 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃ ᠵᠥᠩ ᠲᠢᠶᠠᠨ ᠾᠧ ᠴᠤᠸᠠᠩ᠂ ᠰᠢᠨ  ᠱᠦᠸᠧ ᠲᠡᠮᠦᠷ ᠵᠠᠮ᠂ ᠾᠧ ᠰᠢᠶᠤᠤ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠵᠡᠷᠭᠡ 41 ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠤᠷᠢᠳ ᠬᠤᠵᠢᠳ ᠰᠠᠭᠤᠷᠢᠰᠢᠵᠤ᠂ ᠪᠠᠩᠬᠢ᠂ ᠦᠨᠡᠲᠦ ᠲᠡᠮᠳᠡᠭᠲᠦ᠂ ᠰᠠᠭᠤᠷᠢ ᠮᠥᠩᠭᠦ ᠵᠡᠷᠭᠡ ᠮᠥᠩᠭᠦᠨ  ᠬᠦᠢᠯᠭᠡᠭᠡᠨ ᠤ ᠪᠠᠶᠢᠭᠤᠯᠤᠮᠵᠢ ᠨᠡᠮᠡᠭᠳᠡᠭᠡᠳ 44 ᠪᠣᠯᠵᠣ᠂ ᠬᠠᠤᠯᠢ ᠴᠠᠭᠠᠵᠠ ᠶᠢᠨ  ᠦᠢᠯᠡᠴᠢᠯᠡᠭᠡ᠂ ᠨᠢᠭᠲᠠᠯᠠᠨ ᠪᠤᠳᠤᠬᠤ᠂ ᠡᠵᠡᠩᠨᠡᠨ ᠪᠣᠷᠣᠯᠠᠭᠤᠯᠬᠤ ᠵᠡᠷᠭᠡ ᠦᠢᠯᠡᠳᠪᠤᠷᠢᠯᠡᠯ ᠤᠨ ᠴᠢᠨᠠᠷᠲᠠᠶ  ᠦᠢᠯᠡᠴᠢᠯᠡᠭᠡᠨ ᠤ  ᠦᠢᠯᠡᠰ  ᠰᠦᠷᠦᠭᠵᠢᠨ ᠬᠦᠭᠵᠢᠵᠤ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ 2152᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ 4861 ᠪᠣᠯᠵᠣ᠂ ᠵᠢᠯ ᠪᠦᠷᠢ ᠳᠤᠮᠳᠠᠴᠢ ᠪᠠᠷ ᠲᠣᠰ ᠲᠣᠰ 21% ᠪᠠ 33% ᠪᠠᠷ ᠨᠡᠮᠡᠭᠳᠡᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ 9000 ᠡᠷᠦᠬᠡ ᠶᠢ ᠲᠠᠪᠠᠵᠤ᠂ ᠲᠦᠮᠡᠨ ᠬᠦᠮᠤᠨ ᠪᠤᠯᠭᠠᠨ ᠳᠤ ᠨᠤᠬᠳᠠᠬᠤ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠡᠷᠤᠭᠡ778 ᠪᠤᠯᠵᠤ᠂ ᠵᠠᠬ᠎ᠠ ᠲᠡᠯᠭᠡᠬᠦᠷ ᠤᠨ ᠬᠦᠭᠵᠢᠶᠡᠨᠳᠤ ᠪᠠᠶᠢᠳᠠᠯ ᠢᠯᠡᠷᠭᠡᠢ ᠰᠠᠶᠢᠵᠢᠷᠠᠪᠠ᠃ ᠤᠯᠤᠰ ᠤᠨ ᠪᠥᠬᠦ  ᠭᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠨᠡᠶᠢᠲᠡ 1563 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 51 ᠳ᠋ᠦᠩᠰᠢᠭᠤᠷ ᠲᠥᠭᠦᠷᠢᠭ ᠪᠡᠶᠡᠯᠡᠭᠦᠯᠪᠡ᠃  ᠠᠷᠠᠯᠵᠢᠶ᠎ᠠ ᠬᠤᠳᠠᠯᠳᠤᠭᠠᠨ ᠤ ᠦᠵᠡᠰᠬᠦᠯᠡᠩ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠨᠢ ᠡᠳᠦᠷ ᠢᠷᠡᠬᠦᠶ᠎ᠡ ᠬᠤᠳᠠ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠵᠤ ᠦᠢᠯᠡᠰ ᠪᠤᠯᠵᠤ ᠪᠠᠶᠢᠨ᠎ᠠ᠃          ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ  ᠴᠢᠩᠭ᠎ᠠ ᠠᠳᠬᠤᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃  ᠪᠦᠬᠦ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠲᠤᠷᠰᠢᠯᠭ᠎ᠠ ᠠᠷᠭ᠎ᠠ ᠵᠠᠮ ᠬᠠᠶᠢᠨ ᠰᠦᠪᠡᠭᠴᠢᠯᠡᠬᠦ ᠤᠯᠤᠰ ᠲᠦᠷᠦ ᠶᠢᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠦᠭᠡᠷᠡᠴᠢᠯᠡᠯᠳᠡ ᠨᠡᠭᠡᠭᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠤᠨ᠂ ᠤᠷᠳᠤᠰ ᠤᠨ ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠴᠤᠩᠬᠤᠪᠴᠢ ᠪᠤᠯᠪᠠ᠃ ᠪᠢᠳᠡ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠬᠠᠤᠯᠢ ᠬᠡᠷᠡᠭᠵᠢᠭᠦᠯᠬᠦ  ᠲᠤᠬᠳᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ︔ ᠪᠢᠳᠡ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ᠂ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠰᠢᠨ᠎ᠡ ᠵᠠᠮ ᠢ ᠵᠣᠷᠢᠭᠲᠠᠢ ᠪᠠᠷ ᠬᠠᠶᠢᠨ ᠰᠦᠪᠡᠭᠴᠢᠯᠡᠵᠦ᠂ ︽ᠲᠠᠪᠤᠨ ᠬᠤᠯᠪᠤᠭᠠᠯᠠᠯ︾ ᠵᠠᠭᠪᠤᠷ ᠨᠢ ᠦᠨᠳᠦᠰᠦᠨ ᠱᠠᠲᠤᠨ ᠤ ᠵᠠᠰᠠᠯᠲᠠ ᠶᠢᠨ ᠬᠡᠪ ᠳᠠᠭᠤᠷᠢᠶᠠᠯ ᠪᠤᠯᠵᠤ᠂ ᠨᠠᠷᠢᠯᠢᠬᠵᠢᠬᠰᠠᠨ ᠬᠠᠮᠢᠶᠠᠷᠤᠯᠳᠠ  ᠶᠢᠨ ᠵᠠᠬᠪᠤᠷ ᠨᠢ ᠬᠤᠳᠠ ᠶᠢᠨ ᠬᠠᠮᠢᠶᠠᠷᠤᠯᠳᠠ ᠶᠢᠨ ᠭᠡᠪ ᠵᠠᠬᠪᠤᠷ ᠪᠤᠯᠵᠤ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠦᠪᠡᠷᠳᠡᠭᠡᠨ ᠵᠠᠰᠠᠬᠤ ᠤᠷᠤᠨ ᠪᠠ ᠪᠦᠬᠦ ᠤᠯᠤᠰ ᠤᠨ ᠲᠡᠷᠢᠬᠦᠨ ᠤ ᠡᠩᠨᠡᠭᠡᠨ ᠳᠤ ᠤᠷᠤᠭᠤᠯᠵᠤ᠂ ᠬᠢᠶ᠎ᠠ ᠪᠠᠭᠰᠢ ᠨᠢ ᠤᠷᠤᠨ ᠪᠦᠰᠡ ᠶᠢᠨ ᠲᠤᠳᠤᠷᠠᠬᠢ ᠬᠠᠮᠤᠭ ᠤᠨ ᠪᠠᠶᠠᠯᠢᠭ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠢ ᠬᠤᠰᠢᠭᠤ ᠲᠣᠭᠤᠷᠢᠭ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠬᠠᠮᠤᠭ ᠤᠨ ᠰᠢᠯᠢᠳᠡᠭ ᠬᠤᠳᠠ ᠶᠢᠨ ᠨᠢᠭᠡ ᠪᠣᠯᠤᠭᠰᠠᠨ ᠪᠠᠶᠢᠨ᠎ᠠ᠃          ᠪᠢᠳᠡ ᠴᠢᠳᠠᠮᠵᠢ ᠶᠢ ᠲᠡᠬᠦᠯᠳᠡᠷᠵᠢᠬᠦᠯᠬᠦ ᠶᠢ ᠴᠢᠩᠭ᠎ᠠ ᠠᠳᠬᠤᠵᠤ᠂ ᠬᠤᠳᠠ ᠶᠢᠨ ᠴᠢᠨᠠᠷ ᠲᠡᠰ ᠢ ᠦᠷᠭᠦᠯᠵᠢᠯᠡᠨ ᠳᠡᠭᠡᠭᠰᠢᠯᠡᠭᠦᠯᠪᠡ᠃ ᠨᠡᠶᠢᠲᠡ 220  ᠵᠦᠢᠯ ᠤᠨ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 83 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠠᠳᠠᠭᠤᠴᠠᠶᠢᠳᠠᠮ  ᠤᠨ ᠤᠰᠤ ᠬᠠᠩᠭᠠᠬᠤ ᠢᠨᠵᠧᠨᠧᠷᠢᠩ᠂ ᠬᠤᠳᠠ ᠶᠢᠨ ᠦᠶᠡᠷ ᠢ ᠰᠡᠷᠭᠡᠶᠢᠯᠡᠬᠦ ᠵᠢᠴᠢ ᠣᠷᠴᠢᠨ ᠲᠣᠭᠤᠷᠢᠨ ᠤ ᠵᠠᠰᠠᠯᠲᠠ ᠶᠢᠨ ᠶᠡᠷᠦᠩᠬᠡᠶᠢᠯᠡᠭᠰᠡᠨ ᠢᠨᠵᠧᠨᠧᠷᠢᠩ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ᠂ ᠬᠤᠳᠠ ᠶᠢᠨ ᠴᠠᠬᠢᠯᠭᠠᠨ ᠲᠦᠬᠦᠷᠵᠢᠬᠦᠯᠬᠦ ᠲᠣᠣᠷ ᠤᠨ ᠪᠦᠳᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠠᠯᠤᠰ ᠬᠡᠳᠦ ᠳᠤ ᠠᠰᠢᠭᠲᠠᠢ ᠬᠤᠳᠠ ᠶᠢᠨ ᠶᠠᠪᠤᠳᠠᠯ ᠤᠨ ᠲᠦᠷᠦᠯ ᠵᠦᠢᠯ ᠢ ᠤᠷᠢᠳ ᠬᠤᠵᠢᠳ ᠪᠠᠷᠢᠵᠤ ᠳᠠᠭᠤᠰᠬᠠᠪᠠ᠃ ᠬᠤᠳᠠ ᠶᠢᠨ ᠶᠠᠪᠤᠳᠠᠯ ᠤᠨ ᠵᠠᠮ ᠢ 48 ᠺᠢᠯᠣᠮᠧᠲᠷ ᠰᠢᠨ᠎ᠡ ᠪᠠᠷ ᠪᠠᠶᠢᠭᠤᠯᠵᠤ᠂ ᠤᠯᠠᠨ ᠨᠡᠶᠢᠲᠡ ᠶᠢᠨ ᠲᠡᠷᠭᠡ ᠵᠣᠭᠰᠣᠭᠠᠬᠤ ᠪᠠᠶᠢᠷᠢ ᠶᠢ 3000 ᠰᠢᠨ᠎ᠡ ᠪᠠᠷ ᠨᠡᠮᠡᠭᠳᠡᠭᠦᠯᠵᠦ᠂ ᠬᠤᠳᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠤᠳᠠ ᠶᠢ ᠣᠷᠭᠠᠨᠢᠭ ᠢᠶᠠᠷ ᠰᠢᠨᠡᠳᠬᠡᠬᠦ ᠶᠢ ᠭᠤᠶᠢᠪᠢᠰᠢ ᠦᠭᠡᠢ ᠠᠬᠢᠭᠤᠯᠵᠤ᠂ ᠨᠡᠶᠢᠳᠡ 29 ᠤᠷᠤᠨ ᠰᠠᠭᠤᠴᠠ ᠶᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ᠂  ᠬᠤᠳᠠ ᠶᠢᠨ 7 ᠭᠤᠣᠯ ᠵᠠᠮ ᠤᠨ ᠨᠣᠭᠤᠭᠠᠷᠠᠭᠤᠯᠤᠯᠲᠠ ᠂ 7 ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠬᠠᠳᠠᠭᠤᠷᠠᠭᠤᠯᠵᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠵᠢᠩ ᠨᠸᠡᠭ ᠤᠨ ᠢᠯᠴᠢ ᠶᠢᠨ ᠴᠠᠬᠢᠯᠭᠠᠨ ᠤ 2 ᠮᠠᠰᠢᠨ ᠴᠣᠭᠴᠠᠯᠠᠪᠤᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢᠨ ᠲᠠᠯᠠᠪᠠᠶ ᠶᠢ 1.5 ᠲᠦᠮᠡᠨ ᠮᠥ᠂ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠭᠠᠵᠠᠷ ᠢ 300 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠢ᠂ ᠪᠥᠬᠦ ᠤᠯᠤᠰ ᠤᠨ ᠳᠥᠷᠪᠡᠳᠦᠭᠡᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠰᠢᠶᠠᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃          ᠪᠢᠳᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭ᠎ᠠ ᠠᠳᠬᠤᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠵᠠᠯᠭᠠᠭ᠎ᠠ ᠪᠠᠷ ᠳᠡᠭᠡᠭᠰᠢᠯᠡᠬᠦᠯᠪᠡ᠃ ᠬᠤᠳᠠ ᠪᠠᠯᠭᠠᠰᠤᠨ ᠳᠤ ᠨᠡᠶᠢᠳᠡ 6400 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠴᠥᠮ 98% ᠶᠢ ᠳᠠᠪᠠᠵᠠᠶ᠃ ᠨᠡᠶᠢᠲᠡ 24 ᠳ᠋ᠦᠩᠰᠢᠭᠤᠷ ᠲᠥᠭᠦᠷᠢᠭ ᠤᠨ ᠰᠤᠷᠭᠠᠨ ᠬᠥᠮᠦᠵᠢᠯ ᠤᠨ ᠵᠠᠷᠤᠳᠠᠯ ᠣᠷᠣᠭᠤᠯᠵᠤ᠂ 6 ᠳᠤᠮᠳᠠᠳᠤ ᠪᠠᠭ᠎ᠠ ᠰᠤᠷᠭᠠᠭᠤᠯᠢ᠂ 6 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠬᠢᠷᠢ ᠭᠡᠮᠵᠢᠶ᠎ᠡ ᠪᠥᠬᠦ ᠬᠤᠲᠠ ᠶᠢᠨ ᠲᠡᠷᠢᠬᠦᠨ ᠳᠤ ᠲᠣᠭᠲᠠᠭᠤᠨ ᠣᠷᠣᠵᠤ᠂ ︽ᠰᠠᠭᠤᠷᠢ ᠰᠤᠷᠭᠠᠨ ᠬᠥᠮᠦᠵᠢᠯ ᠤᠨ ᠤᠯᠤᠰ ᠤᠨ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ︾ ᠢᠶᠠᠷ ᠦᠨᠡᠯᠡᠭᠳᠡᠪᠡ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 50 ᠶᠢ ᠳᠠᠪᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ 19 ᠪᠠᠶᠢᠭᠤᠯᠵᠤ᠂ ︽ᠨᠠᠮ ᠪᠠ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠵᠤ᠂  ᠠᠶᠢᠯ ᠰᠠᠬᠠᠭᠠᠯᠳᠠ ᠪᠠᠷ ᠢᠶᠠᠨ ᠨᠠᠶᠢᠷᠯᠠᠨ ᠲᠠᠭᠤᠯᠠᠬᠤ︾᠂ ︽ᠵᠠᠭᠤᠨ ᠡᠳᠦᠷ ᠤᠨ ᠵᠤᠨ ᠤ ᠰᠡᠯᠡᠬᠦᠴᠡᠯ︾ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠪᠠᠲᠤᠳᠬᠠᠪᠡ᠃ ︽  ᠠᠮᠤᠭᠤᠯᠠᠩ ᠬᠢᠶ᠎ᠠ ᠪᠠᠭᠰᠢ︾  ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠦᠮᠡᠨ ᠬᠥᠮᠦᠨ ᠲᠤᠳᠤᠷ᠎ᠠ ᠡᠷᠡᠭᠦᠦ ᠶᠢᠨ ᠬᠡᠷᠡᠭ ᠤᠨ ᠡᠭᠦᠰᠬᠦ ᠨᠤᠷᠮ᠎ᠠ ᠶᠢ ᠪᠦᠬᠦ ᠬᠤᠳᠠ ᠶᠢᠨ ᠬᠠᠮᠤᠭ ᠤᠨ ᠳᠣᠣᠷ᠎ᠠ ᠲᠦᠪᠰᠢᠨ ᠳᠤ ᠤᠷᠳᠤ ᠬᠤᠭᠤᠴᠠᠭ᠎ᠠ ᠪᠠᠷ ᠪᠠᠲᠤᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ  ᠪᠠᠳᠤᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ  ᠱᠠᠳᠤᠴᠢ ᠴᠢᠨᠠᠷᠲᠠᠢ ᠢᠯᠠᠯᠲᠠ ᠣᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠳᠡᠭᠡᠭᠰᠢᠯᠡᠵᠦ᠂ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠦᠷᠦᠭᠳᠡᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠪᠠᠷ ᠦᠨᠡᠯᠡᠭᠳᠡᠪᠡ᠃          ᠪᠢᠳᠡ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠲᠦᠷᠦ ᠶᠢᠨ ᠠᠮᠢ ᠠᠬᠤᠢ ᠶᠢ ᠲᠥᠪ ᠴᠢᠬᠡᠴᠢ ᠪᠤᠯᠭᠠᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ︽ᠬᠠᠤᠯᠢ ᠰᠤᠷᠤᠯᠴᠠᠬᠤ︾ ᠲᠦᠷᠢᠮ ᠢ ᠲᠤᠬᠳᠠᠭᠤᠨ ᠲᠡᠭᠦᠯᠳᠡᠷᠵᠢᠭᠦᠯᠵᠦ᠂ ᠬᠠᠤᠯᠢᠵᠢᠯ ᠤᠨ ᠰᠡᠳᠬᠢᠬᠦᠢ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠲᠢᠩᠬᠢᠮ ᠳᠤ ᠭᠠᠷᠴᠤ ᠵᠠᠷᠭᠤ ᠬᠦᠯᠢᠶᠡᠬᠦ ᠨᠤᠷᠮ᠎ᠠ100% ᠳᠤ ᠬᠦᠷᠴᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠠ ᠦᠵᠡᠭᠦᠯᠬᠦ ᠲᠣᠭᠤᠷᠢᠭ ᠢᠶᠠᠷ ᠦᠨᠡᠯᠡᠭᠳᠡᠵᠦ᠂ ᠴᠢᠩ ᠴᠦᠨ ᠱᠠᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠪᠦᠬᠦ ᠤᠯᠤᠰ ᠤᠨ ᠵᠢᠱᠢᠶᠡᠴᠢ ᠬᠠᠤᠯᠢ ᠴᠠᠭᠠᠵᠠ ᠶᠢᠨ ᠭᠠᠵᠠᠷ ᠢᠶᠠᠷ ᠦᠨᠡᠯᠡᠭᠳᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠰᠠᠨᠠᠭᠤᠯᠭ᠎ᠠ 370 ᠬᠤᠪᠢ ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 265 ᠬᠤᠪᠢ ᠰᠢᠢᠳᠪᠤᠷᠢᠯᠡᠵᠤ ᠂ ᠭᠡᠷᠡᠭ ᠰᠢᠢᠳᠪᠤᠷᠢᠯᠡᠬᠦ ᠶᠠᠰᠤ ᠴᠢᠨᠠᠷ ᠪᠠ ᠬᠠᠨᠤᠮᠵᠢ ᠶᠢᠨ ᠭᠡᠮᠵᠢᠶ᠎ᠡ ᠦᠷᠬᠦᠯᠵᠢᠯᠡᠨ ᠲᠡᠭᠡᠭᠰᠢᠯᠡᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠥᠪ ᠤᠨ ︽ᠨᠠᠢᠮᠠᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠨᠡᠩ ᠲᠥᠪ ᠴᠢᠬᠡᠴᠢ ᠪᠣᠯᠭᠠᠪᠠ᠃          ᠲᠥᠯᠥᠭᠡᠯᠡᠭᠴᠢᠳ ᠡ︕ ᠡᠳᠡᠭᠡᠷ ᠵᠢᠯ ᠤᠳ ᠲᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠤᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂  ︽ᠠᠮᠢ ᠠᠬᠤᠢ ᠶᠢ ᠤᠷᠢᠳᠠᠪᠠᠷ ᠪᠤᠳᠤᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ︾ ᠬᠢᠶ᠎ᠠ ᠪᠠᠭᠰᠢ ᠶᠢᠨ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ  ᠬᠢᠶ᠎ᠠ ᠪᠠᠭᠰᠢ ᠶᠢᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠨᠠᠷᠢᠯᠢᠭ ᠵᠠᠰᠠᠯᠲᠠ ᠶᠢᠨ ᠬᠢᠶ᠎ᠠ ᠪᠠᠭᠰᠢ ᠶᠢᠨ ᠤᠶᠤᠨ ᠤᠬᠠᠭᠠᠨ ᠢ ᠢᠯᠡᠷᠡᠭᠦᠯᠵᠦ᠂ ᠪᠦᠯᠬᠦᠮᠳᠡᠨ ᠲᠡᠮᠡᠴᠡᠬᠦ ᠬᠢᠶ᠎ᠠ ᠪᠠᠭᠰᠢ ᠶᠢᠨ ᠬᠦᠴᠦᠨ ᠴᠢᠳᠠᠯ ᠢ ᠨᠢᠭᠲᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠬᠢᠶ᠎ᠠ ᠪᠠᠭᠰᠢ ᠶᠢᠨ ᠲᠦᠷᠢ ᠲᠥᠷᠬᠦ ᠶᠢ ᠱᠤᠭᠤᠵᠠᠢ᠃ ᠡᠨᠡ ᠬᠦ ᠴᠠᠭ ᠮᠥᠴᠡ ᠳᠤ᠂ ᠪᠢᠳᠡ ᠴᠢᠩ ᠰᠡᠳᠬᠢᠯ ᠠᠴᠠ ᠪᠠᠨ ᠡᠨᠡ ᠬᠦ ᠬᠤᠳᠠ ᠶᠢ ᠮᠠᠭᠲᠠᠨ ᠰᠠᠶᠢᠰᠢᠶᠠᠵᠤ᠂ ᠠᠵᠢᠯᠴᠢ ᠬᠥᠳᠡᠯᠮᠦᠷᠢᠴᠢ ᠴᠠᠶᠢᠯᠭᠠᠨ ᠰᠡᠳᠬᠢᠯ ᠲᠠᠢ ᠤᠶᠤᠨ ᠪᠢᠯᠢᠭ ᠲᠠᠢ ᠬᠢᠶ᠎ᠠ ᠪᠠᠭᠰᠢ ᠶᠢᠨ ᠠᠷᠠᠳ ᠲᠦᠮᠡᠨ ᠢ ᠮᠠᠭᠲᠠᠨ ᠰᠠᠶᠢᠰᠢᠶᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠮᠠᠭᠲᠠᠨ ᠰᠠᠶᠢᠰᠢᠶᠠᠵᠤ ᠪᠠᠶᠢᠨ᠎ᠠ᠃ ᠢᠷᠠᠭᠤ ᠠᠯᠳᠠᠷ ᠪᠠ ᠬᠦᠰᠡᠯ ᠵᠡᠭᠦᠳᠦ ᠥᠨᠢ ᠡᠭᠦᠷᠢᠳᠡ ᠡᠨᠡ ᠬᠦ ᠬᠤᠳᠠ ᠪᠠ ᠠᠳᠡ ᠠᠮᠢᠳᠤᠷᠠᠵᠤ ᠪᠠᠶᠢᠭ᠎ᠠ 12 ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠢ ᠶᠤᠮ︕          2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ  ᠪᠤᠯᠬᠤ ᠮᠦᠷᠳᠡᠭᠡᠨ ᠤᠳᠤᠬᠢᠴᠢᠯᠠᠬᠰᠠᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠬᠦ ᠡᠬᠢᠯᠡᠯᠲᠡ ᠶᠢᠨ ᠵᠢᠯ ᠮᠥᠨ᠂  ᠮᠥᠨ ᠴᠤ ᠬᠢᠶ᠎ᠠ ᠪᠠᠭᠰᠢ ᠬᠦᠭᠡᠭᠡᠵᠤ ᠬᠦᠢᠴᠡᠨ ᠳᠠᠪᠠᠵᠤ ᠭᠠᠷᠬᠤ᠂ ᠳᠠᠪᠠᠯᠭᠠᠨ ᠢ ᠵᠦᠰᠦᠨ ᠤᠷᠤᠭᠰᠢᠯᠠᠬᠤ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂  ︽ᠭᠤᠷᠪᠠᠨ ᠲᠦᠪ︾ ᠤᠨ ᠪᠦᠳᠤᠭᠡᠨ ᠪᠠᠶᠢᠭᠤᠯᠤᠯᠳᠠ  ᠶᠢᠨ ᠲᠤᠭᠤᠷᠢᠨ ᠳᠤ᠂ ᠣᠳᠣᠬᠢᠴᠢᠯᠠᠭᠰᠠᠨ ᠬᠢᠶ᠎ᠠ ᠪᠠᠭᠰᠢ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠠ ᠠᠶᠠᠨ ᠢ ᠪᠥᠬᠦ ᠲᠠᠯ᠎ᠠ ᠪᠠᠷ ᠡᠬᠢᠯᠡᠬᠦᠯᠬᠦ ᠪᠠᠷ ᠬᠠᠷᠠᠯᠲᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠦᠬᠦᠷᠡᠩ ᠠᠮᠵᠢᠯᠳᠠ ᠲᠠᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠭᠤᠶᠢᠳᠠ ᠰᠠᠶᠢᠬᠠᠨ ᠡᠬᠢᠯᠡᠭᠦᠯᠪᠡ᠃          ᠨᠢᠭᠡ ᠵᠢᠯ ᠤᠨ ᠲᠤᠷᠰᠢᠬᠢ ᠭᠤᠣᠯ ᠠᠵᠢᠯ ᠪᠠ ᠦᠷ᠎ᠡ ᠪᠦᠲᠦᠮᠵᠢ ᠭᠡᠪᠡᠯ᠄          ︵ᠨᠢᠭᠡ︶ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠢᠯᠠᠯᠲᠠ ᠤᠯᠪᠠ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠮᠠᠬᠳᠠ ᠬᠢᠴᠢᠶᠡᠨ ᠴᠢᠩᠭ᠎ᠠ ᠠᠳᠬᠤᠵᠤ ᠨᠠᠷᠢᠨ ᠠᠳᠬᠤᠵᠤ ᠪᠣᠳᠠᠲᠠᠢ ᠠᠳᠬᠤᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ︾ ᠠᠵᠢᠯ ᠢ ᠦᠷᠭᠦᠯᠵᠢᠯᠡᠨ ᠰᠠᠶᠢᠲᠤᠷ ᠬᠢᠪᠡ᠃ ᠨᠡᠶᠢᠳᠡ 172 ᠲᠦᠮᠡᠨ ᠬᠥᠮᠦᠨ ᠤᠳᠠᠭ᠎ᠠ ᠶᠢ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠸᠠᠺᠼᠢᠨ ᠢ 23  ᠲᠦᠮᠡ ᠤᠳᠠᠭ᠎ᠠ ᠲᠠᠷᠢᠵᠤ᠂ ᠲᠠᠷᠢᠯᠭ᠎ᠠ ᠬᠢᠭᠰᠡᠨ ᠨᠤᠷᠮ᠎ᠠ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠪᠠᠷᠤᠭ 20 ᠲᠦᠮᠡᠨ ᠬᠦᠮᠤᠨ ᠳᠤ ᠬᠢᠵᠤ᠂1858 ᠬᠦᠮᠤᠨ ᠢ ᠲᠦᠪᠯᠡᠷᠡᠬᠦᠯᠤᠨ ᠲᠤᠰᠠᠭᠠᠷᠯᠠᠵᠤ  ᠠᠨᠠᠭᠠᠬᠤ ᠤᠬᠠᠭᠠᠨ ᠤ ᠠᠵᠢᠬᠯᠠᠯᠳᠠ ᠬᠢᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠳ ᠬᠡᠷᠡᠮ ᠪᠤᠯᠤᠳ ᠬᠠᠨ᠎ᠠ ᠶᠢ ᠴᠣᠭᠴᠠᠯᠠᠪᠠ᠃  ᠡᠵᠡᠨ᠎ᠡ ᠬᠤᠰᠢᠭᠤᠨ ᠳᠤ ᠰᠠᠭᠠᠲᠠᠭᠰᠠᠨ ᠵᠤᠭᠠᠴᠠᠭᠰᠠᠳ ᠲᠤ ᠲᠦᠪᠯᠡᠷᠡᠬᠦᠯᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠲᠤᠯᠤᠭᠠᠨ ᠨᠢᠭᠡ︾ ᠶᠢᠨ ᠨᠠᠷᠢᠯᠢᠭ ᠦᠢᠯᠡᠴᠢᠯᠡᠭᠡ ᠨᠢ ᠤᠯᠤᠰ ᠤᠨ ᠬᠢᠨᠠᠨ ᠵᠢᠯᠣᠭᠤᠳᠬᠤ ᠳᠤᠭᠤᠶᠢᠯᠠᠩ ᠪᠠ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠳᠡᠭᠡᠳᠦ ᠭᠡᠮᠵᠢᠶᠡᠨ ᠤ ᠦᠨᠡᠯᠡᠯᠳᠡ ᠶᠢ ᠤᠯᠵᠤ᠂ ᠬᠢᠶ᠎ᠠ ᠪᠠᠭᠰᠢ ᠶᠢᠨ ︽ᠪᠠᠭ᠎ᠠ ᠬᠤᠲᠠ ᠶᠢᠨ ᠠᠭᠤᠤ ᠬᠠᠶᠢᠷ᠎ᠠ︾  ᠥᠯᠢᠭᠡᠷ ᠡᠯ᠎ᠡ ᠵᠠᠭᠤᠴᠢᠯᠠᠭᠤᠷ ᠲᠤ ᠭᠤᠶᠢᠳᠠ ᠰᠠᠶᠢᠬᠠᠨ ᠲᠣᠭᠯᠠᠭᠳᠠᠨ᠂ ︽ᠲᠤᠯᠠᠭᠠᠨ ᠦᠯᠦᠭᠡᠢ ᠬᠢᠶ᠎ᠠ ᠪᠠᠭᠰᠢ︾ ᠶᠢᠨ ᠳᠦᠷᠢ ᠲᠥᠷᠬᠦ ᠡᠬᠦᠯᠡᠨᠴᠢᠷ ᠢᠶᠠᠷ ᠳᠡᠮᠵᠢᠨ ᠬᠥᠬᠡ ᠮᠥᠷᠡᠨ ᠤ ᠡᠮᠦᠨ᠎ᠡ ᠤᠮᠠᠷ᠎ᠠ ᠳᠤ ᠤᠯᠠᠮᠵᠢᠯᠠᠭᠳᠠᠪᠠ᠃          ︵ᠬᠤᠶᠠᠷ︶ ᠳᠡᠭᠡᠳᠦ ᠪᠠᠶᠢᠷᠢᠨ ᠳᠤ ᠲᠣᠬᠢᠷᠠᠭᠤᠯᠤᠯᠲᠠ ᠬᠢᠬᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠶ ᠶᠢᠨ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠪᠠ᠃ ᠲᠦᠷᠦᠯ ᠵᠦᠢᠯ ᠢ ᠴᠥᠬᠦᠷᠡᠰᠢ ᠦᠭᠡᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠬᠤ᠂ ᠶᠠᠰᠤ ᠴᠢᠨᠠᠷ ᠦᠷ᠎ᠡ ᠠᠰᠢᠭ ᠵᠡᠷᠭᠡᠪᠡᠷ ᠳᠡᠭᠡᠭᠰᠢᠯᠡᠬᠦ ᠪᠠᠶᠢᠳᠠᠯ ᠢᠯᠡᠷᠡᠵᠦ᠂  ᠭᠤᠤᠯ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠦᠪᠡᠷᠳᠡᠭᠡᠨ ᠵᠠᠰᠠᠬᠤ ᠤᠷᠤᠨ ᠤ ᠡᠮᠤᠨ᠎ᠡ ᠡᠩᠨᠡᠭᠡᠨ ᠳᠤ ᠣᠷᠣᠪᠠ᠄ ᠲᠦᠷᠦᠬᠦᠤ ᠭᠤᠷᠪᠠᠨ ᠤᠯᠠᠷᠢᠯ ᠳᠤ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠭᠡᠢ ᠦᠷᠳᠡᠭ ᠤᠨ ᠨᠡᠮᠡᠭᠳᠡᠯ ᠤᠨ ᠬᠤᠷᠳᠤᠴᠠ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ ᠲᠤ ᠤᠷᠤᠪᠠ︔ 1  ᠠᠴᠠ11 ᠰᠠᠷ᠎ᠠ ᠪᠤᠯᠳᠠᠯ᠎ᠠ᠂  ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢ ᠦᠪᠡᠷᠳᠡᠭᠡᠨ ᠵᠠᠰᠠᠬᠤ ᠤᠷᠤᠨ ᠤ  ᠳᠠᠪᠤᠳᠤᠭᠠᠷ ᠲᠤ ᠤᠷᠤᠵᠤ᠂  ᠲᠤᠬᠳᠠᠮᠠᠯ ᠬᠦᠷᠤᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠨᠢ ᠦᠪᠡᠷᠳᠡᠭᠡᠨ ᠵᠠᠰᠠᠬᠤ ᠤᠷᠤᠨ ᠤ ᠲᠠᠪᠤᠳᠤᠭᠠᠷ ᠲᠤ ᠤᠷᠤᠪᠠ᠃ ᠵᠢᠱᠢᠯᠲᠡ ᠪᠠᠷ ᠪᠦᠬᠦ ᠵᠢᠯ ᠤᠨ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 112 ᠳ᠋ᠦᠩᠰᠢᠭᠤᠷ ᠲᠥᠭᠦᠷᠢᠭ ᠲᠤ ᠬᠦᠷᠴᠦ᠂ 10% ᠢᠶᠠᠷ ᠨᠡᠮᠡᠭᠳᠡᠵᠦ᠂ GDP ᠶᠢ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠲᠠᠪᠠᠭᠤᠯᠬᠤ ᠬᠦᠰᠡᠯ ᠡᠴᠦᠰ ᠲᠡᠭᠡᠨ ᠪᠡᠶᠡᠯᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 25.6% ᠪᠠᠷ ᠨᠡᠮᠡᠭᠳᠡᠭᠦᠯᠵᠤ᠂ ︽ᠰᠢᠨ᠎ᠡ ᠦᠰᠦᠷᠤᠯᠳᠡ︾ ᠶᠢ ᠪᠡᠶᠡᠯᠡᠬᠦᠯᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ  ᠵᠦᠢᠯ ᠢ 60 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 27 ᠳ᠋ᠦᠩᠰᠢᠭᠤᠷ ᠲᠥᠭᠦᠷᠢᠭ ᠪᠡᠶᠡᠯᠡᠭᠦᠯᠵᠦ᠂ 64.3% ᠪᠠᠷ ᠨᠡᠮᠡᠭᠳᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ 55280 ᠲᠥᠭᠦᠷᠢᠭ ᠲᠤ ᠬᠦᠷᠴᠦ᠂ 6.5% ᠪᠠᠷ ᠨᠡᠮᠡᠭᠳᠡᠪᠡ︔ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 9.12 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ 112% ᠪᠡᠶᠡᠯᠡᠭᠦᠯᠵᠦ᠂ ᠪᠥᠬᠦ ᠰᠢᠰᠲ᠋ᠧᠮ ᠤᠨ ᠥᠷᠢ ᠥᠭᠴᠡᠭᠡ ᠶᠢᠨ ᠨᠣᠷᠮ᠎ᠠ ᠶᠢ ᠦᠷᠭᠦᠯᠵᠢᠯᠡᠨ ᠪᠠᠭᠤᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠤᠯᠠᠭᠠᠨ ᠥᠩᠭᠡ ᠶᠢᠨ ᠰᠡᠷᠡᠮᠵᠢᠯᠡᠭᠦᠯᠦᠯ ᠤᠨ ᠭᠠᠵᠠᠷ ᠤᠷᠤᠨ ᠠᠴᠠ ᠤᠬᠤᠷᠢᠨ ᠭᠠᠷᠬᠤ ᠨᠢ ᠤᠳᠠᠯ ᠦᠭᠡᠢ ᠪᠡᠶᠡᠯᠡᠭᠳᠡᠬᠦ ᠪᠣᠯᠤᠨ᠎ᠠ᠃          ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠪᠠᠷᠢᠮᠲᠠᠯᠠᠵᠤ᠂ ᠠᠵᠤ  ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠪᠡ᠃ ᠪᠥᠬᠦ ᠠᠵᠢᠯᠲᠠᠨ ᠬᠤᠳᠠᠯᠳᠤᠭᠠᠴᠢᠨ ᠤᠷᠢᠬᠤ ᠶᠢ ᠡᠭᠦᠳᠦᠨ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠳᠠᠯᠳᠤᠭᠠᠴᠢᠨ  ᠤᠷᠢᠬᠰᠠᠨ 106 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠪᠠ᠂ ᠡᠨᠡ ᠨᠢ 2019᠂ 2020 ᠤᠨ ᠤ ᠬᠤᠶᠠᠷ ᠵᠢᠯ ᠤᠨ ᠨᠡᠶᠢᠯᠡᠪᠤᠷᠢ ᠠᠴᠠ ᠲᠠᠪᠠᠪᠠ᠃ ᠳᠤᠮᠳᠠᠳᠤ ᠤᠯᠤᠰ ᠤᠨ ᠤᠨᠴᠠ ᠲᠦᠷᠦᠯ ᠤᠨ ᠲᠤᠨᠤᠭ ᠲᠦᠬᠦᠭᠡᠷᠤᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠠᠯᠠᠩ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠲᠠᠰᠤᠭ᠂ ᠣᠷᠳᠣᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠡᠯᠡᠩ ᠵᠡᠷᠭᠡ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠰᠠᠭᠤᠷᠢᠰᠢᠵᠤ᠂  ᠤᠯᠤᠰ ᠤᠨ ᠴᠠᠬᠢᠯᠭᠠᠨ ᠤ ᠴᠠᠬᠢᠯᠭᠠᠨ ᠬᠦᠴᠤᠨ ᠤ ᠶᠡᠷᠤᠩᠭᠡᠶᠢᠯᠡᠭᠰᠡᠨ ᠡᠨᠧᠷᠬᠢ ᠶᠢᠨ ᠦᠪᠤᠷ ᠮᠤᠩᠭᠤᠯ ᠳᠠᠬᠢ ᠬᠤᠪᠢᠶᠠᠷᠢ ᠺᠤᠮᠫᠠᠨᠢ ᠂ ᠰᠢᠨ ᠪᠦᠦ ᠱᠧᠨ ᠲᠡᠮᠦᠷ ᠵᠠᠮ ᠵᠡᠷᠭᠡ 10 ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢ ᠤᠷᠤᠭᠤᠯᠤᠨ ᠠᠪᠴᠢᠷᠠᠪᠠ᠃ ᠮᠥᠩᠭᠦᠨ ᠭᠦᠢᠯᠭᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠦ᠂ ᠪᠠᠩᠭᠢ᠂ ᠦᠨᠡᠳᠤ ᠲᠡᠮᠳᠡᠭᠳᠤ ᠵᠡᠷᠭᠡ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠲᠦᠷᠭᠡᠨ ᠰᠦᠷᠦᠭᠵᠢᠵᠤ᠂ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 367 ᠳ᠋ᠦᠩᠰᠢᠭᠤᠷ ᠲᠥᠭᠦᠷᠢᠭ ᠲᠤ ᠬᠦᠷᠴᠦ᠂ 14% ᠪᠠᠷ ᠨᠡᠮᠡᠭᠳᠡᠪᠡ᠃ ᠠᠩᠬᠠᠳᠤᠭᠠᠷ ᠬᠤᠭᠤᠴᠠᠭᠠᠨ ᠤ ᠤᠶᠤᠨᠴᠢ ᠰᠦᠯᠵᠢᠶᠡᠨ ᠮᠠᠰᠢᠨ ᠲᠡᠷᠭᠡᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠭᠤᠷᠪᠠᠳᠤᠭᠠᠷ ᠬᠤᠭᠤᠴᠠᠭᠠᠨ ᠤ ᠮᠥᠩᠭᠦᠨ ᠭᠦᠢᠯᠭᠡᠭᠡᠨ ᠤ ᠠᠵᠤ ᠠᠬᠤᠶ ᠶᠢᠨ ᠶᠠᠷᠢᠶᠠᠨ ᠤ ᠲᠠᠪᠴᠠᠩ᠂ 2021 ᠤᠨ ᠤ ᠮᠠᠰᠢᠨ ᠲᠡᠷᠭᠡᠨ ᠤ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ ᠶᠡᠭᠡ ᠦᠵᠡᠰᠬᠦᠯᠡᠩ ᠤᠨ ᠴᠤᠭᠯᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ 510 ᠳ᠋ᠦᠡᠭᠰᠢᠭᠤᠷ ᠲᠦᠬᠦᠷᠢᠭ ᠲᠤ ᠬᠦᠷᠴᠠᠢ᠃  ᠬᠤᠳᠠ  ᠶᠢᠨ ᠮᠠᠶᠢᠬᠠᠨ ᠪᠠᠭᠤᠴᠠ᠂ ᠤᠷᠠᠨ ᠵᠢᠷᠤᠭ ᠤᠨ ᠣᠷᠳᠣᠨ ᠵᠡᠷᠭᠡ ᠰᠦᠯᠵᠢᠶᠡᠨ ᠤᠳᠤ ᠶᠢᠨ ᠴᠡᠭ ᠢ ᠪᠠᠶᠢᠭᠤᠯᠵᠤ᠂ ︽ᠳᠥᠷᠪᠡᠨ ᠤᠯᠠᠷᠢᠯ ᠳᠤ ᠴᠡᠴᠡᠭ ᠲᠡᠯᠭᠡᠷᠡᠭᠰᠡᠨ ᠬᠢᠶ᠎ᠠ ᠪᠠᠭᠰᠢ ᠳᠤ ᠪᠤᠯᠵᠤᠶ᠎ᠠ︾ ︽ᠮᠤᠷᠢ ᠪᠠᠷ ᠬᠢᠶ᠎ᠠ ᠪᠠᠭᠰᠢ ᠳᠤ ᠵᠤᠭᠠᠴᠠᠶ᠎ᠠ︾ ᠵᠡᠷᠭᠡ ᠨᠠᠷᠠᠲᠤ ᠲᠡᠮᠳᠡᠭᠳᠤ ᠠᠵᠢᠯᠯᠠᠭ᠎ᠠ ᠶᠢ ᠡᠬᠦᠳᠴᠤ᠂   ︽ᠰᠦᠯᠵᠢᠶᠡᠨ ᠤᠳᠤ ᠬᠤᠳᠠ︾  ᠨᠢ ᠰᠤᠶᠤᠯ ᠵᠤᠭᠠᠴᠠᠯ ᠤᠨ ᠦᠢᠯᠡᠰ ᠲᠤ ᠦᠷᠬᠦᠯᠵᠢᠯᠡᠨ ᠬᠦᠴᠤ ᠨᠡᠮᠡᠪᠡ᠃  ︽ᠦᠪᠤᠷ ᠮᠤᠩᠭᠤᠯ ᠤᠨKey︾ ︽ᠬᠢᠶ᠎ᠠ ᠪᠠᠭᠰᠢ ᠶᠢ ᠤᠶᠠᠩᠭᠠᠯᠠᠶ᠎ᠠ︾ ᠵᠡᠷᠭᠡ ᠬᠥᠮᠦᠨ ᠪᠦᠬᠦᠨ ᠤ ᠪᠠᠭ᠋ᠠᠷᠬᠠᠯ ᠢ ᠲᠠᠲᠠᠭᠰᠠᠨ ᠳᠠᠭᠤᠤ ᠨᠢ ᠲᠣᠤᠷ ᠰᠦᠯᠵᠢᠶ᠎ᠡ ᠶᠢ ᠲᠤᠷᠬᠢᠭᠤᠯᠵᠤ  ᠦᠷᠭᠡᠨ ᠢᠶᠠᠷ ᠲᠡᠯᠭᠡᠷᠡᠪᠡ︔ ᠪᠠᠶᠠᠰᠤᠯᠳᠤ ᠬᠢᠶ᠎ᠠ ᠪᠠᠭᠰᠢ  ᠨᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠰᠣᠩᠭᠤᠭᠳᠠᠨ ᠣᠷᠣᠵᠤ᠂  ᠤᠯᠠᠭᠠᠨᠮᠦ᠋ᠷᠡᠨ ᠵᠡᠭᠡᠯᠢ ᠨᠢ ᠤᠯᠤᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠭᠡᠷᠡᠭᠯᠡᠭᠡ ᠲᠥᠪᠯᠡᠷᠡᠭᠰᠡᠨ ᠤᠷᠤᠨ ᠳᠤ ᠰᠣᠩᠭᠤᠭᠳᠠᠨ ᠣᠷᠣᠪᠠ᠃ ᠵᠢᠱᠢᠯᠲᠡ ᠪᠠᠷ ᠪᠥᠬᠦ ᠵᠢᠯ ᠳᠤ 405 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ 24% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 13.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22% ᠢᠶᠠᠷ ᠨᠡᠮᠡᠭᠳᠡᠭᠦᠯᠪᠡ᠃ ᠲᠤᠭᠠᠵᠢᠬᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠤᠯᠠᠨ ᠦᠨᠡᠯᠡᠯᠳᠡ · ᠺᠣᠳ᠋ ᠳᠡᠭᠡᠷᠡᠬᠢ ᠠᠮᠢᠳᠤᠷᠠᠯ︾ ᠨᠡᠶᠢᠭᠡᠮ ᠲᠣᠭᠤᠷᠢᠭ ᠤᠨ ᠣᠶᠤᠨᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ 4 ᠲᠦᠮᠡ ᠰᠢᠬᠠᠮ ᠬᠥᠮᠦᠨ ᠳᠠᠩᠰᠠᠯᠠᠭᠤᠯᠵᠤ᠂ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠲᠠᠬᠢᠨ ᠡᠭᠦᠳᠴᠡᠢ᠃          ︵ᠲᠦᠷᠪᠡ︶ ᠴᠢᠳᠠᠮᠵᠢ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠠᠯᠬᠤᠮ ᠢ ᠠᠯᠬᠤᠪᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠴᠡᠴᠡᠷᠯᠢᠭᠵᠢᠬᠦᠯᠦᠭᠰᠡᠨ ᠬᠤᠳᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠦ ᠲᠠᠭᠤᠰᠬᠠᠨ᠂ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠠᠯᠤᠰ ᠤᠨ ᠵᠢᠷᠤᠭ ᠲᠦᠯᠦᠪᠯᠡᠭᠡ  ᠶᠢ ᠵᠢᠷᠤᠬᠯᠠᠪᠠ᠃  ᠬᠦᠭᠡ ᠰᠢᠨᠠᠭ᠎ᠠ ᠶᠢᠨ ᠬᠡᠰᠡᠭ ᠪᠠ ᠬᠤᠶᠢᠲᠤ ᠬᠡᠰᠡᠭ ᠤᠨ ᠬᠤᠳᠠ ᠶᠢᠨ ᠵᠢᠷᠤᠭ ᠲᠥᠯᠥᠪᠯᠡᠭᠡ ᠶᠢ ᠬᠡᠷᠡᠭᠵᠢᠭᠦᠯᠵᠦ᠂ ᠬᠤᠳᠠ ᠶᠢᠨ ᠪᠦᠬᠦᠯᠢ ᠴᠣᠭᠴᠠ ᠶᠢᠨ  ᠲᠦᠷᠢ ᠲᠦᠷᠬᠦ ᠶᠢᠨ ᠲᠥᠯᠥᠪᠵᠢᠭᠦᠯᠭᠡ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠳᠠ ᠶᠢᠨ ᠬᠦᠭᠵᠢᠯᠳᠡ ᠶᠢᠨ ᠰᠢᠨ᠎ᠡ ᠤᠷᠤᠨ ᠵᠠᠢ ᠶᠢ ᠨᠡᠭᠡᠭᠡᠪᠡ᠃ ᠶᠡᠭᠡ ᠬᠡᠮᠵᠢᠶ᠎ᠡ ᠪᠠᠷ ᠪᠥᠲᠥᠭᠡᠨ ᠪᠠᠶᠢᠭᠤᠯᠬᠤ᠂ ᠶᠡᠭᠡ ᠪᠠᠷ ᠢᠵᠢ ᠪᠥᠷᠢᠳᠦᠭᠦᠯᠦᠨ ᠴᠢᠳᠠᠮᠵᠢ ᠶᠢ ᠰᠠᠶᠢᠵᠢᠷᠠᠭᠤᠯᠬᠤ ᠶᠢ ᠳᠣᠪᠤᠶᠢᠯᠭᠠᠵᠤ᠂ ᠬᠤᠶ ᠰᠢᠨ ᠶᠤᠸᠠᠨ ᠵᠡᠷᠭᠡ 21 ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ  ᠵᠦᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ᠂ ᠬᠤᠶᠢᠲᠤ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ᠂ ᠯᠸᠢ ᠵᠢᠶᠠ ᠫᠦᠸᠧ ᠶᠢᠨ ᠠᠮᠢ ᠠᠬᠤᠶ ᠶᠢᠨ ᠤᠰᠤᠨ ᠰᠢᠰᠲ᠋ᠧᠮ ᠵᠡᠷᠭᠡ  ᠭᠤᠤᠯᠳᠠᠯᠭ᠎ᠠ ᠲᠠᠢ ᠪᠠᠷᠢᠯᠭ᠎ᠠ ᠶᠢ ᠪᠠᠶᠢᠭᠤᠯᠤᠨ ᠲᠠᠭᠤᠰᠬᠠᠪᠠ᠃ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠦᠷᠭᠦᠯᠵᠢᠯᠡᠨ ᠨᠥᠬᠦᠪᠥᠷᠢᠯᠡᠵᠦ᠂ ᠴᠢᠨᠠᠷ ᠰᠠᠶᠢᠲᠠᠶ ᠬᠡᠷᠡᠭᠯᠡᠭᠡᠨ ᠤ ᠣᠷᠣᠨ ᠵᠠᠶ ᠶᠢ ᠥᠷᠭᠡᠳᠬᠡᠨ᠂ ᠯᠠᠩ ᠵᠢᠩ ᠤᠨ ᠬᠤᠶᠠᠳᠤᠭᠠᠷ ᠬᠤᠭᠤᠴᠠᠭ᠎ᠠ᠂ ᠳ᠋ᠢᠩ ᠱᠧᠩ ᠪᠠᠭᠤᠳᠠᠯ᠂ ᠷᠦᠩ ᠳ᠋ᠡ ᠠᠭᠤᠳᠠᠮ ᠲᠠᠯᠠᠪᠠᠶ ᠵᠡᠷᠭᠡ ᠬᠤᠳᠠᠯᠳᠤᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠲᠠᠭᠤᠰᠬᠠᠪᠠ᠃ ᠬᠤᠲᠠ  ᠶᠢ ᠣᠷᠭᠠᠨᠢᠭ ᠢᠶᠠᠷ ᠰᠢᠨᠡᠴᠢᠯᠡᠬᠦ ᠶᠢ ᠠᠬᠢᠭᠤᠯᠵᠤ᠂   ᠺᠠᠨᠭ᠌ ᠴᠸᠡᠭ ᠤᠨ ᠶᠠᠪᠠᠭᠠᠨ ᠬᠦᠮᠤᠨ ᠤ ᠵᠡᠭᠡᠯᠢ᠂  ᠶᠢᠨ ᠵᠢᠶᠠᠩ ᠬᠤᠳᠠᠯᠳᠤᠭᠠᠨ ᠤ ᠲᠣᠭᠤᠷᠢᠭ ᠤᠨ ᠵᠠᠮ ᠬᠠᠷᠢᠯᠴᠠᠭᠠᠨ ᠤ ᠰᠢᠰᠲ᠋ᠧᠮ ᠤᠨ ᠥᠭᠡᠷᠡᠴᠢᠯᠡᠯᠲᠡ ᠪᠠ ᠤᠯᠠᠭᠠᠨᠮᠦ᠋ᠷᠡᠨ ᠨᠠᠭᠤᠷ ᠤᠨ ᠬᠦᠭᠵᠢᠮᠳᠤ ᠣᠷᠭᠢᠯᠤᠮᠠᠯ ᠪᠤᠯᠠᠭ ᠢ ᠰᠡᠯᠪᠢᠨ ᠵᠠᠰᠠᠵᠤ ᠲᠠᠰ ᠳᠡᠪᠰᠢᠭᠦᠯᠬᠦ ᠶᠢ ᠪᠡᠶᠡᠯᠡᠭᠦᠯᠵᠦ᠂ ︽ᠬᠠᠭᠤᠴᠢᠨ ᠦᠵᠡᠮᠵᠢ︾ ᠳᠤ ︽ᠰᠢᠨ᠎ᠡ ᠠᠮᠢᠵᠢᠷᠠᠯ ᠤᠨ ᠬᠦᠴᠦᠨ︾ ᠢ ᠤᠯᠭᠤᠪᠠ᠃ ᠤᠯᠠᠭᠠᠨᠮᠦ᠋ᠷᠡᠨ ᠤ ᠭᠤᠷᠪᠠᠳᠤᠭᠠᠷ ᠨᠣᠮᠧᠷᠲᠤ ᠬᠥᠭᠦᠷᠭᠡ ᠶᠢ ᠪᠠᠶᠢᠭᠤᠯᠤᠨ ᠲᠡᠷᠭᠡ ᠨᠡᠪᠲᠡᠷᠡᠭᠦᠯᠵᠦ᠂  ᠲᠤᠳᠤᠬᠰᠢ ᠬᠤᠯᠪᠤᠯᠳᠤᠵᠤ ᠭᠠᠳᠠᠬᠰᠢ ᠰᠠᠭᠠᠳ ᠥᠬᠡᠶ ᠨᠡᠪᠲᠡᠷᠡᠬᠦ ᠵᠠᠮ ᠱᠤᠭᠤᠮ ᠤᠨ ᠲᠤᠭᠳᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠪᠡ᠃ ᠬᠤᠳᠠ ᠶᠢᠨ ᠨᠠᠷᠢᠯᠢᠬᠵᠢᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠳᠠᠰᠤᠷᠠᠯᠳᠠ ᠦᠬᠡᠢ ᠳᠡᠭᠡᠭᠰᠢᠯᠡᠵᠦ᠂ ᠬᠤᠳᠠ ᠶᠢᠨ ᠨᠠᠷᠢᠯᠢᠭ ᠲᠦᠷᠢ ᠲᠦᠷᠬᠦ ᠨᠢ ᠵᠣᠯ ᠵᠢᠷᠭᠠᠯᠳᠤ ᠲᠦᠷᠦᠭᠳᠡᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢᠨ ᠳᠦᠷᠢ ᠲᠥᠷᠬᠦ ᠶᠢ ᠠᠮᠢᠳᠤᠯᠢᠭ ᠢᠶᠠᠷ ᠲᠠᠶᠢᠯᠪᠤᠷᠢᠯᠠᠵᠠᠢ᠃          ︵ᠲᠠᠪᠤ︶ ᠠᠮᠢ ᠠᠬᠤᠢ ᠶᠢ  ᠤᠷᠢᠳᠠᠪᠠᠷ ᠪᠤᠳᠤᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠬᠢᠶ᠎ᠠ ᠪᠠᠭᠰᠢ ᠶᠢᠨ ᠰᠢᠨ᠎ᠡ ᠲᠦᠷᠢ ᠲᠦᠷᠬᠦ ᠶᠢ ᠢᠯᠡᠷᠡᠬᠦᠯᠪᠡ᠃ ᠠᠮᠢ ᠠᠬᠤᠢ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠠᠮᠢ ᠠᠬᠤᠢ ᠶᠢᠨ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠠᠷᠴᠢᠵᠤ᠂ 2021 ᠣᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ  ᠵᠢᠱᠢᠶ᠎ᠠ ᠦᠵᠡᠭᠦᠯᠬᠦ ᠲᠣᠭᠤᠷᠢᠭ ᠢᠶᠠᠷ ᠦᠨᠡᠯᠡᠭᠳᠡᠵᠦ᠂ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ ᠳᠤ  ᠲᠡᠯᠭᠡᠭᠳᠡᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠬᠢᠶ᠎ᠠ ᠪᠠᠭᠰᠢ ᠳᠠᠬᠢᠨᠲᠠ ᠪᠦᠬᠦ ᠪᠥᠮᠪᠥᠷᠴᠡᠭ ᠤᠨ ᠠᠩᠬᠠᠷᠤᠯ ᠢ ᠲᠠᠲᠠᠪᠠ᠃ ᠨᠡᠬᠦᠳᠡᠯ ᠪᠣᠬᠢᠷᠲᠤᠯ ᠤᠨ ᠡᠬᠢ ᠰᠤᠷᠪᠤᠯᠵᠢ ᠪᠠ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠤᠷᠮ᠎ᠠ ᠶᠢ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠥᠨᠳᠥᠷ ᠪᠣᠯᠭᠠᠪᠠ︔ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂  ᠤᠶᠤᠨᠴᠢ ᠭᠤᠤᠯ ᠮᠥᠷᠡᠨ ᠨᠠᠭᠤᠷ ᠴᠥᠭᠦᠷᠥᠮ ᠤᠨ ᠰᠢᠰᠲ᠋ᠧᠮ ᠢ ᠪᠠᠶᠢᠭᠤᠯᠵᠤ᠂  ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠪᠠᠷ︾  ᠠᠰᠠᠭᠤᠳᠠᠯ ᠢ ᠴᠡᠭᠴᠡᠯᠡᠨ ᠵᠠᠰᠠᠵᠤ᠂ ᠤᠯᠠᠭᠠᠨᠮᠦ᠋ᠷᠡᠨ ᠤᠰᠤᠨ ᠴᠦᠬᠦᠷᠤᠮ ᠤᠨ ᠤᠰᠤᠨ ᠤ ᠴᠢᠨᠠᠷ ᠢ ᠭᠠᠵᠠᠷ ᠳᠡᠭᠡᠷᠡᠬᠢ ᠤᠰᠤ ᠶᠢᠨ Ⅲ ᠲᠥᠷᠥᠯ ᠳᠤ ᠲᠣᠭᠲᠠᠭᠤᠨ ᠢᠶᠠᠷ ᠬᠦᠷᠭᠡᠪᠡ︔ ᠬᠤᠳᠠ ᠶᠢᠨ ᠨᠤᠭᠤᠭᠠᠷᠠᠭᠤᠯᠤᠯᠳᠠ ᠶᠢ ᠴᠢᠩᠭᠠᠳᠬᠠᠵᠤ᠂ ᠵᠤᠬᠢᠶᠠᠮᠠᠯ ᠬᠦᠴᠢᠯᠳᠦᠷᠦ᠋ᠭᠴᠢ ᠶᠢᠨ ᠪᠠᠭᠠᠷ ᠢ ᠪᠦᠳᠤᠭᠡᠨ ᠪᠠᠶᠢᠭᠤᠯᠵᠤ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠶᠢ 3900 ᠮᠥ ᠰᠢᠨ᠎ᠡ ᠪᠠᠷ ᠨᠡᠮᠡᠭᠳᠡᠭᠦᠯᠵᠦ᠂  ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 35% ᠳᠤ ᠬᠦᠷᠭᠡᠵᠤ᠂  ᠴᠢᠬᠢᠭᠯᠢᠭ ᠨᠤᠶᠢᠳᠠᠨ ᠠᠭᠤᠷ ᠠᠮᠢᠰᠬᠤᠯ ᠢ ᠲᠦᠷᠭᠡᠨ ᠪᠤᠢ ᠪᠤᠯᠭᠠᠵᠤ᠂  ᠵᠢᠯ ᠤᠨ ᠲᠤᠨᠳᠠᠰᠤᠨ ᠤ ᠬᠡᠮᠵᠢᠶ᠎ᠡ 427 ᠮᠢᠯᠢᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 120 ᠮᠢᠯᠢᠮᠧᠲᠷ ᠨᠡᠮᠡᠭᠳᠡᠨ᠂ ᠠᠮᠢ ᠠᠬᠤᠶ ᠶᠢᠨ ᠴᠡᠪᠡᠷ ᠠᠰᠢᠭ ᠦᠷᠭᠦᠯᠵᠢᠯᠡᠨ ᠨᠡᠮᠡᠭᠳᠡᠵᠤ ᠪᠠᠶᠢᠨ᠎ᠠ᠃          ︵ᠵᠢᠷᠭᠤᠭ᠎ᠠ︶ ᠬᠥᠮᠦᠨ ᠢᠶᠠᠷ ᠦᠨᠳᠦᠰᠦ ᠪᠤᠯᠭᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠶᠢ ᠪᠠᠷᠢᠮᠲᠠᠯᠠᠨ᠂ ᠨᠡᠶᠢᠭᠡᠮ ᠤᠨ  ᠦᠢᠯᠡᠰ ᠢ ᠰᠢᠨ᠎ᠡ ᠳᠠᠪᠰᠢᠯᠲᠠ ᠲᠠᠢ ᠪᠣᠯᠭᠠᠪᠡ᠃ ᠬᠤᠳᠠ ᠪᠠᠯᠭᠠᠰᠤᠨ ᠤ 502 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 2.5% ᠶᠢᠨ ᠳᠣᠲᠣᠷ᠎ᠠ ᠬᠢᠵᠠᠭᠠᠷᠯᠠᠵᠤ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢ ᠬᠥᠳᠡᠯᠦᠩᠭᠦᠶ ᠪᠠᠷ  ᠦᠭᠡᠢ ᠪᠣᠯᠭᠠᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠭᠤᠬᠤ ᠠᠳᠠᠯ ᠦᠢᠯᠡᠰ ᠪᠤᠰᠬᠠᠬᠤ ᠨᠥᠬᠦᠪᠥᠷᠢ ᠶᠢ  1440 ᠲᠦᠮᠡᠨ ᠲᠥᠭᠦᠷᠢᠭ ᠲᠠᠷᠬᠠᠭᠠᠵᠤ᠂ ᠠᠳᠠᠯ ᠦᠢᠯᠡᠰ ᠪᠤᠰᠬᠠᠬᠤ ᠵᠢᠭᠡᠯᠡᠯᠭᠡ ᠶᠢ ᠨᠡᠶᠢᠲᠡ 840 ᠲᠦᠮᠡᠨ ᠲᠥᠭᠦᠷᠢᠭ ᠲᠠᠯᠪᠢᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠡᠭᠭᠡᠷᠡᠬᠦᠯᠬᠦ︾ ᠠᠵᠢᠯ ᠨᠢ ᠰᠤᠷᠭᠠᠨ ᠬᠥᠮᠦᠵᠢᠯ ᠤᠨ ᠶᠠᠮᠤᠨ ᠤ ᠦᠨᠡᠯᠡᠯᠳᠡ ᠶᠢ ᠣᠯᠵᠤ᠂ ᠪᠥᠬᠦ ᠤᠯᠤᠰ ᠤᠨ 17 ︽ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠳᠤ ᠤᠷᠤᠭᠰᠠᠨ ᠪᠠᠶᠢᠨ᠎ᠠ︔ ᠠᠷᠪᠠᠨ ᠳᠥᠷᠪᠡᠳᠦᠭᠡᠷ ᠬᠡᠦᠬᠡᠳ ᠤᠨ ᠴᠡᠴᠡᠷᠯᠢᠭ᠂ ᠶᠢᠰᠦᠳᠦᠭᠡᠷ ᠪᠠᠭ᠎ᠠ ᠰᠤᠷᠭᠠᠭᠤᠯᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠥᠷᠭᠡᠳᠬᠡᠪᠡ ︔ ᠬᠤᠲᠠ ᠶᠢᠨ ᠨᠢᠭᠡᠳᠦᠭᠡᠷ ᠳᠤᠮᠳᠠᠳᠤ  ᠰᠤᠷᠭᠠᠭᠤᠯᠢ ᠶᠢᠨ ᠵᠡᠬᠦᠨ ᠰᠤᠷᠭᠠᠭᠤᠯᠢ ᠵᠢᠩᠬᠢᠨᠢ ᠪᠠᠷ ᠫᠠᠶᠢᠰᠠ ᠡᠯᠭᠦᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠦᠨ ᠪᠠᠶᠢᠷᠢ ᠶᠢ ᠲᠡᠪᠰᠢᠬᠦᠯᠬᠦ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠡᠩᠭᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠨ ᠰᠠᠶᠢᠵᠢᠷᠠᠭᠤᠯᠵᠤ᠂ ᠵᠦᠵᠢᠶᠠᠩ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ  ᠤᠨ ᠲᠦᠪ ᠡᠬᠢᠯᠡᠨ ᠨᠡᠬᠦᠯᠭᠡᠨ ᠪᠠᠶᠢᠭᠤᠯᠵᠤ᠂ ᠭᠠᠵᠠᠷ ᠢ ᠰᠤᠩᠭᠤᠨ᠂ ︽10 ᠮᠢᠨᠦ᠋ᠲ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠤᠷᠢᠭ︾  ᠢ ᠠᠩᠬ᠎ᠠ ᠠᠯᠬᠤᠮ ᠪᠠᠶᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ  ᠲᠤᠬᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠃ ᠭᠡᠷ ᠪᠠᠶᠢᠰᠢᠩ ᠭᠠᠵᠠᠷ ᠬᠦᠷᠦᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾  ᠲᠦᠷᠦᠯ ᠵᠦᠢᠯ ᠢ 36 ᠰᠢᠢᠳᠪᠤᠷᠢᠯᠡᠵᠤ᠂ 15059 ᠢᠵᠢ ᠭᠡᠷ ᠪᠠᠶᠢᠰᠢᠩ ᠳᠤ ᠥᠮᠴᠢᠯᠡᠯ ᠤᠨ ᠡᠷᠬᠡ ᠶᠢᠨ ᠦᠨᠡᠮᠯᠡᠯ ᠣᠯᠭᠤᠵᠤ᠂ ᠪᠡᠶᠡᠯᠡᠭᠦᠯᠦᠭᠰᠡᠨ ᠨᠤᠷᠮ᠎ᠠ ᠨᠢ ᠪᠦᠬᠦ ᠬᠤᠳᠠ ᠳᠤ  ᠲᠡᠷᠢᠬᠦᠨ ᠳᠤ ᠣᠷᠣᠪᠠ᠃ 15 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠴᠠᠬᠢᠯᠭᠠᠨ ᠱᠠᠳᠤ ᠦᠭᠡᠢ 19 ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠪᠠ᠃ ᠠᠮᠢ ᠠᠬᠤᠶ ᠶᠢᠨ ᠨᠡᠭᠦᠳᠡᠯ ᠠᠷᠠᠳ ᠤᠨ ᠠᠮᠢᠳᠤᠷᠠᠯ ᠤᠨ ᠨᠥᠬᠦᠪᠥᠷᠢ᠂ ᠠᠯᠪᠠᠨ ᠪᠠᠶᠢᠭᠤᠯᠭ᠎ᠠ ᠠᠵᠢᠯ ᠦᠢᠯᠡᠰ ᠤᠨ  ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠷᠢᠳᠦᠭᠰᠡᠨ 3.4 ᠳ᠋ᠦᠩᠰᠢᠭᠤᠷ ᠲᠥᠭᠦᠷᠢᠭ ᠢ ᠲᠤᠰᠢᠶᠠᠵᠤ᠂ ︽ᠠᠷᠠᠳ ᠤᠨ ᠠᠮᠢᠳᠤᠷᠠᠯ ᠤᠨ ᠪᠠᠯᠠ ᠮᠥᠩᠭᠦ ᠶᠢ ᠥᠷᠢᠲᠦᠬᠦ ᠥᠬᠡᠶ︾ ᠭᠡᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠪᠡ᠃ ᠪᠸᠢ ᠴᠧᠨ ᡁᠢ ᠰᠢᠩ ᠲᠥᠪᠬᠢᠨᠡᠭᠦᠯᠬᠦ ᠣᠷᠣᠨ ᠰᠠᠭᠤᠴᠠ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠵᠦ᠂ ᠲᠠᠷᠢᠶᠠᠴᠢᠳ ᠢ ᠭᠤᠷᠪᠠᠳᠤᠭᠠᠷ ᠠᠵᠤ ᠦᠢᠯᠡᠰ ᠡᠷᠬᠢᠯᠡᠬᠦ ᠵᠦᠭ ᠰᠢᠯᠵᠢᠬᠦᠯᠬᠦ ᠲᠦᠪᠬᠢᠨᠡᠬᠦᠯᠬᠦ ᠭᠡᠷ ᠪᠠᠶᠢᠰᠢᠩ ᠤᠨ ᠵᠢᠭᠤᠷᠠᠯᠳᠤᠭᠠᠨ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠤᠷᠢᠯᠡᠪᠡ᠃ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠡᠮᠬᠢ ᠵᠢᠷᠤᠮ ᠲᠠᠢ  ᠦᠷᠨᠢᠬᠦᠯᠵᠤ᠂ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ᠂ ᠬᠠᠷᠢᠶᠠᠲᠤ ᠨᠠᠷ ᠤᠨ ᠶᠠᠪᠤᠳᠠᠯ᠂  ᠴᠠᠭ ᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ᠂ ᠡᠮᠡᠭᠲᠡᠶᠢᠴᠦᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠨᠢᠭᠦᠯᠡᠰᠦᠩᠭᠦᠶ ᠶᠢᠨ ᠦᠢᠯᠡᠰ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ ᠤᠯᠵᠤ᠂  ᠡᠮᠡᠭᠳᠡᠶᠢᠴᠤᠳ ᠭᠡᠤᠭᠡᠳ ᠨᠠᠰᠤᠳᠠᠶᠢᠴᠤᠳ ᠵᠡᠮᠳᠡᠭᠴᠤᠳ ᠤᠨ ᠨᠦᠬᠦᠷᠰᠡᠭ ᠬᠤᠳᠠ ᠶᠢ ᠴᠢᠷᠮᠠᠶᠢᠨ ᠪᠦᠳᠤᠭᠡᠨ ᠪᠠᠶᠢᠭᠤᠯᠵᠤ᠂ ᠳᠠᠷᠬᠠᠨ ᠨᠡᠶᠢᠭᠡᠮ ᠲᠣᠭᠤᠷᠢᠭ ᠪᠦᠬᠦ ᠤᠯᠤᠰ ᠤᠨ ᠵᠢᠱᠢᠶ᠎ᠠ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢᠶᠠᠷ ᠦᠨᠡᠯᠡᠭᠳᠡᠵᠤ᠂ ᠺᠠᠩ ᠴᠧᠩ ᠨᠡᠶᠢᠭᠡᠮ ᠲᠣᠭᠤᠷᠢᠭ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠠ ᠦᠵᠡᠭᠦᠯᠬᠦ ᠨᠡᠶᠢᠭᠡᠮ ᠲᠣᠭᠤᠷᠢᠭ ᠢᠶᠠᠷ ᠦᠨᠡᠯᠡᠭᠳᠡᠵᠦ᠂ ᠬᠢᠶ᠎ᠠ ᠪᠠᠭᠰᠢ ᠨᠢ ᠤᠯᠤᠰ ᠤᠨ ᠠᠩᠬᠠᠳᠠᠭᠴᠢ ᠪᠦᠯᠦᠭ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠤᠨᠴᠠᠯᠢᠬᠳᠤ ᠰᠠᠭᠤᠷᠢᠨ ᠭᠠᠵᠠᠷ ᠢᠶᠠᠷ ᠲᠣᠭᠳᠠᠭᠠᠭᠳᠠᠪᠡ᠃          ᠲᠦᠯᠦᠭᠡᠯᠡᠭᠴᠢᠳ ᠡ᠂ ᠤᠳᠠᠯ ᠦᠭᠡᠢ ᠦᠡᠭᠭᠡᠷᠡᠬᠦ ᠭᠡᠵᠤ ᠪᠠᠶᠢᠭ᠎ᠠ 2021 ᠣᠨ ᠪᠤᠯ ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠰᠡᠬᠦᠯᠴᠢ ᠶᠢᠨ ᠨᠢᠭᠡ ᠵᠢᠯ ᠪᠤᠯᠤᠨ᠎ᠠ᠂  ᠪᠠᠰᠠ ᠴᠤ ᠲᠤᠭᠤᠷᠢᠭ ᠤᠨ ᠠᠩᠬᠠᠳᠤᠭᠠᠷ ᠬᠤᠭᠤᠴᠠᠭᠠᠨ ᠤ  ᠠᠷᠠᠳ ᠤᠨ ᠵᠠᠰᠠᠭ ᠤᠨ ᠤᠷᠳᠤᠨ ᠤ ᠦᠡᠭᠭᠡ ᠭᠡᠷᠡᠯᠳᠤ ᠴᠠᠭ ᠮᠦᠴᠡ ᠮᠥᠨ᠃ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠬᠰᠢᠳᠠᠢ ᠪᠡᠶᠡᠯᠡᠭᠦᠯᠦᠭᠰᠡᠨ ᠨᠢ  ᠵᠢᠯ ᠤᠨ ᠡᠬᠢᠨ ᠠᠴᠠ ᠨᠠᠭᠠᠰᠢ ᠲᠤᠰ ᠬᠤᠭᠤᠴᠠᠭᠠᠨ ᠤ ᠵᠠᠰᠠᠭ ᠤᠨ ᠤᠷᠳᠤᠨ ᠠᠷᠠᠳ ᠤᠯᠠᠨ ᠳᠤ ᠠᠮᠠᠯᠳᠤᠬᠰᠠᠨ ᠡᠯ᠎ᠡ ᠲᠦᠷᠦᠯ ᠤᠨ ᠠᠮᠠᠯᠠᠯᠳᠠ ᠪᠠᠨ ᠲᠤᠭ᠎ᠠ ᠶᠤᠰᠤᠭᠠᠷ ᠪᠠᠶᠠᠯᠡᠬᠦᠯᠦᠭᠰᠡᠨ ᠢ ᠬᠠᠷᠠᠭᠤᠯᠵᠤ ᠪᠠᠶᠢᠨ᠎ᠠ᠂  ᠪᠠᠰᠠ ᠴᠦ ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠠᠮᠵᠢᠯᠲᠠ ᠲᠠᠢ ᠲᠡᠭᠦᠰᠦᠭᠰᠡᠨ ᠢ ᠬᠠᠷᠠᠭᠤᠯᠵᠤ ᠪᠠᠶᠢᠨ᠎ᠠ᠃           ᠭᠡᠳᠤᠨ ᠵᠢᠯ ᠤᠨ ᠰᠠᠯᠬᠢ ᠪᠤᠷᠤᠭᠠᠨ ᠢ ᠲᠤᠭᠤᠯᠵᠤ᠂ ᠠᠮᠵᠢᠯᠲᠠ ᠶᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠣᠯᠤᠭᠰᠠᠨ ᠠᠮᠵᠢᠯᠲᠠ ᠪᠠ ᠳᠠᠪᠰᠢᠯᠲᠠ ᠨᠢᠭᠡᠪᠦᠷᠢ ᠪᠣᠯ ᠴᠥᠮ ᠲᠤᠭᠤᠷᠢᠭ ᠤᠨ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠶᠡᠭᠡ ᠪᠠᠷ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ ᠭᠡᠳᠡᠭ ᠢ ᠪᠢᠳᠡ ᠭᠦᠨᠵᠡᠭᠡᠶ ᠣᠶᠢᠯᠠᠭᠠᠵᠤ ᠪᠠᠶᠢᠨ᠎ᠠ᠃ ᠡ᠊ᠨᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠂ ᠵᠠᠰᠠᠭ ᠤᠨ ᠣᠷᠳᠣᠨ ᠤ ᠠᠵᠢᠯ ᠳᠤ ᠬᠢᠨᠠᠯᠲᠠ ᠲᠠᠯᠪᠢᠵᠤ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠬᠢᠶ᠎ᠠ ᠪᠠᠭᠰᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕          ᠬᠡᠳᠦᠨ ᠵᠢᠯ ᠤᠨ ᠰᠢᠷᠭᠠᠭᠤ ᠴᠢᠷᠮᠠᠶᠢᠯᠭ᠎ᠠ ᠶᠢᠨ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠡᠷᠬᠡᠪᠰᠢ ᠨᠠᠮ ᠤᠨ ᠤᠳᠤᠷᠢᠳᠤᠯᠭ᠎ᠠ ᠶᠢᠨ ᠭᠤᠤᠯᠯᠠᠬᠤ ᠪᠠᠶᠢᠷᠢ ᠰᠠᠭᠤᠷᠢ  ᠶᠢ ᠢᠮᠠᠭᠲᠠ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ︔ ᠡᠷᠬᠡᠪᠰᠢ ᠬᠥᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠢᠮᠠᠭᠲᠠ ᠪᠠᠷᠢᠮᠲᠠᠯᠠᠵᠤ᠂ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠬᠦᠳᠤᠯᠤᠮᠵᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠲᠠᠯᠪᠢᠬᠤ ᠬᠡᠷᠡᠭᠲᠡᠶ︔ ᠡᠷᠬᠡᠪᠰᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠭᠠᠳᠠᠭᠠᠳᠤ ᠣᠷᠴᠢᠨ ᠲᠣᠭᠤᠷᠢᠨ ᠤ ᠭᠦᠨᠵᠡᠭᠡᠢ ᠬᠤᠪᠢᠷᠠᠯᠲᠠ ᠶᠢ ᠪᠦᠲᠦᠮᠵᠢᠲᠡᠢ ᠠᠷᠭᠠᠴᠠᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ︔ ᠡᠷᠬᠡᠪᠰᠢ ᠠᠷᠠᠳ ᠤᠨ ᠲᠥᠯᠥᠭᠡ ᠲᠦᠷᠦ ᠪᠠᠷᠢᠬᠤ ᠡᠨᠡᠬᠦ ᠦᠨᠳᠦᠰᠦᠨ ᠵᠦᠢᠯ ᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠬᠠᠯᠠᠭᠤᠨ ᠬᠦᠢᠲᠡᠨ ᠢ ᠴᠠᠭ ᠢᠮᠠᠭᠲᠠ ᠬᠠᠯᠠᠮᠵᠢᠯᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠴᠢᠷᠮᠠᠶᠢᠨ ᠨᠡᠮᠡᠭᠳᠡᠭᠦᠯᠬᠦ ᠬᠡᠷᠡᠭᠲᠡᠢ︔ ᠡᠷᠬᠡᠪᠰᠢ ᠥᠭᠡᠷᠡᠴᠢᠯᠡᠯᠲᠡ ᠨᠡᠬᠡᠬᠡᠯᠳᠡ ᠶᠢᠨ ᠪᠠᠶᠢᠯᠳᠤᠬᠤ ᠪᠤᠳᠤᠯᠭ᠎ᠠ ᠶᠢ ᠢᠮᠠᠭᠲᠠ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠠ ᠶᠢ ᠥᠷᠭᠡᠳᠬᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠪᠠᠳᠠᠷᠠᠭᠤᠯᠬᠤ ᠬᠡᠷᠡᠭᠲᠡᠢ︔ ᠡᠷᠬᠡᠪᠰᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠨᠡ ᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠵᠤ ᠠᠬᠤᠶ ᠬᠢᠭᠡᠳ ᠨᠡᠶᠢᠭᠡᠮ᠂ ᠠᠮᠤᠷ ᠲᠦᠪᠰᠢᠨ ᠬᠢᠭᠡᠳ ᠬᠥᠭᠵᠢᠯᠲᠡ᠂ ᠬᠥᠮᠦᠨ ᠬᠢᠭᠡᠳ ᠪᠠᠶᠢᠭᠠᠯᠢ ᠶᠢᠨ ᠵᠣᠬᠢᠴᠠᠩᠭᠤᠶ ᠬᠥᠭᠵᠢᠯᠲᠡ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠶ ᠭᠡᠳᠡᠭ ᠢ ᠪᠢᠳᠡ ᠭᠦᠨᠵᠡᠭᠡᠶ ᠣᠶᠢᠯᠠᠭᠠᠵᠤ ᠪᠠᠶᠢᠨ᠎ᠠ᠃ ᠡᠳᠡᠭᠡᠷ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠦᠢᠯᠡᠳᠦᠯᠭᠡ ᠶᠢᠨ ᠪᠣᠳᠠᠲᠤ ᠶᠠᠪᠤᠳᠠᠯ ᠪᠣᠯᠬᠤ ᠪᠥᠭᠡᠳ ᠪᠠᠰᠠ ᠴᠤ ᠣᠳᠣᠬᠠᠨ ᠳᠤ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠳᠤ ᠪᠠᠷᠢᠮᠲᠠᠯᠠᠪᠠᠯ ᠵᠣᠬᠢᠬᠤ ᠵᠢᠯᠣᠭᠤᠳᠬᠤ ᠴᠢᠭᠯᠡᠯᠲᠡ ᠪᠣᠯᠬᠤ ᠶᠤᠮ᠃          ᠠᠮᠵᠢᠯᠳᠠ ᠪᠦᠳᠤᠮᠵᠢ ᠪᠠᠨ ᠤᠯᠵᠤ ᠬᠠᠷᠠᠬᠤ ᠶᠢᠨ ᠬᠠᠮᠳᠤ ᠪᠢᠳᠡ ᠪᠠᠰᠠ ᠬᠢᠶ᠎ᠠ ᠪᠠᠭᠰᠢ ᠶᠢᠨ ᠬᠦᠭᠵᠢᠯᠳᠡ ᠳᠤ ᠡᠳᠤᠢ ᠲᠡᠳᠤᠢ ᠠᠰᠠᠭᠤᠳᠠᠯ ᠪᠠ ᠬᠦᠷᠤᠯᠴᠡᠬᠦ ᠦᠭᠡᠢ ᠲᠠᠯ᠎ᠠ ᠤᠷᠤᠰᠢᠵᠤ ᠪᠠᠶᠢᠨ᠎ᠠ ᠭᠡᠳᠡᠭ ᠢ ᠰᠡᠷᠭᠡᠭ ᠢᠶᠠᠷ ᠤᠯᠵᠤ ᠲᠠᠨᠢᠬᠤ ᠭᠡᠷᠡᠭᠳᠡᠢ ᠪᠡᠶᠢᠨ᠎ᠠ᠃ ᠨᠢᠭᠡ ᠳᠤ ᠠᠵᠤ ᠠᠬᠤᠢ ᠶᠢᠨ ᠶᠡᠷᠤᠩᠭᠡᠢ ᠭᠡᠮᠵᠢᠶ᠎ᠡ ᠮᠦᠨ ᠯᠠ ᠪᠠᠭ᠎ᠠ ᠪᠠᠶᠢᠨ᠎ᠠ᠃ ᠭᠡᠳᠤᠶᠢᠪᠠᠷ ᠠᠵᠤ ᠠᠬᠤᠢ ᠶᠢᠨ ᠭᠤᠤᠯ ᠪᠤᠯᠬᠤ ᠬᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠳᠤ ᠲᠡᠷᠢᠬᠦᠯᠡᠵᠤ ᠪᠠᠶᠢᠭ᠎ᠠ ᠪᠤᠯᠪᠠᠴᠤ ᠤᠯᠤᠰ ᠠᠷᠠᠳ ᠤᠨ ᠠᠵᠤ ᠠᠬᠤᠢ ᠶᠢᠨ ᠦᠢᠯᠡᠳᠬᠦᠨ ᠤ ᠶᠡᠷᠤᠩᠭᠡᠢ ᠦᠷᠳᠡᠭ ᠪᠠ ᠡᠳ᠋ ᠤᠨ ᠵᠠᠰᠠᠭ ᠤᠨ ᠤᠷᠤᠯᠭ᠎ᠠ ᠪᠠᠭ᠎ᠠ᠂ ᠲᠤᠭᠤᠷᠢᠭ ᠤᠨ ᠪᠠᠶᠢᠳᠠᠯ ᠢ ᠦᠨᠳᠤᠰᠤᠨ ᠠᠴᠠ ᠨᠢ ᠬᠤᠪᠢᠷᠠᠭᠤᠯᠵᠤ ᠲᠡᠶᠢᠯᠦᠭᠡᠳᠤᠢ᠂ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠪᠤᠯᠤᠨ ᠬᠠᠮᠳᠤᠪᠠᠷ ᠴᠢᠨᠠᠭᠡᠯᠢᠭᠵᠢᠬᠦ ᠬᠠᠷᠠᠯᠳᠠ ᠮᠦᠨ ᠯᠠ ᠨᠡᠯᠢᠶᠡᠳ ᠶᠡᠭᠡ ᠵᠦᠷᠢᠶ᠎ᠡ ᠲᠠᠢ ᠪᠠᠶᠢᠬᠰᠠᠭᠠᠷ᠃ ᠬᠤᠶᠠᠷ ᠲᠤ ᠠᠵᠤ ᠦᠢᠯᠡᠰ ᠤᠨ ᠪᠦᠳᠤᠴᠡ ᠵᠦᠢ ᠵᠤᠬᠢᠰ ᠦᠭᠡᠢ ᠪᠠᠶᠢᠨ᠎ᠠ᠃  ︽ᠨᠢᠭᠡᠳᠤᠭᠡᠷ ᠠᠵᠤ ᠦᠢᠯᠡᠰ︾  ᠤᠨ ᠬᠤᠪᠢ ᠨᠡᠮᠡᠷᠢ ᠲᠡᠭ ᠭᠡᠮᠵᠢᠶᠡᠨ ᠳᠤ ᠪᠠᠶᠢᠵᠤ᠂  ᠬᠤᠳᠠ ᠶᠢᠨ ᠠᠮᠤ ᠪᠤᠳᠠᠭᠠᠨ ᠤ ᠤᠭᠤᠳᠠ᠂ ᠨᠤᠭᠤᠭ᠎ᠠ ᠶᠢᠨ ᠰᠠᠬᠰᠤ ᠦᠪᠡᠷ ᠢ ᠪᠠᠨ ᠬᠠᠨᠭ᠍ᠭᠠᠵᠤ ᠲᠡᠶᠢᠯᠬᠦ ᠦᠭᠡᠢ ᠪᠠᠶᠢᠨ᠎ᠠ︔ ︽ᠬᠤᠶᠠᠳᠤᠭᠠᠷ ᠠᠵᠤ ᠦᠢᠯᠡᠰ︾  ᠤᠨ ᠭᠡᠪᠴᠢᠶᠡᠵᠢᠭᠰᠡᠨ ᠠᠵᠤ ᠠᠬᠤᠶᠢᠯᠠᠯ ᠤᠨ ᠶᠡᠷᠤᠩᠭᠡᠢ ᠭᠡᠮᠵᠢᠶ᠎ᠡ ᠪᠠᠭ᠎ᠠ ᠪᠠᠶᠢᠵᠤ᠂ ᠡᠳ᠋ ᠤᠨ ᠵᠠᠰᠠᠭ ᠲᠠᠬᠢ ᠬᠤᠪᠢ ᠨᠡᠮᠡᠷᠢ ᠲᠤᠤᠷ᠎ᠠ ᠪᠠᠶᠢᠬᠰᠠᠭᠠᠷ︔ ︽ᠭᠤᠷᠪᠠᠳᠤᠭᠠᠷ ᠠᠵᠤ ᠦᠢᠯᠡᠰ︾  ᠶᠡᠭᠡ ᠪᠣᠯᠪᠠᠴᠤ ᠬᠦᠴᠦᠷᠬᠡᠭ ᠪᠢᠰᠢ᠂  ᠬᠤᠳᠠ ᠶᠢᠨ ᠭᠤᠤᠯᠯᠠᠬᠤ ᠠᠵᠤ ᠦᠢᠯᠡᠰ ᠪᠤᠯᠤᠬᠰᠠᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠨᠢ ᠠᠵᠤ ᠠᠬᠤᠶ ᠶᠢᠨ ᠦᠷᠭᠦᠯᠵᠢᠯᠡᠨ ᠳᠡᠭᠡᠳᠦ ᠬᠤᠷᠳᠤᠴᠠ ᠪᠠᠷ ᠨᠡᠮᠡᠭᠳᠡᠬᠦ ᠶᠢ ᠲᠤᠯᠭᠠᠭᠤᠷᠢᠯᠠᠬᠤ ᠳᠤ ᠬᠠᠷᠠᠬᠠᠨ ᠬᠦᠴᠢᠷᠲᠡᠶ ᠪᠠᠶᠢᠵᠤ᠂ ᠪᠦᠬᠦ ᠬᠤᠳᠠ ᠶᠢᠨ ᠲᠡᠷᠢᠬᠦᠨ ᠳᠤ ᠤᠷᠤᠵᠤ ᠲᠡᠰ ᠲᠡᠪᠰᠢᠬᠦ ᠰᠠᠭᠤᠷᠢ ᠪᠠᠬᠢᠵᠢᠭᠡᠳᠤᠢ ᠪᠠᠶᠢᠬᠰᠠᠭᠠᠷ᠃ ᠭᠤᠷᠪᠠ ᠳᠤ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠤᠯᠤᠨ ᠲᠠᠭᠠᠭᠤᠯᠬᠤ ᠦᠢᠯᠡᠳᠤᠯ ᠢ ᠮᠥᠨ ᠯᠠ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠴᠢᠳᠠᠪᠤᠷᠢᠳᠠᠨ ᠢ ᠣᠷᠣᠭᠤᠯᠤᠨ  ᠠᠪᠴᠢᠷᠠᠵᠤ ᠪᠤᠶᠢᠵᠢᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠴᠢᠶᠠᠯᠠᠪᠤᠷᠢ ᠴᠦᠭᠡᠨ ᠠᠴᠠ ᠪᠤᠯᠵᠤ ᠴᠢᠳᠠᠪᠤᠷᠢᠳᠠᠨ ᠤ ︽ᠨᠢᠭᠡᠳᠤᠭᠡᠷ ᠡᠬᠢ ᠪᠠᠶᠠᠯᠢᠭ︾ ᠪᠠ ᠰᠢᠨᠵᠢᠯᠡᠬᠦ ᠤᠬᠠᠭᠠᠨ ᠮᠡᠷᠭᠡᠵᠢᠯ  ᠤᠨ ︽ᠨᠢᠭᠡᠳᠤᠭᠡᠷ ᠦᠢᠯᠡᠳᠪᠤᠷᠢᠯᠡᠯ ᠤᠨ ᠬᠦᠴᠤᠨ︾ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠲᠤᠯᠭᠠᠭᠤᠷᠢᠯᠠᠬᠤ ᠦᠢᠯᠡᠳᠤᠯ ᠢ ᠬᠦᠢᠴᠡᠳ ᠢᠯᠡᠷᠡᠬᠦᠯᠵᠤ ᠲᠡᠶᠢᠯᠬᠦ ᠦᠭᠡᠢ ᠪᠠᠶᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠬᠦᠴᠦᠲᠡᠶ ᠠᠷᠭ᠎ᠠ ᠪᠠᠷᠢᠯ ᠢ ᠠᠪᠴᠤ᠂ ᠰᠢᠢᠳᠪᠤᠷᠢᠯᠡᠬᠦ ᠶᠢ ᠢᠳᠡᠪᠬᠢᠲᠡᠶ ᠪᠠᠷ ᠠᠬᠢᠭᠤᠯᠤᠨ᠎ᠠ᠃          ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠭᠤᠣᠯᠳᠠᠯᠭ᠎ᠠ ᠲᠠᠢ ᠠᠵᠢᠯ          ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠡᠬᠢᠯᠡᠯᠲᠡ ᠶᠢᠨ ᠬᠤᠭᠤᠴᠠᠭ᠎ᠠ ᠮᠥᠨ᠂ ᠮᠠᠨ ᠤ ᠲᠤᠭᠤᠷᠢᠭ ᠤᠨ ᠤᠳᠤᠬᠢᠴᠢᠯᠠᠬᠰᠠᠨ ᠭᠤᠤᠯᠳᠠᠯᠭᠠᠳᠤ ᠬᠤᠳᠠ ᠶᠢᠨ ᠲᠣᠭᠤᠷᠢᠭ ᠢ ᠲᠦᠷᠭᠡᠨ ᠪᠦᠳᠦᠭᠡᠨ ᠪᠠᠶᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠤᠨ᠎ᠠ᠃ ᠲᠤᠭᠤᠷᠢᠭ ᠤᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠬᠢᠶ᠎ᠠ ᠪᠠᠭᠰᠢ ᠶᠢᠨ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ ᠪᠦᠬᠦ ᠲᠠᠯ᠎ᠠ ᠪᠠᠷ ᠪᠠᠶᠢᠷᠢᠯᠠᠭᠤᠯᠵᠤ᠂ ︽ᠭᠤᠷᠪᠠᠨ ᠭᠤᠣᠯᠳᠠᠯᠭ᠎ᠠ︾ ᠶᠢ ᠪᠠᠶᠢᠭᠤᠯᠬᠤ ᠪᠠ ︽ᠥᠨᠳᠥᠷ ᠲᠦᠪᠰᠢᠨ  ᠪᠦᠬᠦᠢ ᠣᠳᠣᠬᠢᠴᠢᠯᠠᠭᠰᠠᠨ ᠣᠷᠣᠨ ᠪᠦᠰᠡ ᠶᠢᠨ ᠤᠷᠢᠳᠠᠪᠠᠷ ᠭᠡᠷᠡᠭᠵᠢᠬᠦᠯᠬᠦ ᠵᠢᠱᠢᠶ᠎ᠠ ᠦᠵᠡᠭᠦᠯᠬᠦ ᠵᠠᠮ ᠢ ᠲᠦᠷᠦᠬᠦᠯᠡᠨ ᠨᠡᠭᠡᠭᠡᠬᠦ︾ ᠲᠡᠮᠡᠴᠡᠬᠦ ᠬᠠᠷᠠᠯᠲᠠ ᠶᠢ ᠲᠣᠳᠣᠷᠬᠠᠢ ᠳᠤᠷᠠᠳᠴᠠᠢ᠃ ᠪᠢᠳᠡ ᠳᠡᠭᠡᠳᠦ ᠱᠠᠲᠤ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠂ ︽ᠤᠯᠤᠰ ᠤᠨ ᠶᠡᠭᠡ ᠶᠠᠪᠤᠳᠠᠯ︾ ᠢ ᠪᠠᠭᠳᠠᠭᠠᠵᠤ᠂ ᠬᠠᠨᠴᠤᠶ ᠰᠢᠮᠠᠯᠠᠨ ᠴᠢᠷᠮᠠᠶᠢᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠢᠶ᠎ᠠ ᠪᠠᠭᠰᠢ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠤᠨ᠎ᠡ᠃          ᠲᠤᠭᠤᠷᠢᠭ ᠤᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠮᠠᠷᠺᠰ ᠯᠧᠨᠢᠨ ᠤ ᠦᠵᠡᠯ᠂ ᠮᠠᠤ  ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠠ ᠬᠦᠭᠵᠢᠯᠳᠡ ᠶᠢᠨ ᠤᠶᠢᠯᠠᠭᠠᠬᠳᠠᠬᠤᠨ ᠢ ᠪᠦᠷᠢᠨ ᠲᠦᠬᠦᠷ᠂ ᠵᠦᠪ ᠤᠨᠤᠪᠴᠢᠳᠠᠢ᠂  ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠰᠢᠨ᠎ᠠ ᠵᠠᠮ ᠢᠶᠠᠷ ᠰᠠᠶᠢᠳᠤᠷ ᠵᠠᠮᠨᠠᠨ᠂ ᠤᠷᠢᠳᠠᠪᠠᠷ ᠭᠡᠷᠡᠭᠵᠢᠬᠦᠯᠬᠦ ᠤᠷᠤᠨ ᠢ ᠪᠦᠳᠤᠭᠡᠨ ᠪᠠᠶᠢᠭᠤᠯᠵᠤ᠂ ᠲᠡᠰ ᠲᠡᠪᠰᠢᠭᠰᠡᠨ ᠭᠡᠪ ᠢ ᠡᠬᠦᠳᠬᠦ︾ ᠲᠡᠭᠡᠷ᠎ᠡ ᠤᠷᠢᠳᠠᠪᠠᠷ ᠭᠡᠷᠡᠭᠵᠢᠬᠦᠯᠤᠨ ᠲᠤᠷᠰᠢᠵᠤ᠂ ︽ᠤᠯᠤᠰ ᠲᠦᠷᠦ ᠶᠢᠨ ᠭᠡᠪ ᠲᠠᠭᠤᠷᠢᠶᠠᠯ ᠤᠨ ᠲᠥᠪ᠂ ᠰᠢᠨ᠎ᠡ ᠠᠵᠤ ᠠᠬᠤᠢ ᠶᠢᠨ ᠲᠥᠪ᠂ ᠬᠤᠳᠠ ᠶᠢᠨ ᠠᠷᠠᠳ ᠤᠨ ᠪᠤᠶᠠᠨ ᠭᠡᠰᠢᠭ ᠤᠨ ᠲᠥᠪ︾ ᠢᠶᠠᠷ ᠭᠤᠣᠯ ᠪᠣᠯᠭᠠᠭᠰᠠᠨ ᠣᠳᠣᠬᠢᠴᠢᠯᠠᠭᠰᠠᠨ ᠭᠤᠤᠯᠳᠠᠯᠭᠠᠳᠤ ᠬᠤᠳᠠ ᠶᠢᠨ ᠲᠣᠭᠤᠷᠢᠭ ᠢ ᠲᠦᠷᠭᠡᠨ ᠪᠠᠶᠢᠭᠤᠯᠵᠤ᠂  ᠤᠳᠤᠬᠢᠴᠢᠯᠠᠬᠰᠠᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠰᠦᠷᠯᠢᠭ ᠰᠠᠶᠢᠬᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕           ᠶᠡᠷᠦᠩᠬᠡᠶ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠶ ᠥᠷᠲᠡᠭ᠂ ᠲᠤᠬᠳᠠᠮᠠᠯ ᠬᠦᠷᠤᠩᠭᠡ ᠶᠢᠨ ᠪᠡᠯᠡ ᠤᠷᠤᠭᠤᠯᠤᠯᠳᠠ  ᠶᠢᠨ ᠤᠨ ᠨᠡᠮᠡᠭᠳᠡᠯ ᠤᠨ ᠬᠤᠷᠳᠤᠴᠠ ᠪᠥᠬᠦ ᠬᠤᠲᠠ ᠳᠤ ᠲᠦᠷᠦᠬᠦᠯᠡᠬᠦ ᠶᠢ ᠪᠠᠳᠤᠯᠠᠨ᠎ᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠷᠪᠠᠨ ᠳ᠋ᠦᠡᠭᠰᠢᠭᠤᠷ ᠲᠦᠬᠦᠷᠢᠭ ᠤᠨ ᠡᠩᠨᠡᠭᠡᠨ ᠳᠤ ᠤᠷᠤᠭᠤᠯᠵᠤ᠂ ᠥᠪᠡᠷᠲᠡᠭᠡᠨ ᠵᠠᠰᠠᠬᠤ ᠣᠷᠣᠨ ᠤ  ᠬᠤᠰᠢᠭᠤᠴᠢ ᠪᠤᠯᠭᠠᠨ᠎ᠠ︔  ᠵᠠᠰᠠᠭ ᠤᠨ ᠤᠷᠳᠤᠨ ᠤ ᠦᠷᠢ ᠰᠢᠷᠢ  ᠶᠢ ᠡᠮᠬᠢ ᠲᠢᠭᠯᠢᠮ ᠲᠠᠢ ᠰᠢᠢᠳᠪᠤᠷᠢᠯᠠᠵᠤ᠂ 2023 ᠤᠨ ᠳᠤ ᠦᠷᠢ ᠰᠢᠷᠢ ᠶᠢᠨ ᠤᠯᠠᠭᠠᠨ ᠦᠡᠭᠭᠡ ᠶᠢᠨ ᠰᠡᠷᠡᠮᠵᠢᠯᠡᠬᠦᠯᠤᠯ ᠤᠨ ᠤᠷᠤᠨ ᠠᠴᠠ ᠤᠬᠤᠷᠢᠭᠤᠯᠤᠨ᠎ᠠ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠦᠬᠦ ᠬᠤᠳᠠ ᠳᠤ ᠲᠦᠷᠦᠭᠦᠯᠡᠬᠦ ᠶᠢ ᠨᠡᠩ ᠪᠠᠳᠤᠳᠬᠠᠵᠤ᠂ ᠬᠠᠮᠲᠤᠪᠠᠷ ᠴᠢᠨᠡᠭᠡᠯᠢᠭᠵᠢᠭᠰᠡᠨ ᠬᠤᠳᠠ ᠶᠢ ᠤᠷᠢᠳᠠᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠡ᠃ ᠪᠥᠬᠦ  ᠲᠤᠭᠤᠷᠢᠭ ᠤᠨ ᠠᠵᠤ ᠠᠬᠤᠶ ᠶᠢᠨ ᠪᠣᠳᠠᠲᠤ ᠬᠦᠴᠦᠨ ᠲᠣᠭᠲᠠᠭᠤᠨ ᠢᠶᠠᠷ ᠴᠢᠩᠭᠠᠷᠠᠵᠤ᠂ ᠠᠮᠢ ᠠᠬᠤᠶ ᠣᠷᠴᠢᠨ ᠲᠤᠭᠤᠷᠢᠨ ᠦᠷᠭᠦᠯᠵᠢᠯᠡᠨ ᠰᠢᠯᠢᠳᠡᠭᠵᠢᠵᠦ᠂ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠵᠠᠰᠠᠯᠲᠠ ᠶᠢᠨ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠨ᠂ ᠠᠷᠠᠳ ᠤᠨ ᠠᠮᠢᠳᠤᠷᠠᠯ ᠤᠨ  ᠪᠤᠶᠠᠨ ᠭᠡᠰᠢᠭ ᠨᠠᠩ ᠵᠤᠵᠠᠭᠠᠷᠠᠵᠤ᠂ ᠨᠡᠩ ᠪᠣᠬᠢᠷᠲᠤᠯ ᠥᠬᠡᠶ ᠲᠤᠤᠷ᠎ᠠ ᠨᠡᠬᠦᠷᠡᠰᠦᠳᠦᠷᠦ᠋ᠭᠴᠢᠳᠤ᠂  ᠡᠶ᠎ᠡ ᠵᠤᠬᠢᠴᠠᠯ ᠲᠠᠢ ᠲᠣᠭᠲᠠᠭᠤᠨ᠂ ᠵᠣᠯ  ᠵᠢᠷᠭᠠᠯᠳᠤ ᠲᠦᠷᠦᠭᠳᠡᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠭᠤᠤᠯᠳᠠᠯᠭᠠᠳᠤ ᠬᠤᠲᠠ ᠶᠢᠨ ᠲᠣᠭᠤᠷᠢᠭ ᠢ ᠪᠥᠲᠥᠭᠡᠨ ᠪᠠᠶᠢᠭᠤᠯᠤᠨ᠎ᠠ᠃          ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ ᠪᠢᠳᠡ ᠵᠢᠷᠭᠤᠭᠠᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠤᠨ᠎ᠠ᠄          ᠨᠢᠭᠡᠳᠦᠭᠡᠷ ᠲᠤ᠂ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠢ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠬᠤᠳᠠ ᠶᠢᠨ ᠠᠵᠤ ᠠᠬᠤᠶ ᠶᠢᠨ ︽ᠲᠡᠰ ᠲᠡᠪᠰᠢᠭᠰᠡᠨ ᠭᠡᠪ︾  ᠢ ᠡᠬᠦᠳᠤᠨ᠎ᠡ᠃ ︽ᠰᠢᠨ᠎ᠡ ᠶᠢ ᠡᠭᠦᠳᠦᠨ ᠬᠥᠭᠵᠢᠭᠦᠯᠬᠦ᠂ ᠪᠠᠶᠢᠷᠢ ᠵᠥᠷᠢᠭᠦᠯᠦᠨ ᠬᠥᠭᠵᠢᠭᠦᠯᠬᠦ᠂ ᠪᠠᠶᠢᠳᠠᠯ ᠢ ᠠᠰᠢᠭᠯᠠᠨ ᠬᠥᠭᠵᠢᠭᠦᠯᠬᠦ᠂ ᠨᠢᠭᠡᠳᠦᠯᠲᠡᠶ ᠲᠥᠯᠥᠪᠯᠡᠨ ᠬᠥᠭᠵᠢᠭᠦᠯᠬᠦ︾ ᠰᠢᠨ᠎ᠡ ᠰᠡᠳᠬᠢᠬᠦᠶ ᠶᠢ ᠪᠣᠶ ᠪᠣᠯᠭᠠᠵᠤ᠂ ᠬᠤᠲᠠ ᠶᠢᠨ ᠭᠤᠤᠯᠯᠠᠬᠤ ᠠᠵᠤ ᠦᠢᠯᠡᠰ ᠢ ᠭᠤᠶᠢᠪᠢᠰᠢ ᠥᠬᠡᠶ ᠪᠠᠲᠤᠳᠬᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠤᠲᠠ ᠶᠢᠨ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ ᠬᠦᠴᠤᠨ ᠲᠠᠰ ᠤᠨ ᠳᠡᠭᠡᠭᠰᠢᠯᠡᠯᠲᠡ ᠶᠢ  ᠠᠬᠢᠭᠤᠯᠤᠨ᠎ᠠ᠃ ᠬᠤᠳᠠ ᠶᠢᠨ ᠠᠵᠤ ᠠᠬᠤᠶ ᠶᠢᠨ ᠠᠮᠢ ᠠᠬᠤᠶ ᠶᠢᠨ ᠭᠡᠯᠬᠢᠶ᠎ᠡ ᠶᠢᠨ ᠰᠢᠨ᠎ᠡ ᠶᠢ ᠡᠬᠦᠳᠤᠨ᠎ᠡ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠳᠠᠪᠠᠭᠤᠯᠢᠭ ᠪᠠ ᠬᠢᠶ᠎ᠠ ᠪᠠᠭᠰᠢ ᠶᠢᠨ ᠠᠮᠢ ᠠᠬᠤᠶ ᠰᠤᠷᠭᠠᠨ ᠬᠥᠮᠦᠵᠢᠯ ᠡᠮ ᠡᠮᠨᠡᠯᠭᠡ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠦᠬᠦ ᠬᠤᠲᠠ ᠶᠢᠨ ᠭᠤᠣᠯᠯᠠᠬᠤ ᠠᠵᠤ ᠦᠢᠯᠡᠰ ᠢ ᠴᠢᠩᠭ᠎ᠠ ᠠᠩᠬᠠᠷᠴᠤ᠂ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂  ᠤᠶᠤᠨᠴᠢ  ᠦᠢᠯᠡᠳᠭᠡᠯ᠂ ᠪᠣᠬᠢᠷᠲᠤᠯ ᠦᠭᠡᠢ ᠠᠭᠤᠷᠬᠠᠶ ᠵᠡᠷᠭᠡ ᠬᠦᠷᠢᠶᠡᠨ ᠤ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢ ᠥᠷᠭᠡᠨ ᠢᠶᠠᠷ ᠣᠷᠣᠭᠤᠯᠵᠤ ᠠᠪᠴᠢᠷᠠᠨ ᠰᠠᠭᠤᠷᠢᠰᠢᠭᠤᠯᠵᠤ᠂ ᠳᠠᠩᠰᠠᠯᠠᠭᠤᠯᠤᠨ ᠡᠷᠦᠬᠡ ᠠᠮᠠ ᠣᠷᠣᠭᠤᠯᠵᠤ᠂ ᠤᠳᠤ ᠦᠶ᠎ᠡ ᠶᠢᠨ ᠮᠥᠩᠭᠦᠨ ᠭᠦᠢᠯᠭᠡᠭᠡ᠂ ᠬᠠᠤᠯᠢ ᠴᠠᠭᠠᠵᠠ ᠶᠢᠨ ᠦᠢᠯᠡᠴᠢᠯᠡᠭᠡ᠂ ᠨᠢᠭᠲᠠᠯᠠᠨ ᠪᠤᠳᠤᠯᠳᠠ ᠬᠢᠨᠠᠨ ᠪᠤᠳᠤᠯᠳᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠤᠶᠢᠯᠡᠴᠢᠯᠡᠭᠡ  ᠶᠢ ᠲᠥᠪᠯᠡᠷᠡᠭᠦᠯᠦᠨ ᠬᠥᠭᠵᠢᠭᠦᠯᠬᠦ ᠳᠤ ᠬᠦᠴᠦᠨ ᠴᠢᠳᠠᠯ ᠣᠯᠭᠤᠵᠤ᠂ ᠶᠡᠭᠡ ᠬᠡᠮᠵᠢᠶᠡᠨ ᠤ ᠴᠢᠳᠠᠪᠤᠷᠢᠲᠠᠨ ᠬᠢᠶ᠎ᠠ ᠪᠠᠭᠰᠢ  ᠳᠤ ᠢᠷᠡᠵᠤ ᠦᠢᠯᠡᠰ ᠪᠤᠰᠬᠠᠨ ᠠᠵᠢᠯ ᠤᠯᠬᠤ ᠶᠢ ᠲᠠᠶᠢᠴᠢᠯᠠᠵᠤ᠂ ᠬᠤᠳᠠ ᠶᠢᠨ ᠬᠡᠷᠡᠭᠯᠡᠭᠡ ᠶᠢᠨ ᠦᠳᠲᠡᠷ ᠲᠦᠷᠭᠡᠨ ᠳᠡᠭᠡᠭᠰᠢᠯᠡᠯᠲᠡ ᠶᠢ ᠲᠠᠶᠢᠴᠢᠯᠠᠨ᠂  ︽ᠭᠡᠯᠬᠢᠶ᠎ᠠ ᠦᠢᠯᠡᠳᠤᠯ ᠢᠶᠠᠷ︾ ᠬᠤᠳᠠ ᠶᠢᠨ ᠠᠵᠤ ᠠᠬᠤᠶ ᠶᠢᠨ ᠬᠥᠭᠵᠢᠯᠲᠡ ᠶᠢ ᠪᠤᠵᠠᠭᠠᠶᠢᠷᠠᠭᠤᠯᠤᠨ᠎ᠠ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢ ᠨᠥᠬᠦᠪᠥᠷᠢᠯᠡᠨ᠎ᠡ᠃ ᠬᠤᠭᠤᠯᠠ ᠤᠮᠳᠠ ᠬᠤᠨᠤᠭ ᠪᠠᠭᠤᠳᠠᠯ᠂ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡ᠂ ᠰᠡᠯᠡᠭᠦᠴᠡᠯ ᠵᠤᠭ᠎ᠠ ᠴᠡᠩᠭᠡᠯ ᠵᠡᠷᠭᠡ ᠶᠢᠨ ᠡᠵᠡᠩᠨᠡᠯᠲᠡ ᠶᠢᠨ ᠬᠡᠪᠴᠢᠶ᠎ᠡ ᠶᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠰᠣᠶᠣᠯ ᠰᠤᠷᠭᠠᠨ ᠬᠥᠮᠦᠵᠢᠯ᠂ ᠭᠡᠷ ᠤᠨ ᠶᠠᠪᠤᠳᠠᠯ ᠤᠨ ᠦᠢᠯᠡᠴᠢᠯᠡᠭᠡ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ  ᠶᠢᠨ ᠡᠵᠡᠩᠨᠡᠯᠲᠡ ᠶᠢᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠬᠡᠷᠡᠭᠯᠡᠭᠡᠨ ᠤ ᠲᠠᠯᠳᠠ ᠬᠦᠴᠦᠨ ᠢ ᠠᠭᠤᠳᠠᠯᠠᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠭᠡᠯᠬᠢᠶ᠎ᠡ ᠶᠢ ᠤᠷᠳᠤᠳᠬᠠᠨ᠎ᠠ᠃ ᠣᠲᠣ ᠦᠶ᠎ᠡ ᠶᠢᠨ ᠮᠥᠩᠭᠦᠨ ᠬᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠲᠣ ᠦᠶ᠎ᠡ ᠶᠢᠨ ᠪᠠᠷᠠᠭᠠᠨ ᠤ ᠬᠦᠢᠯᠭᠡᠭᠡ ᠵᠡᠷᠭᠡ ᠶᠢᠨ ᠡᠵᠡᠩᠨᠡᠯᠲᠡ ᠶᠢᠨ ᠲᠤᠰᠬᠠᠶᠢᠵᠢᠯᠲᠠ ᠪᠠ ᠥᠷᠲᠡᠭ ᠤᠨ ᠭᠡᠯᠬᠢᠶ᠎ᠡ ᠶᠢᠨ ᠦᠵᠤᠬᠦᠷᠰᠢᠯᠳᠠ ᠶᠢ ᠲᠦᠷᠭᠡᠳᠬᠡᠵᠦ᠂ ᠪᠥᠬᠦ ᠬᠤᠲᠠ ᠶᠢᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠣᠶᠤᠨᠴᠢ ᠲᠤᠨᠤᠬᠯᠠᠯ ᠦᠢᠯᠡᠳᠭᠡᠯ  ᠵᠢᠴᠢ ᠳᠡᠭᠡᠳᠦ ᠳᠣᠤᠷᠠᠳᠤ  ᠭᠡᠯᠬᠢᠶᠡᠨ ᠤ ᠠᠵᠤ ᠦᠢᠯᠡᠰ ᠲᠤ ᠴᠢᠨᠠᠷ ᠢᠶᠠᠷ ᠨᠠᠩ ᠰᠢᠯᠢᠳᠡᠭ᠂ ᠦᠷ᠎ᠡ ᠠᠰᠢᠭ ᠢᠶᠠᠷ ᠨᠠᠩ ᠥᠨᠳᠥᠷ᠂ ᠥᠪᠡᠷ ᠤᠨ ᠥᠷᠲᠡᠭ ᠢᠶᠠᠷ ᠨᠠᠩ ᠳᠣᠤᠷ᠎ᠠ ᠦᠢᠯᠡᠴᠢᠯᠡᠭᠡᠨ ᠤ ᠳᠡᠮᠵᠢᠯᠭᠡ ᠬᠠᠩᠭᠠᠨ᠎ᠠ᠃ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠢᠭᠤᠯᠴᠢᠯᠠᠯ ᠢ ᠰᠣᠶᠣᠯ᠂ ᠪᠦᠲᠦᠭᠡᠯᠴᠢ ᠰᠤᠶᠤᠯ᠂  ᠬᠠᠮ ᠦᠵᠡᠰᠬᠦᠯᠡᠩ᠂ ᠡᠯᠧᠺᠲᠷᠣᠨ ᠬᠤᠳᠠᠯᠳᠤᠭ᠎ᠠ ᠵᠡᠷᠭᠡ ᠤᠯᠠᠨ ᠵᠦᠢᠯ ᠤᠨ ᠡᠵᠡᠩᠨᠡᠯᠲᠡ ᠶᠢᠨ ᠪᠠᠶᠢᠳᠠᠯ  ᠲᠠᠢ ᠭᠦᠨᠵᠡᠭᠡᠶ ᠠᠭᠤᠰᠤᠯᠴᠠᠭᠤᠯᠬᠤ ᠶᠢ ᠲᠦᠷᠭᠡᠪᠴᠢᠯᠡᠨ ᠠᠬᠢᠭᠤᠯᠵᠤ᠂ ᠨᠡᠩ ᠤᠯᠠᠨ ︽ᠰᠦᠯᠵᠢᠶᠡᠨ ᠤᠳᠤ ᠶᠢᠨ ᠠᠵᠢᠯᠯᠠᠭ᠎ᠠ︾ ᠶᠢ ᠥᠷᠨᠢᠭᠦᠯᠵᠦ᠂ ᠨᠡᠩ ᠤᠯᠠᠨ ︽ᠰᠦᠯᠵᠢᠶᠡᠨ ᠤᠳᠤ ᠦᠢᠯᠡᠳᠬᠦᠨ︾ ᠢ ᠪᠤᠢ ᠪᠣᠯᠭᠠᠵᠤ᠂ ᠤᠯᠠᠮᠵᠢᠯᠠᠯᠲᠤ ᠲᠣᠭᠤᠷᠢᠨ ᠦᠵᠡᠬᠦ ᠮᠠᠶ᠋ᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠷᠦᠩᠬᠡᠶᠢᠯᠡᠭᠰᠡᠨ ᠦᠢᠯᠡᠴᠢᠯᠡᠭᠡᠨ ᠤ ᠮᠠᠶ᠋ᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠲᠡᠶᠢᠰᠢ ᠥᠷᠭᠡᠳᠬᠡᠨ ᠤᠷᠲᠤᠳᠬᠠᠬᠤ ᠶᠢ ᠠᠬᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠪ ᠵᠠᠭᠪᠤᠷ ᠢ ᠪᠤᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠯᠠᠮᠰᠢᠯ ᠴᠡᠭ ᠢ ᠪᠤᠶᠢᠵᠢᠭᠤᠯᠤᠨ᠎ᠠ᠃ ︽ᠳᠥᠷᠪᠡᠨ ᠰᠢᠨ᠎ᠡ︾ ᠠᠵᠤ ᠠᠬᠤᠶ ᠶᠢ ᠪᠤᠶᠢᠵᠢᠭᠤᠯᠤᠨ᠎ᠠ᠃ ᠬᠠᠮᠲᠤᠪᠠᠷ ᠡᠳ᠋ᠯᠡᠬᠦ ᠠᠵᠤ ᠠᠬᠤᠢ᠂  ᠲᠤᠭᠠᠵᠢᠬᠰᠠᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠦᠭᠵᠢᠬᠦᠯᠬᠦ ᠳᠠᠯ᠎ᠠ ᠪᠠᠷ ᠤᠷᠢᠳᠴᠢᠯᠡᠨ  ᠬᠦᠴᠤᠯᠡᠵᠤ᠂ ᠰᠢᠨ᠎ᠡ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ  ᠲᠤᠬᠳᠠᠯᠴᠠᠭ᠎ᠠ ᠶᠢ ᠲᠦᠷᠭᠡᠨ ᠪᠠᠶᠢᠭᠤᠯᠵᠤ᠂ ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠬᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠤᠯᠠᠷᠢᠭᠤᠯᠤᠨ ᠬᠥᠭᠵᠢᠭᠦᠯᠬᠦ᠂ ᠰᠢᠨ᠎ᠡ ᠵᠠᠭᠪᠤᠷ ᠢ ᠠᠭᠤᠰᠤᠯᠴᠠᠭᠤᠯᠤᠨ ᠰᠢᠨ᠎ᠡ ᠶᠢ ᠡᠭᠦᠳᠬᠦ᠂ ᠰᠢᠨ᠎ᠡ ᠠᠵᠤ ᠦᠢᠯᠡᠰ ᠲᠦᠷᠦᠵᠤ ᠮᠡᠨᠳᠤᠯᠡᠬᠦ ᠶᠢ ᠠᠬᠢᠭᠤᠯᠤᠨ᠎ᠠ᠃          ᠬᠤᠶᠠᠳᠤᠭᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ ᠶᠢ ᠬᠦᠴᠦᠯᠡᠨ ᠠᠬᠢᠭᠤᠯᠵᠤ᠂ ᠣᠷᠣᠨ ᠪᠦᠰᠡ ᠶᠢᠨ ᠥᠷᠢᠰᠥᠯᠳᠦᠭᠡᠨ ᠤ ︽ᠰᠢᠨ᠎ᠡ ᠳᠠᠪᠠᠭᠤᠯᠢᠭ︾ ᠢ ᠪᠤᠢ ᠪᠣᠯᠭᠠᠨ᠎ᠠ᠃ ︽ᠰᠢᠨᠵᠢᠯᠡᠬᠦ ᠤᠬᠠᠭᠠᠨ ᠰᠢᠨ᠎ᠡ ᠮᠡᠷᠭᠡᠵᠢᠯ ᠤᠨ ᠬᠢᠶ᠎ᠠ ᠪᠠᠭᠰᠢ ᠬᠤᠳᠠ︾ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠤᠷ ᠮᠣᠩᠭᠤᠯ ᠢᠶᠠᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠪᠠ ︽ᠣᠷᠳᠣᠰ ᠤᠨ 30 ᠵᠤᠷᠪᠤᠰ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ︾  ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠤᠶᠤᠨᠴᠢ ᠦᠢᠯᠡᠳᠭᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠥᠬᠡᠶ ᠤᠰᠤᠳᠦᠷᠦ᠋ᠭᠴᠢᠳᠤ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢ ᠬᠠᠷᠠᠭᠠᠯᠠᠨ᠂  ᠲᠤᠭᠤᠷᠢᠭ ᠤᠨ ᠳᠣᠲᠣᠷᠠᠬᠢ ᠡᠯ᠎ᠡ ᠲᠣᠮᠣ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ ᠰᠤᠷᠭᠠᠭᠤᠯᠢ ᠳᠤ ᠲᠦᠰᠢᠭᠯᠡᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠲᠥᠷᠥᠯ  ᠵᠦᠢᠯ ᠢ ᠨᠤᠳᠤᠬᠰᠢᠭᠤᠯᠤᠨ ᠠᠰᠢᠬᠯᠠᠯᠳᠠ ᠳᠤ ᠤᠷᠤᠭᠤᠯᠬᠤ ᠶᠢ ᠢᠳᠡᠪᠬᠢᠳᠡᠢ ᠪᠠᠷ ᠵᠠᠯᠭᠠᠯᠳᠤᠭᠤᠯᠵᠤ᠂ ᠣᠷᠳᠣᠰ ᠤᠨ ︽ᠲᠤᠰᠬᠠᠶ ᠣᠨᠴᠠ ᠲᠡᠭᠡᠳᠤ ᠨᠠᠷᠢᠯᠢᠭ︾ ᠮᠡᠷᠭᠡᠵᠢᠯ ᠤᠨ ᠬᠥᠭᠵᠢᠯᠲᠡ ᠶᠢᠨ ᠭᠤᠤᠯ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ  ᠵᠦᠢᠯ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ︽  ᠤᠶᠤᠨᠴᠢ  ᠬᠢᠶ᠎ᠠ ᠪᠠᠭᠰᠢ ᠬᠤᠳᠠ︾  ᠶᠢᠨ ᠠᠵᠢᠯᠯᠠᠭ᠎ᠠ ᠶᠢ ᠭᠡᠷᠡᠭᠵᠢᠬᠦᠯᠤᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠲᠠᠯ᠎ᠠ ᠪᠠᠷ ᠤᠷᠢᠳᠠᠪᠠᠷ ᠭᠡᠷᠡᠭᠵᠢᠬᠦᠯᠵᠤ ᠤᠷᠢᠳᠠᠪᠠᠷ ᠲᠤᠷᠰᠢᠵᠤ᠂ ᠵᠣᠷᠢᠭᠲᠠᠶ ᠪᠠᠷ ᠰᠢᠪᠲᠤᠯᠤᠯᠲᠠ ᠭᠠᠷᠭᠠᠵᠤ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠨᠡᠩ ᠶᠡᠭᠡ ᠥᠷᠢᠰᠥᠯᠳᠦᠬᠦ ᠬᠦᠴᠦᠨ ᠲᠠᠢ ᠲᠤᠬᠳᠠᠯᠴᠠᠭ᠎ᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠪᠥᠬᠦᠶ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠶᠡᠬᠡᠪᠡᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂  ᠬᠠᠷᠢᠶ᠎ᠠ ᠣᠷᠣᠨ ᠤ ︽ᠨᠢᠭᠡ ᠵᠢᠩᠬᠢᠨᠢ ᠬᠤᠶᠠᠷ ᠲᠤᠰᠬᠠᠶ ᠮᠡᠷᠭᠡᠵᠢᠯ︾ ᠤᠨ 3 ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠨᠠᠩ ᠣᠯᠠᠨ ᠰᠢᠯᠢᠳᠡᠭ ᠤᠶᠤᠲᠠᠳ ᠢ ᠲᠡᠳᠡᠨ ᠠᠪᠴᠢᠷᠠᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠤᠯᠵᠤ᠂ ᠬᠢᠶ᠎ᠠ ᠪᠠᠭᠰᠢ  ᠶᠢ ᠲᠤᠰᠬᠠᠶ ᠮᠡᠷᠭᠡᠵᠢᠯᠲᠡᠨ ᠡᠷᠳᠡᠮᠲᠡᠨ᠂ ᠵᠠᠯᠠᠭᠤ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠠᠮᠢᠵᠢᠷᠠᠯ ᠤᠨ ᠬᠦᠴᠦᠨ ᠤ ᠬᠤᠲᠠ᠂  ᠬᠦᠰᠡᠯᠡᠩ ᠤᠨ ᠬᠤᠲᠠ ᠪᠣᠯᠭᠠᠨ᠎ᠠ᠃ ︽  ᠪᠠᠷᠢᠮᠵᠢᠶᠠᠵᠢᠭᠤᠯᠤᠬᠰᠠᠨ ᠬᠢᠶ᠎ᠠ ᠪᠠᠭᠰᠢ ᠬᠤᠳᠠ ︾  ᠶᠢᠨ ᠠᠵᠢᠯᠯᠠᠭ᠎ᠠ ᠶᠢ ᠭᠡᠷᠡᠭᠵᠢᠬᠦᠯᠤᠨ᠎ᠡ᠃ ᠲᠡᠷᠢᠭᠦᠨ ᠤ ᠬᠢ ᠲᠠᠢ ᠬᠠᠷᠢᠴᠠᠭᠤᠯᠤᠨ ᠳᠡᠰ ᠳᠡᠪᠰᠢᠭᠦᠯᠬᠦ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠲᠡᠷᠢᠭᠦᠨ ᠤ ᠬᠥᠭᠵᠢᠭᠰᠡᠨ ᠭᠠᠵᠠᠷ ᠣᠷᠣᠨ ᠤ ᠭᠤᠣᠯᠯᠠᠬᠤ ᠬᠦᠷᠢᠶ᠎ᠡ᠂ ᠲᠡᠷᠢᠭᠦᠨ ᠤ ᠲᠤᠷᠰᠢᠯᠭ᠎ᠠ᠂ ᠰᠢᠨ᠎ᠡ ᠦᠷ᠎ᠡ ᠪᠦᠲᠦᠭᠡᠯ ᠯᠦᠭᠡ ᠨᠠᠷᠢᠯᠢᠭ ᠣᠨᠣᠴᠠᠲᠠᠶ ᠪᠠᠷ ᠠᠳᠠᠯᠢᠳᠬᠠᠬᠤ᠂ ᠵᠣᠷᠢᠭᠲᠠᠶ ᠪᠠᠷ ᠬᠦᠴᠦᠷᠬᠡᠭ ᠲᠠᠢ ᠠᠳᠠᠯᠢᠳᠬᠠᠨ᠂  ᠲᠦᠷᠭᠡᠨ ᠤᠷᠤᠯᠳᠤᠵᠤ᠂ ᠥᠨᠳᠥᠷ ᠲᠤ ᠮᠠᠴᠤᠨ᠂᠂ ᠬᠥᠭᠵᠢᠭᠰᠡᠨ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢᠨ ᠦᠷ᠎ᠡ ᠪᠦᠲᠦᠭᠡᠯ ᠢ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠬᠢᠶ᠎ᠠ ᠪᠠᠭᠰᠢ ᠶᠢ ᠲᠡᠷᠢᠭᠦᠨ ᠳᠤ ᠣᠷᠣᠬᠤ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃          ᠭᠤᠷᠪᠠᠳᠤᠭᠠᠷ ᠲᠤ᠂ ᠣᠷᠣᠨ ᠵᠠᠢ ᠶᠢ ᠰᠢᠯᠢᠳᠡᠭᠵᠢᠭᠦᠯᠬᠦ᠂ ᠬᠡᠪ ᠳᠠᠭᠤᠷᠢᠶᠠᠯ ᠢᠶᠠᠷ ᠬᠦᠳᠦᠯᠦᠨ ᠳᠠᠭᠠᠭᠤᠯᠬᠤ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠤᠳᠠ ᠶᠢᠨ ︽ᠰᠢᠨ᠎ᠡ ᠬᠡᠪ ᠳᠠᠭᠤᠷᠢᠶᠠᠯ︾ ᠢ ᠡᠭᠦᠳᠦᠨ᠎ᠡ᠃ ᠣᠷᠣᠨ ᠵᠠᠶ ᠶᠢᠨ ᠲᠥᠯᠥᠪᠵᠢᠭᠦᠯᠭᠡ ᠶᠢᠨ ︽  ᠠᠤᠭ᠎ᠠ  ᠵᠢᠷᠤᠬᠯᠠᠯ︾ ᠢ ᠨᠠᠶᠢᠳᠠᠪᠤᠷᠢᠵᠢᠭᠤᠯᠤᠨ᠎ᠠ᠃ ᠤᠯᠤᠰ ᠤᠨ  ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ  ᠬᠠᠮᠢᠶᠠᠷᠤᠯᠲᠠ ᠶᠢᠨ ᠲᠦᠷᠢᠮ ᠢ  ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠲᠣᠣᠷ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠ ᠬᠤᠳᠠᠯᠳᠤᠭᠠᠨ ᠤ ᠪᠠ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ︔  ᠴᠡᠴᠡᠷᠯᠢᠭᠵᠢᠬᠦᠯᠦᠭᠰᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠨᠣᠭᠤᠭᠠᠨ ᠵᠠᠮ᠂ ᠴᠡᠴᠡᠷᠯᠢᠭ ᠤᠨ ᠨᠣᠭᠤᠭᠠᠨ ᠭᠠᠵᠠᠷ᠂ ᠠᠮᠢ ᠠᠬᠤᠶ ᠶᠢᠨ ᠨᠣᠭᠤᠭᠠᠨ ᠬᠤᠩᠭᠢᠯ ᠵᠡᠷᠭᠡ ᠠᠮᠢ ᠠᠬᠤᠶ ᠶᠢᠨ ᠲᠠᠯᠠᠪᠤᠷ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ︔ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢᠨ ᠲᠣᠭᠤᠷᠢᠨ ᠳᠤ᠂ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ᠂ ᠲᠠᠷᠢᠶᠠᠯᠠᠩ ᠳᠤ ᠬᠡᠷᠡᠭᠯᠡᠬᠦ ᠭᠠᠵᠠᠷ᠂ ᠠᠮᠢ ᠠᠬᠤᠶ ᠶᠢᠨ ᠤᠰᠤᠨ ᠰᠢᠰᠲ᠋ᠧᠮ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠵᠦᠶ ᠵᠣᠬᠢᠰᠲᠠᠶ ᠠᠰᠢᠭᠯᠠᠬᠤ ᠪᠠ ᠨᠡᠭᠡᠭᠡᠨ ᠬᠥᠭᠵᠢᠭᠦᠯᠵᠦ ᠬᠠᠮᠠᠭᠠᠯᠠᠬᠤ ᠶᠢ ᠪᠦᠲᠦᠮᠵᠢᠲᠡᠶ ᠠᠬᠢᠭᠤᠯᠤᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ︽ᠬᠥᠯᠭᠡ ᠰᠢᠳᠡᠷ᠎ᠠ︾ ᠶᠢ ᠴᠢᠩᠭᠠᠳᠬᠠᠨ᠎ᠠ᠃ ᠣᠷᠣᠨ ᠰᠠᠭᠤᠴᠠ ᠶᠢᠨ  ᠰᠠᠭᠤᠭᠠᠯᠢ ᠲᠣᠭᠤᠷᠢᠭ᠂ ᠴᠡᠴᠡᠷᠯᠢᠭ ᠤᠨ ᠠᠭᠤᠳᠠᠮ ᠲᠠᠯᠠᠪᠠᠶ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ ᠵᠡᠷᠭᠡ ᠰᠠᠭᠤᠷᠢ ᠲᠦᠬᠦᠭᠡᠷᠤᠮᠵᠢ ᠶᠢ ᠣᠷᠭᠠᠨᠢᠭ ᠢᠶᠠᠷ ᠰᠢᠨᠡᠳᠬᠡᠬᠦ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ︔ ᠪᠡᠶ᠎ᠡ ᠶᠢᠨ ᠲᠠᠮᠢᠷ ᠤᠨ ᠰᠡᠯᠡᠭᠦᠴᠡᠯ᠂ ᠰᠣᠶᠣᠯ ᠵᠤᠭ᠎ᠠ ᠴᠡᠩᠭᠡᠯ᠂ ᠬᠤᠭᠤᠯᠠ ᠤᠮᠳᠠ ᠬᠤᠨᠤᠭ ᠪᠠᠭᠤᠳᠠᠯ ᠵᠡᠷᠭᠡ ᠴᠢᠳᠠᠮᠵᠢ ᠶᠢᠨ ᠲᠥᠬᠦᠷᠵᠢᠭᠦᠯᠦᠯᠲᠡ ᠶᠢ ᠦᠷᠭᠦᠯᠵᠢᠯᠡᠨ ᠲᠡᠭᠦᠯᠳᠡᠷᠵᠢᠭᠦᠯᠬᠦ ᠶᠢ ᠠᠬᠢᠭᠤᠯᠤᠨ᠎ᠠ︔ 5G ᠶᠢᠨ ᠰᠠᠭᠤᠷᠢ ᠥᠷᠲᠡᠭᠡ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ᠂  ᠤᠶᠤᠨᠴᠢ ᠬᠤᠲᠠ ᠶᠢᠨ ᠶᠠᠪᠤᠳᠠᠯ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂  ᠭᠤᠤᠯᠳᠠᠯᠭᠠᠳᠤ ᠬᠤᠲᠠ ᠶᠢᠨ ᠲᠣᠭᠤᠷᠢᠭ ᠤᠨ ᠴᠢᠨᠠᠷ ᠢ ᠳᠡᠭᠡᠭᠰᠢᠯᠡᠭᠦᠯᠬᠦ ᠶᠢ ᠬᠥᠲᠥᠯᠦᠨ ᠳᠠᠭᠠᠭᠤᠯᠤᠨ᠎ᠠ᠃ ᠬᠤᠳᠠ ᠶᠢᠨ ᠬᠠᠮᠢᠶᠠᠷᠤᠯᠲᠠ ᠶᠢ ︽ᠨᠢᠭᠡ ᠯᠡ ᠰᠦᠯᠵᠢᠶ᠎ᠡ ᠪᠠᠷ ᠨᠡᠪᠲᠡᠷᠡᠭᠦᠯᠬᠦ︾ ᠶᠢ  ᠠᠬᠢᠭᠤᠯᠤᠨ᠎ᠠ᠃ ︽ᠬᠤᠲᠠ ᠶᠢᠨ ᠶᠡᠭᠡ ᠲᠠᠷᠢᠬᠢ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠨᠠᠩ ᠣᠯᠠᠨ  ᠤᠶᠤᠨᠴᠢ ᠬᠤᠲᠠ ᠶᠢᠨ ᠬᠡᠷᠡᠭᠯᠡᠭᠡᠨ ᠤ ᠲᠠᠯᠠᠪᠤᠷ ᠢ ᠥᠷᠭᠡᠳᠬᠡᠨ᠂ ᠬᠤᠲᠠ ᠶᠢᠨ ᠠᠵᠢᠯᠯᠠᠭᠠᠨ ᠤ ︽ᠨᠢᠭᠡ ᠲᠣᠤᠷ ᠢᠶᠠᠷ ᠨᠢᠭᠡᠳᠦᠯᠲᠡᠶ ᠬᠠᠮᠢᠶᠠᠷᠬᠤ︾᠂ ᠠᠮᠢᠳᠤᠷᠠᠯ ᠤᠨ ᠦᠢᠯᠡᠴᠢᠯᠡᠭᠡᠨ ᠤ ︽ᠨᠢᠭᠡ  ᠺᠤᠳ᠋ ᠢᠶᠠᠷ ᠨᠡᠪᠲᠡᠷᠡᠬᠦ︾᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽  ᠴᠤᠬᠴᠠᠵᠢᠭᠤᠯᠤᠬᠰᠠᠨ  ᠬᠤᠯᠪᠤᠭᠠᠯᠠᠯ︾  ᠢ ᠠᠬᠢᠭᠤᠯᠵᠤ᠂ ᠬᠤᠲᠠ ᠶᠢᠨ ᠠᠵᠢᠯᠯᠠᠭᠠᠨ ᠢ ᠨᠠᠩ ᠰᠡᠴᠡᠨ ᠰᠡᠷᠭᠦᠯᠡᠩ᠂ ᠨᠠᠩ  ᠤᠶᠤᠨᠴᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ ᠰᠢᠨ᠎ᠡ ᠮᠠᠶ᠋ᠢᠭ ᠤᠨ ᠤᠶᠤᠨᠲᠤ ᠬᠤᠲᠠ ᠶᠢ ᠪᠥᠲᠥᠭᠡᠨ ᠪᠠᠶᠢᠭᠤᠯᠤᠨ᠎ᠠ᠃          ᠳᠥᠷᠪᠡᠳᠦᠭᠡᠷ ᠲᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ︽ᠰᠢᠨ᠎ᠡ ᠥᠨᠳᠦᠷᠯᠢᠭ︾ ᠢ ᠴᠣᠭᠴᠠᠯᠠᠨ᠎ᠠ᠃ ᠪᠣᠬᠢᠷᠲᠤᠯ ᠥᠬᠡᠶ ᠠᠮᠢ ᠠᠬᠤᠶ ᠶᠢ ᠲᠦᠷᠭᠡᠳᠬᠡᠨ ᠪᠠᠶᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠᠷ ᠭᠠᠷᠳᠠᠴᠠ ᠪᠣᠯᠭᠠᠵᠤ᠂ ᠤᠰᠤᠨ ᠤ ᠠᠮᠢ ᠠᠬᠤᠢ ᠶᠢᠨ ᠵᠠᠰᠠᠯᠲᠠ ᠪᠣᠯᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠪᠦᠷᠢ ᠶᠢ ᠠᠷᠠᠳ ᠤᠯᠠᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠮᠥᠷᠡᠨ ᠪᠣᠯᠭᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠪᠣᠬᠢᠷᠲᠤᠯ ᠥᠬᠡᠶ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠲᠤᠬᠳᠠᠯᠴᠠᠭ᠎ᠠ ᠶᠢ ᠦᠷᠭᠦᠯᠵᠢᠯᠡᠨ ᠪᠠᠶᠢᠭᠤᠯᠵᠤ᠂  ᠪᠤᠬᠢᠷᠳᠤᠯ ᠦᠭᠡᠢ ᠤᠰᠤᠲᠥ᠋ᠷᠥᠭᠴᠢ᠂  ᠪᠤᠬᠢᠷᠳᠤᠯ ᠦᠭᠡᠢ ᠴᠠᠬᠢᠯᠭᠠᠨ ᠵᠡᠷᠭᠡ ᠪᠣᠬᠢᠷᠲᠤᠯ ᠥᠬᠡᠶ ᠡᠨᠧᠷᠭᠢ ᠶᠢᠨ ᠬᠡᠷᠡᠭᠯᠡᠯᠲᠡ ᠶᠢᠨ ᠬᠠᠷᠢᠴᠠᠯ ᠢ ᠨᠡᠮᠡᠭᠳᠡᠭᠦᠯᠦᠨ᠂ ︽ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ︾ ᠪᠠ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠡᠪ ᠳᠠᠭᠤᠷᠢᠶᠠᠯ᠂ ᠵᠢᠱᠢᠶ᠎ᠡ ᠦᠵᠡᠭᠦᠯᠬᠦ ᠶᠢ ᠪᠣᠶ ᠪᠣᠯᠭᠠᠬᠤ ᠪᠠᠷ ᠴᠢᠷᠮᠠᠶᠢᠨ᠎ᠠ᠃  ᠬᠦᠭᠡ ᠠᠭᠤᠯᠠ᠂ ᠬᠥᠬᠡᠮᠳᠦᠭ ᠤᠰᠤ᠂ ᠠᠩᠬᠢᠯᠤᠮ᠎ᠠ ᠴᠡᠴᠡᠭ᠂  ᠦᠵᠡᠰᠬᠦᠯᠡᠩᠳᠤ ᠬᠤᠲᠠ ᠵᠡᠷᠭᠡ ᠳᠠᠪᠠᠭᠤᠯᠢᠭ ᠢ ᠠᠰᠢᠭᠯᠠᠨ᠂ ︽ᠠᠩᠬᠢᠯᠤᠮ᠎ᠠ ᠠᠵᠤ ᠠᠬᠤᠶ︾ ︽ᠤᠰᠤᠨ ᠳᠡᠭᠡᠷᠡᠬᠢ ᠠᠵᠤ ᠠᠬᠤᠶ︾ ︽ᠦᠵᠡᠮᠦᠷᠢ ᠶᠢᠨ ᠠᠵᠤ ᠠᠬᠤᠶ︾ ᠶᠢ ᠰᠢᠨ᠎ᠡ ᠪᠠᠷ ᠡᠭᠦᠳᠦᠨ ᠬᠥᠭᠵᠢᠭᠦᠯᠵᠦ᠂ ᠠᠭᠤᠯᠠ ᠤᠰᠤᠨ ᠤ ᠥᠷᠲᠡᠭ ᠢ ᠨᠡᠮᠡᠭᠳᠡᠭᠦᠯᠬᠦ᠂ ᠠᠮᠢ ᠠᠬᠤᠶ ᠶᠢ ᠵᠤᠭᠤᠰ ᠪᠣᠯᠭᠠᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠪᠦᠬᠦ ᠨᠡᠶᠢᠭᠡᠮ ᠳᠤ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠮᠠᠭᠠᠯᠠᠬᠤ ᠣᠶᠢᠯᠠᠭᠠᠭᠳᠠᠬᠤᠨ ᠢ ᠰᠠᠨᠠᠭᠠᠴᠢᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠶᠢ ᠨᠢᠭᠡ ᠵᠦᠢᠯ ᠤᠨ ᠤᠬᠠᠮᠰᠠᠷ ᠪᠣᠯᠭᠠᠵᠤ᠂ ᠪᠣᠬᠢᠷᠲᠤᠯ ᠦᠭᠡᠢ ᠠᠮᠢᠳᠤᠷᠠᠯ ᠢ ᠨᠢᠭᠡ ᠵᠦᠢᠯ ᠤᠨ ᠳᠠᠳᠬᠠᠯ ᠪᠣᠯᠭᠠᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠷᠡᠭᠦᠯ ᠪᠣᠯᠪᠠᠰᠤᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ  ᠵᠢᠱᠢᠶ᠎ᠠ ᠦᠵᠡᠭᠦᠯᠬᠦ ᠲᠣᠭᠤᠷᠢᠭ︾ ᠤᠨ ᠨᠡᠷ᠎ᠡ ᠶᠢᠨ ᠬᠠᠭᠤᠳᠠᠰᠤ ᠶᠢ ᠨᠡᠩ ᠬᠢᠯᠠᠯᠵᠠᠭᠤᠯᠤᠨ᠎ᠠ᠃          ᠲᠠᠪᠤᠳᠤᠭᠠᠷ ᠲᠤ᠂ ᠠᠷᠠᠳ ᠢ ᠪᠠᠶᠠᠵᠢᠭᠤᠯᠤᠨ ᠠᠷᠠᠳ ᠲᠤ ᠠᠰᠢᠭ ᠬᠦᠷᠲᠡᠭᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠤᠨ ︽ᠰᠢᠨ᠎ᠡ ᠭᠡᠷ ᠣᠷᠣᠨ︾ ᠢ ᠴᠣᠭᠴᠠᠯᠠᠨ ᠪᠠᠶᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢ ᠪᠥᠬᠦ ᠬᠤᠲᠠ ᠳᠤ ᠬᠠᠮᠤᠭ ᠤᠨ ᠦᠨᠳᠤᠷ ᠪᠤᠯᠭᠠᠬᠤ ᠶᠢ ᠪᠡᠶᠡᠯᠡᠬᠦᠯᠤᠨ᠎ᠡ᠃ ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠪᠥᠬᠦ ᠬᠤᠲᠠ ᠳᠤ ᠲᠦᠷᠦᠬᠦᠯᠡᠬᠦ ᠶᠢ ᠪᠠᠲᠤᠯᠠᠨ᠎ᠠ᠃ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠦᠭᠰᠡᠨ ︽ᠣᠯᠠᠨ ᠦᠨᠡᠯᠡᠯᠲᠡ · ᠺᠣᠳ᠋ ᠳᠡᠭᠡᠷᠡᠬᠢ ᠠᠮᠢᠳᠤᠷᠠᠯ︾  ᠨᠡᠶᠢᠭᠡᠮ ᠲᠣᠭᠤᠷᠢᠭ ᠤᠨ ᠣᠶᠤᠨᠴᠢ ᠶᠡᠷᠦᠩᠬᠡᠶᠢᠯᠡᠭᠰᠡᠨ  ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠨᠡᠶᠢᠭᠡᠮ ᠤᠨ ᠬᠤᠪᠢ ᠨᠡᠮᠡᠷᠢ ᠶᠢ ᠬᠡᠮᠵᠢᠶᠡᠵᠢᠭᠦᠯᠦᠨ ᠦᠨᠡᠯᠡᠨ ᠵᠢᠱᠢᠬᠦ︾ ᠪᠠᠷ ᠭᠤᠤᠯᠯᠠᠭᠤᠯᠤᠭᠰᠠᠨ ᠭᠤᠷᠪᠠᠨ ᠤᠳᠠᠭᠠᠨ ᠤ ᠬᠤᠪᠢᠶᠠᠷᠢᠯᠠᠯᠲᠠ ᠶᠢᠨ ᠲᠤᠬᠳᠠᠯᠴᠠᠭ᠎ᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠲᠤᠪᠠᠷ ᠪᠠᠶᠠᠵᠢᠭᠰᠠᠨ ᠰᠢᠶᠠᠨ ᠤ ᠬᠤᠲᠠ ᠶᠢᠨ ᠥᠯᠢᠭᠡᠷ ᠵᠢᠱᠢᠶ᠎ᠡ ᠶᠢ ᠤᠷᠢᠳᠠᠪᠠᠷ ᠪᠠᠶᠢᠭᠤᠯᠬᠤ ᠪᠠᠷ ᠴᠢᠷᠮᠠᠶᠢᠨ᠎ᠠ᠃ ᠡᠮ ᠡᠮᠨᠡᠯᠭᠡ ᠶᠢᠨ ᠦᠢᠯᠡᠴᠢᠯᠡᠭᠡ ᠪᠦᠬᠦ ᠬᠤᠲᠠ ᠳᠤ ᠬᠠᠮᠤᠭ ᠤᠨ ᠳᠥᠭᠦᠮ ᠳᠥᠲᠡ ᠪᠠᠶᠢᠬᠤ ᠶᠢ ᠪᠠᠶᠠᠯᠠᠬᠦᠯᠤᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ︽  10 ᠮᠢᠨᠦ᠋ᠲ ᠤᠨ ᠰᠢᠯᠢᠳᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ  ᠦᠢᠯᠡᠴᠢᠯᠡᠭᠡ ᠶᠢ ᠴᠢᠩᠭᠠᠷᠠᠭᠤᠯᠤᠨ᠂ ᠰᠠᠭᠤᠭᠠᠯᠢ ᠠᠷᠠᠳ ᠨᠢᠭᠡᠪᠦᠷᠢ ᠳᠤ ᠴᠥᠮ ᠲᠤᠰᠬᠠᠶ ᠡᠷᠡᠭᠦᠯ ᠮᠡᠨᠳᠦ ᠶᠢᠨ ᠬᠠᠮᠢᠶᠠᠷᠤᠭᠴᠢ ᠲᠠᠢ ᠪᠣᠯᠭᠠᠵᠤ᠂ ᠴᠢᠨᠠᠷ ᠰᠠᠶᠢᠲᠠᠶ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠦᠨ᠎ᠡ᠃ ᠰᠤᠷᠭᠠᠨ ᠬᠦᠮᠤᠵᠢᠯ ᠤᠨ ᠬᠢᠷᠢ ᠭᠡᠮᠵᠢᠶ᠎ᠡ ᠪᠠᠷᠠᠭᠤᠨ ᠭᠡᠰᠡᠭ  ᠲᠤ ᠬᠠᠮᠤᠭ ᠤᠨ ᠰᠢᠯᠢᠳᠡᠭ ᠪᠠᠶᠢᠬᠤ ᠶᠢ ᠪᠠᠶᠠᠯᠠᠬᠦᠯᠤᠨ᠎ᠡ᠃ ᠬᠢᠷᠢ ᠬᠡᠮᠵᠢᠶ᠎ᠡ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠬᠠᠷᠠᠯᠲᠠ ᠪᠣᠯᠭᠠᠨ᠂  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠠᠰ ᠳᠡᠪᠰᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠢ ᠲᠡᠩᠴᠡᠭᠦᠷᠢᠲᠡᠶ ᠪᠠᠶᠢᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠦᠨ ᠲᠡᠪᠰᠢᠬᠦᠯᠬᠦ ᠶᠢ ᠠᠬᠢᠭᠤᠯᠵᠤ᠂ ᠬᠢᠶ᠎ᠠ ᠪᠠᠭᠰᠢ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠡᠩᠴᠡᠭᠦᠷᠢᠲᠡᠶ ᠪᠠᠶᠢᠯᠭᠠᠬᠤ ᠣᠷᠣᠨ ᠤ  ᠰᠢᠯᠭᠠᠨ ᠬᠤᠷᠢᠶᠠᠯᠳᠠ ᠶᠢ ᠤᠷᠤᠭᠰᠢᠲᠠᠶ  ᠲᠤᠭᠤᠯᠬᠤ ᠶᠢ ᠦᠨᠡᠨᠬᠦ ᠪᠠᠲᠤᠯᠠᠵᠤ᠂ ︽ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠨᠠᠷᠠᠲᠤ ᠬᠤᠲᠠ︾ ᠶᠢᠨ  ᠲᠦᠷᠦᠯ ᠲᠡᠮᠳᠡᠭᠲᠦ ᠶᠢ ᠪᠣᠶ ᠪᠣᠯᠭᠠᠨ᠎ᠠ᠃ ᠪᠣᠯᠪᠠᠰᠤᠨ ᠤ ᠬᠡᠮᠵᠢᠶ᠎ᠡ ᠪᠦᠬᠦ ᠤᠯᠤᠰ ᠲᠤ ᠬᠠᠮᠤᠭ ᠤᠨ ᠥᠨᠳᠥᠷ ᠪᠠᠶᠢᠬᠤ ᠶᠢ ᠪᠠᠶᠠᠯᠠᠬᠦᠯᠤᠨ᠎ᠡ᠃ ᠪᠣᠯᠪᠠᠰᠤᠨ ᠢ ᠡᠭᠦᠳᠦᠨ ᠪᠠᠶᠢᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢᠨ ︽ᠬᠥᠲᠥᠴᠢ ᠢᠨᠵᠧᠨᠧᠷᠢᠩ︾ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ︽ᠵᠣᠯ ᠵᠢᠷᠭᠠᠯᠲᠤ ᠢᠨᠵᠧᠨᠧᠷᠢᠩ︾᠂ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠪᠠ ᠬᠠᠮᠤᠭ ᠤᠨ ᠭᠤᠶᠣ ᠬᠤᠲᠠ ᠶᠢᠨ ᠳᠦᠷᠢ ᠲᠥᠷᠬᠦ ᠶᠢ ᠪᠣᠶ ᠪᠣᠯᠭᠠᠬᠤ ︽ᠲᠥᠷᠥᠯ ᠲᠡᠮᠳᠡᠭᠲᠦ ᠶᠢᠨ ᠢᠨᠵᠧᠨᠧᠷᠢᠩ︾ ᠢ ᠲᠠᠰᠤᠷᠠᠯᠲᠠ ᠥᠬᠡᠶ ᠠᠬᠢᠭᠤᠯᠵᠤ᠂ ᠣᠷᠳᠣᠰ ᠤᠨ ᠥᠨᠳᠥᠷ ᠪᠠᠷᠢᠮᠵᠢᠶ᠎ᠠ ᠪᠠᠷ ᠪᠥᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠬᠤᠲᠠ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃           ᠵᠢᠷᠭᠤᠳᠤᠭᠠᠷ ᠲᠤ᠂ ᠠᠷᠠᠳᠴᠢᠯᠠᠯ ᠬᠠᠤᠯᠢᠵᠢᠯ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠬᠦᠴᠦᠯᠡᠨ ᠠᠬᠢᠭᠤᠯᠵᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ︽ᠰᠢᠨ᠎ᠡ ᠬᠡᠪ ᠳᠠᠭᠤᠷᠢᠶᠠᠯ︾ ᠢ ᠡᠭᠦᠳᠦᠨ᠎ᠡ᠃ ᠵᠥᠷᠢᠴᠡᠯ ᠵᠢᠭᠤᠷᠠᠯᠳᠤᠭᠠᠨ ᠢ ︽ᠳᠡᠭᠡᠭᠰᠢ ᠲᠤᠰᠢᠶᠠᠬᠤ ᠦᠭᠡᠶ︾ ᠪᠣᠯᠭᠠᠬᠤ ᠪᠠᠷ ᠬᠦᠴᠦᠯᠡᠨ ᠴᠢᠷᠮᠠᠶᠢᠨ᠎ᠠ᠃  ︽ᠲᠣᠮᠣ ᠳ᠋ᠠᠶᠢᠲ᠋ᠠ + ᠲᠤᠤᠷᠴᠢᠯᠠᠯ + ᠲᠡᠮᠦᠷ ᠬᠦᠯ︾  ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠂ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠤᠷᠢᠯᠡᠬᠦ ᠶᠢ ᠬᠠᠤᠯᠢ ᠶᠣᠰᠣᠭᠠᠷ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠳᠡᠭᠡᠭᠰᠢ ᠲᠤᠰᠢᠶᠠᠬᠤ ᠥᠬᠡᠶ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠭᠤᠷᠢᠭ ᠠᠴᠠ ᠭᠠᠷᠭᠠᠬᠤ ᠦᠭᠡᠢ ᠪᠠᠶᠢᠬᠤ ᠶᠢ ᠪᠠᠳᠤᠯᠠᠵᠤ᠂  ᠪᠥᠬᠦ ᠤᠯᠤᠰ ᠤᠨ ᠵᠠᠬᠢᠳᠠᠯ  ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠬᠰᠠᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠳᠤ ︽ᠥᠨᠴᠥᠭ ᠪᠤᠯᠤᠩ ᠦᠯᠡᠳᠡᠭᠡᠬᠦ ᠥᠬᠡᠶ︾ ᠪᠠᠶᠢᠯᠭᠠᠬᠤ ᠪᠠᠷ ᠴᠢᠷᠮᠠᠶᠢᠨ᠎ᠠ᠃  ᠬᠠᠤᠯᠢᠵᠢᠯ ᠵᠠᠰᠠᠭ ᠤᠨ ᠣᠷᠳᠣᠨ᠂ ᠬᠠᠤᠯᠢᠵᠢᠯ ᠨᠡᠶᠢᠭᠡᠮ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠰᠢᠤᠸᠠᠢ ᠯᠢᠶᠠᠩ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠬᠡᠷᠡᠭᠯᠡᠯᠲᠡ ᠶᠢ ᠲᠦᠷᠭᠡᠳᠬᠡᠵᠦ᠂ ᠨᠡᠶᠢᠭᠡᠮ ᠤᠨ ᠠᠮᠤᠷ ᠲᠦᠪᠰᠢᠨ ᠢ ᠲᠣᠣᠷᠵᠢᠭᠤᠯᠬᠤ᠂ ᠮᠡᠳᠡᠭᠡ ᠵᠠᠩᠭᠢᠵᠢᠭᠤᠯᠬᠤ᠂  ᠸᠢᠳᠢᠤ᠋ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠤ ᠵᠠᠯᠬᠠᠭᠠᠨ ᠰᠢᠳᠬᠡᠵᠦ᠂ ᠪᠦᠬᠦ ᠤᠯᠤᠰ ᠲᠤ ᠡᠷᠡᠭᠦᠦ ᠶᠢᠨ ᠬᠡᠷᠡᠭ ᠭᠠᠷᠤᠭᠰᠠᠨ ᠨᠤᠷᠮ᠎ᠠ ᠬᠠᠮᠤᠭ ᠤᠨ ᠳᠣᠣᠷ᠎ᠠ ᠪᠠ ᠡᠷᠡᠭᠦᠦ ᠶᠢᠨ ᠬᠡᠷᠡᠭ ᠳᠡᠩᠨᠡᠨ ᠯᠡᠪᠡᠷᠡᠬᠦᠯᠦᠭᠰᠡᠨ ᠨᠤᠷᠮ᠎ᠠ ᠬᠠᠮᠤᠭ ᠤᠨ ᠥᠨᠳᠥᠷ ᠠᠮᠤᠭᠤᠯᠠᠩ ᠬᠢᠶ᠎ᠠ ᠪᠠᠭᠰᠢ ᠶᠢᠨ ᠬᠤᠲᠠ ᠶᠢᠨ ᠨᠡᠷ᠎ᠡ ᠠᠯᠳᠠᠷ ᠢ ᠡᠬᠦᠳᠤᠨ᠎ᠡ᠃  ᠠᠶᠤᠯ ᠥᠬᠡᠶ ᠦᠢᠯᠡᠳᠪᠤᠷᠢᠯᠡᠯ ᠤᠨ ︽ᠦᠬᠦᠯ ᠰᠢᠷᠬᠠᠲᠤᠯ ᠥᠬᠡᠶ︾ ᠪᠠᠶᠢᠬᠤ ᠶᠢ ᠴᠢᠷᠮᠠᠶᠢᠨ ᠪᠠᠲᠤᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠪᠣᠳᠠᠲᠠᠢ ᠲᠣᠭᠲᠠᠭᠠᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠢᠳᠡᠭᠡᠨ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠨ᠎ᠠ᠃           ᠲᠥᠯᠥᠭᠡᠯᠡᠭᠴᠢᠳ ᠡ︕ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠠᠤᠭ᠎ᠠ ᠲᠥᠰᠦᠪ ᠢ ᠨᠢᠭᠡᠨᠲᠡ ᠵᠢᠷᠤᠭᠯᠠᠵᠠᠶ᠃ ᠪᠦᠬᠦ  ᠲᠤᠭᠤᠷᠢᠭ  ᠢᠶᠠᠷ ᠢᠶᠠᠨ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠯᠠ ᠶᠤᠮ ᠪᠣᠯ ᠬᠢᠶ᠎ᠠ ᠪᠠᠭᠰᠢ ᠯᠠᠪᠲᠠᠢ ᠶᠡᠷᠦ ᠪᠤᠰᠤ ᠶᠢᠨ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕           ᠭᠤᠷᠪᠠ᠂ 2022 ᠣᠨ ᠤ ᠭᠤᠣᠯ ᠠᠵᠢᠯ ᠤᠨ ᠲᠤᠬᠢᠷᠠᠭᠤᠯᠤᠯᠳᠠ           2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠡᠬᠢᠯᠡᠯᠲᠡ ᠶᠢᠨ ᠵᠢᠯ ᠮᠥᠨ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠪᠡᠷᠬᠡ ᠬᠠᠲᠠᠭᠤᠵᠢᠯᠲᠠᠶ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2022 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠡᠯ᠎ᠡ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ  ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠨ᠂ ︽ᠴᠢᠬᠤᠯᠠ ᠴᠣᠩᠬᠤ︾ ᠶᠢ ᠴᠣᠭᠴᠠᠯᠠᠨ᠂ ︽ᠭᠤᠷᠪᠠᠨ ᠲᠦᠪ︾ ᠢ ᠪᠠᠶᠢᠭᠤᠯᠵᠤ᠂ ᠤᠳᠤᠬᠢᠴᠢᠯᠠᠬᠰᠠᠨ ᠰᠢᠨ᠎ᠡ ᠠᠶᠠᠨ ᠵᠠᠮ ᠳᠤ ᠬᠢᠶ᠎ᠠ  ᠪᠠᠭᠰᠢ ᠶᠢᠨ ᠲᠠᠪᠠᠯᠳᠠᠳᠤ ᠬᠥᠭᠵᠢᠯᠲᠡ ᠶᠢᠨ  ᠴᠤ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠤᠬᠳᠤᠶ᠎ᠠ᠃           ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠶᠢ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠥᠨᠳᠥᠷ ᠪᠤᠯᠭᠠᠨ᠎ᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ  ᠶᠢ10 ᠳ᠋ᠦᠩᠰᠢᠭᠤᠷ ᠲᠥᠭᠦᠷᠢᠭ ᠠᠴᠠ ᠲᠠᠪᠠᠭᠤᠯᠤᠨ᠎ᠠ︔ ᠲᠣᠭᠲᠠᠮᠠᠯ ᠬᠦᠷᠤᠩᠭᠡ ᠶᠢᠨ ᠪᠡᠯᠡ ᠣᠷᠣᠭᠤᠯᠤᠯᠲᠠ ᠶᠢᠨ ᠥᠨᠳᠥᠷ ᠪᠠᠶᠢᠷᠢᠨ ᠳᠤ ᠨᠡᠮᠡᠭᠳᠡᠯ ᠢ ᠪᠠᠳᠤᠯᠠᠨ᠎ᠠ︔  ᠭᠡᠪᠴᠢᠶᠡᠵᠢᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠪᠣᠯᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠰᠠᠨ ᠶᠡᠷᠦᠩᠬᠡᠢ ᠭᠡᠮᠵᠢᠶ᠎ᠠ ᠶᠢᠨ ᠲᠣᠭᠲᠠᠭᠤᠨ ᠨᠡᠮᠡᠭᠳᠡᠯ  ᠢ ᠪᠠᠳᠤᠯᠠᠨ᠎ᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠥᠬᠦ ᠬᠤᠲᠠ ᠶᠢᠨ ᠲᠡᠷᠢᠬᠦᠨ ᠳᠤ ᠤᠷᠤᠭᠤᠯᠤᠨ᠎ᠠ︔ GDP ᠶᠢᠨ ᠡᠨᠧᠷᠭᠢ ᠶᠢᠨ ᠬᠤᠷᠣᠭᠳᠠᠭᠤᠯᠤᠯ ᠢ ᠦᠷᠭᠦᠯᠵᠢᠯᠡᠨ ᠪᠠᠭᠤᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠨᠠᠢᠮᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄           ︵ᠨᠢᠭᠡ︶ ᠠᠵᠤ  ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠠᠵᠤ ᠠᠬᠤᠶ ᠶᠢᠨ ᠰᠢᠨ᠎ᠡ ᠬᠥᠳᠡᠯᠭᠡᠭᠦᠷ ᠢ ᠬᠦᠴᠦᠯᠡᠨ ᠪᠣᠶ ᠪᠣᠯᠭᠠᠨ᠎ᠠ᠃ ᠬᠢᠶ᠎ᠠ ᠪᠠᠭᠰᠢ ᠶᠢᠨ ᠬᠥᠭᠵᠢᠯᠲᠡ ᠶᠢᠨ ᠳᠠᠯᠳᠠ ᠬᠦᠴᠦᠨ ᠪᠠ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠶ ᠡᠵᠡᠮᠳᠡᠵᠦ᠂ ᠣᠲᠣ ᠦᠶ᠎ᠡ ᠶᠢᠨ  ᠦᠢᠯᠡᠴᠢᠯᠡᠭᠡᠨ ᠤ  ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ᠂ ᠲᠤᠭᠠᠵᠢᠬᠰᠠᠨ ᠠᠵᠤ ᠠᠬᠤᠶ᠂ ᠤᠷᠤᠰᠴᠠ ᠶᠢᠨ ᠠᠵᠤ ᠠᠬᠤᠶ᠂ ᠣᠶᠤᠨᠴᠢ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠵᠠᠮ ᠢ ᠲᠦᠷᠭᠡᠪᠴᠢᠯᠡᠨ ᠰᠦᠪᠡᠭᠴᠢᠯᠡᠵᠦ᠂ ᠬᠤᠲᠠ ᠶᠢᠨ ᠠᠵᠤ ᠠᠬᠤᠶ ᠶᠢᠨ ︽ᠲᠠᠰ ᠳᠡᠪᠰᠢᠭᠰᠡᠨ ᠬᠡᠪ︾ ᠢ ᠪᠣᠶ ᠪᠣᠯᠭᠠᠨ᠎ᠠ᠃           ᠭᠤᠣᠯᠯᠠᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ  ᠦᠢᠯᠡᠰ ᠢ ᠪᠤᠵᠠᠭᠠᠶᠢᠷᠠᠭᠤᠯᠵᠤ ᠂ ︽ᠨᠢᠭᠡ ᠮᠥᠴᠡ ᠳᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠦᠢᠯᠡᠴᠢᠯᠡᠭᠡᠨ ᠤ  ᠲᠤᠭᠤᠷᠢᠭ︾  ᠤᠨ ᠲᠤᠷᠰᠢᠯᠲᠠ ᠶᠢᠨ ᠴᠢᠬ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠬᠤᠳᠠᠯᠳᠤᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂  ᠲᠦᠬᠦᠭᠡᠷᠤᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠵᠠᠭᠠᠶᠢᠷᠠᠭᠤᠯᠵᠤ᠂  ᠬᠤ᠋ ᠨᠧᠩ ᠬᠤᠳᠠᠯᠳᠤᠭᠠᠨ ᠤ ᠲᠠᠯᠠᠪᠠᠶ᠂ ᠠᠮᠲᠠᠲᠤ ᠢᠳᠡᠭᠡᠨ ᠤ ᠲᠠᠯᠠᠪᠠᠶ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ  ᠰᠢᠢᠳᠪᠤᠷᠢᠯᠡᠵᠤ᠂ ᠲᠡᠩᠭᠡᠯᠢᠭ ᠭᠤᠤᠯ ᠬᠤᠳᠠᠯᠳᠤᠭᠠᠨ ᠤ ᠲᠣᠭᠤᠷᠢᠭ ᠤᠨ ᠲᠠᠰ ᠳᠡᠪᠰᠢᠬᠦ ᠶᠢ ᠲᠦᠷᠭᠡᠳᠬᠡᠨ᠎ᠡ︔ ᠪᠠᠶᠠᠰᠤᠯᠳᠤ ᠬᠢᠶ᠎ᠠ᠂  ᠮᠸᠡᠭ ᠰᠢᠨ ᠬᠤᠳᠠᠯᠳᠤᠭᠠᠨ ᠤ ᠲᠠᠯᠠᠪᠠᠶ ᠶᠢᠨ ︽ᠰᠥᠨᠢ ᠶᠢᠨ ᠬᠤᠭᠤᠯᠠᠨ ᠬᠡᠷ︾ ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ︽ᠣᠶᠤᠨ ᠢᠶᠠᠷ ᠠᠮᠢᠳᠤᠷᠠᠬᠤ︾ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠠᠮᠤᠭ ᠤᠨ ᠥᠷᠢᠰᠦᠯᠳᠦᠬᠦ ᠬᠦᠴᠦᠨ ᠲᠠᠢ ᠲᠣᠰ ᠭᠠᠵᠠᠷ ᠣᠷᠣᠨ ᠤ ᠡᠯᠧᠺᠲᠷᠤᠨ ᠬᠤᠳᠠᠯᠳᠤᠭ᠎ᠠ ᠶᠢᠨ ᠨᠡᠷᠡᠳᠤ ᠲᠡᠮᠳᠡᠭᠳᠤ ᠶᠢ ᠪᠣᠶ ᠪᠣᠯᠭᠠᠨ᠎ᠠ︔ ᠣᠷᠳᠣᠰ ᠤᠨ ᠬᠤᠳᠠᠯᠳᠤᠭᠠᠨ ᠤ ᠲᠥᠪ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠢ ᠴᠧᠩ ᠬᠤᠳᠠᠯᠳᠤᠭᠠᠨ ᠤ ᠵᠡᠭᠡᠯᠢ ᠶᠢ ᠰᠢᠨ᠎ᠠ ᠪᠠᠷ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠣᠳᠣᠨ ᠲᠠᠰ ᠤᠨ ᠪᠠᠭᠤᠳᠠᠯ ᠤᠨ ᠳᠤᠲᠠᠭᠤᠳᠠᠯ ᠢ ᠨᠥᠬᠦᠪᠥᠷᠢᠯᠡᠵᠦ᠂ ᠷᠦᠩ ᠳ᠋ᠧ᠂ ᠳ᠋ᠠ ᠬᠤᠸᠠ᠂ ᠯᠠᠩ ᠵᠢᠩ ᠤᠨ ᠬᠤᠶᠠᠳᠤᠭᠠᠷ ᠬᠤᠭᠤᠴᠠᠭ᠎ᠠ᠂ ᠮᠠᠨ ᠱᠢ  ᠵᠡᠷᠭᠡ ᠳᠡᠭᠡᠳᠦ ᠲᠠᠰ ᠤᠨ ᠪᠠᠭᠤᠳᠠᠯ ᠢ ᠡᠬᠢᠯᠡᠨ ᠡᠵᠡᠩᠨᠡᠵᠦ᠂ ᠤᠯᠠᠭᠠᠨ ᠲᠣᠮᠣ ᠪᠠᠭᠤᠳᠠᠯ᠂ ᠮᠠᠨ ᠱᠢ ᠲᠠᠪᠤᠨ ᠣᠳᠣᠨ ᠲᠡᠰ ᠤᠨ ᠪᠠᠭᠤᠳᠠᠯ᠂  ᠫᠦ᠋ ᠲᠠᠢ ᠶᠢᠨ ᠵᠢᠶ ᠵᠡᠷᠭᠡ ᠣᠳᠣᠨ ᠲᠠᠰ ᠤᠨ ᠪᠠᠭᠤᠳᠠᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠮᠥᠩᠭᠦᠨ ᠬᠦᠢᠯᠭᠡᠭᠡᠨ ᠤ  ᠦᠢᠯᠡᠴᠢᠯᠡᠭᠡᠨ ᠤ  ᠦᠢᠯᠡᠰ ᠢ ᠬᠦᠴᠦᠷᠬᠡᠭᠵᠢᠭᠦᠯᠦᠨ᠂ ᠬᠤᠪᠢ ᠪᠠᠷ ᠢᠶᠠᠨ ᠰᠲ᠋ᠣᠺ ᠤᠨ ᠡᠷᠬᠡ ᠴᠤᠭᠯᠠᠭᠤᠯᠬᠤ᠂ ᠠᠳᠠᠯ  ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠭᠤᠷᠪᠠᠳᠠᠬᠢ ᠡᠲᠡᠭᠡᠳ ᠤᠨ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠮᠥᠩᠭᠦᠨ  ᠬᠦᠢᠯᠭᠡᠭᠡᠨ ᠤ ᠰᠢᠨ᠎ᠡ ᠬᠥᠭᠵᠢᠯᠲᠡ ᠶᠢ ᠠᠬᠢᠭᠤᠯᠵᠤ᠂ ᠬᠢᠶ᠎ᠠ ᠪᠠᠭᠰᠢ ᠶᠢᠨ ᠮᠥᠩᠭᠦᠨ ᠬᠦᠢᠯᠭᠡᠭᠡᠨ ᠤ ᠭᠠᠷᠠᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠮᠥᠩᠭᠦᠨ  ᠬᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠶ  ᠵᠠᠬᠢᠷᠭ᠎ᠠ ᠪᠤᠶᠤ ᠭᠠᠵᠠᠷ ᠣᠷᠣᠨ ᠤ ᠰᠠᠯᠪᠤᠷᠢ ᠪᠠᠶᠢᠭᠤᠯᠤᠮᠵᠢ ᠶᠢ ᠶᠡᠬᠡᠪᠡᠷ ᠣᠷᠣᠭᠤᠯᠤᠨ ᠠᠪᠴᠢᠷᠠᠵᠤ᠂ ᠵᠢᠯ ᠤᠨ ᠳᠣᠲᠣᠷ᠎ᠠ ᠮᠥᠩᠭᠦᠨ ᠬᠦᠢᠯᠭᠡᠭᠡ᠂  ᠠᠳᠠᠯᠢ ᠲᠦᠷᠦᠯ ᠤᠨ ᠮᠥᠩᠭᠦᠨ ᠬᠦᠢᠯᠭᠡᠭᠡ ᠶᠢᠨ ᠪᠠᠶᠢᠭᠤᠯᠤᠮᠵᠢ ᠶᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ ᠤᠨ  ᠦᠢᠯᠡᠰ ᠢ ᠰᠢᠯᠢᠳᠡᠭᠵᠢᠭᠦᠯᠵᠦ᠂ ︽ᠰᠦᠯᠵᠢᠶᠡᠨ ᠤᠳᠤᠨ ᠬᠤᠲᠠ︾  ᠶᠢᠨ ᠴᠢᠳᠠᠪᠬᠢᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠠᠷᠢᠮᠲᠠᠯᠠᠨ᠂ ︽Compass︾ ᠬᠤᠲᠠ ᠶᠢᠨ ᠨᠠᠷᠠᠲᠤ ᠲᠡᠮᠳᠡᠭᠲᠦ ᠪᠠ ︽ᠬᠠᠳᠠᠳᠤ ᠶᠢᠨ  ᠲᠤᠬᠤᠢ︾ ︽ᠨᠣᠯᠤᠤᠷ ᠤᠨ ᠬᠤᠲᠠ ᠶᠢᠨ ᠢᠷᠠᠭᠤ ᠠᠯᠳᠠᠷ︾  ᠤᠨ ᠰᠣᠶᠣᠯ ᠤᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠬᠤᠶᠠᠳᠤᠭᠠᠷ ᠬᠤᠭᠤᠴᠠᠭᠠᠨ ᠤ ᠰᠦᠯᠵᠢᠶᠡᠨ ᠤᠳᠤᠨ ᠤ  ᠶᠡᠭᠡ ᠬᠤᠷᠠᠯ᠂ ᠪᠥᠬᠦ ᠤᠯᠤᠰ ᠤᠨ ᠣᠬᠤᠷ ᠬᠠᠷᠠᠭᠠᠨ ᠳᠠᠪᠲᠠᠮᠵᠢ ᠶᠢᠨ ᠤᠷᠤᠯᠳᠤᠭᠠᠨ ᠪᠠ ︽ᠠᠷᠠᠳ ᠤᠨ ᠵᠠᠩ ᠦᠢᠯᠡ ᠶᠢᠨ ᠰᠠᠷ᠎ᠠ︾ ︽   ᠬᠦᠴᠤᠳᠤ ᠵᠠᠪᠢᠴᠢᠨ ᠤ ᠤᠷᠤᠯᠳᠤᠭᠠᠨ︾ ᠵᠡᠷᠭᠡ ᠨᠠᠷᠠᠲᠤ ᠲᠡᠮᠳᠡᠭᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠬᠤ ᠠᠵᠢᠯ ᠢ ᠡᠬᠢᠯᠡᠬᠦᠯᠤᠨ᠎ᠡ᠃ ᠶᠡᠷᠦᠩᠬᠡᠶ  ᠵᠠᠬᠢᠷᠭ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠦᠷᠡᠵᠢᠭᠦᠯᠬᠦ ᠲᠣᠭᠠᠨ ᠤ ᠦᠢᠯᠡᠳᠦᠯ ᠢ ᠪᠠᠳᠠᠷᠠᠭᠤᠯᠵᠤ᠂ ᠤᠶᠤᠨᠲᠤ  ᠰᠦᠯᠵᠢᠶᠠᠨ ᠮᠠᠰᠢᠨ ᠲᠡᠷᠭᠡᠨ ᠤ ᠰᠢᠨ᠎ᠡ ᠶᠢ ᠡᠭᠦᠳᠬᠦ ᠶᠡᠷᠦᠩᠬᠡᠶ ᠵᠠᠬᠢᠷᠭ᠎ᠠ ᠶᠢᠨ ᠰᠠᠭᠤᠷᠢᠨ ᠭᠠᠵᠠᠷ᠂ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢᠨ ᠰᠠᠭᠤᠷᠢᠨ ᠭᠠᠵᠠᠷ᠂ ᠬᠦᠭᠡ ᠰᠢᠨᠠᠭ᠎ᠠ ᠶᠢᠨ ᠪᠠᠷᠢᠯᠭ᠎ᠠ ᠶᠢᠨ ᠤᠷᠠᠯᠢᠭ ᠤᠨ ᠪᠦᠳᠤᠭᠡᠯᠴᠢ ᠰᠣᠶᠣᠯ ᠤᠨ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢᠨ ᠰᠠᠭᠤᠷᠢᠨ ᠭᠠᠵᠠᠷ ᠢ ᠰᠢᠯᠭᠠᠨ ᠪᠠᠶᠢᠴᠠᠭᠠᠬᠤ ᠵᠡᠷᠭᠡ ᠶᠢ ᠲᠦᠷᠭᠡᠳᠬᠡᠨ ᠪᠠᠶᠢᠭᠤᠯᠵᠤ᠂ ᠳᠣᠲᠣᠭᠠᠳᠤ ᠳᠠᠭᠠᠨ ᠣᠷᠳᠣᠰ ᠤᠨ ᠭᠤᠤᠯᠯᠠᠬᠤ ᠠᠵᠤ  ᠦᠢᠯᠡᠰ ᠲᠤ ᠬᠠᠨᠳᠤᠭᠤᠯᠤᠨ ᠠᠵᠤ ᠠᠬᠤᠶᠢᠯᠠᠯ ᠤᠨ ᠶᠡᠷᠦᠩᠬᠡᠶ  ᠵᠠᠬᠢᠷᠭ᠎ᠠ ᠶᠢ ᠲᠠᠲᠠᠵᠤ᠂ ᠭᠠᠳᠠᠭᠰᠢ ᠪᠠᠨ ᠣᠶᠤᠨᠴᠢ  ᠦᠢᠯᠡᠳᠭᠡᠯ  ᠤᠨ ᠦᠢᠯᠡᠰ᠂ ᠡᠳ᠋ ᠪᠠᠶᠠᠯᠢᠭ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠵᠡᠷᠭᠡ ᠬᠦᠷᠢᠶᠡᠨ ᠳᠤ ᠬᠠᠨᠳᠤᠭᠤᠯᠤᠨ ᠠᠵᠤ ᠠᠬᠤᠶᠢᠯᠠᠯ ᠤᠨ ᠶᠡᠷᠦᠩᠬᠡᠶ  ᠵᠠᠬᠢᠷᠭ᠎ᠠ ᠶᠢ ᠲᠠᠲᠠᠵᠤ᠂ ᠵᠢᠯ ᠤᠨ ᠳᠣᠲᠣᠷ᠎ᠠ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢ15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠭᠦᠨ ᠤ ᠵᠡᠷᠭᠡᠪᠡᠷ᠂ ᠬᠠᠮ ᠦᠵᠡᠰᠬᠦᠯᠡᠩ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠤᠨ ᠲᠦᠷᠭᠡᠨ ᠪᠤᠵᠠᠭᠠᠢᠢᠷᠠᠬᠤ ᠶᠢ ᠠᠬᠢᠭᠤᠯᠤᠨ᠎ᠠ᠃           ᠰᠢᠨ᠎ᠡ ᠶᠢ ᠡᠭᠦᠳᠦᠨ ᠨᠢᠭᠡᠳᠦᠭᠡᠷ ᠠᠵᠤ ᠦᠢᠯᠡᠰ ᠢ ᠬᠥᠭᠵᠢᠭᠦᠯᠦᠨ᠎ᠡ᠃  ᠭᠤᠤᠯᠳᠠᠯᠭᠠᠳᠤ ᠬᠤᠲᠠ ᠲᠣᠭᠤᠷᠢᠭ ᠤᠨ ᠬᠤᠲᠠ ᠶᠢᠨ ᠠᠷᠠᠳ ᠣᠯᠠᠨ ᠤ ︽ᠢᠳᠡᠰᠢᠨ ᠨᠣᠭᠤᠭ᠎ᠠ︾᠂ ︽ᠬᠦᠨᠡᠰᠦᠨ ᠤᠭᠤᠲᠠ︾᠂ ︽ᠵᠢᠮᠢᠰ ᠤᠨ ᠫᠢᠯᠠ︾ ᠶᠢ ᠪᠠᠶᠠᠯᠢᠭᠵᠢᠭᠤᠯᠬᠤ ᠶᠢᠨ ᠲᠣᠭᠤᠷᠢᠨ ᠳᠤ᠂ ᠣᠲᠣ ᠦᠶ᠎ᠡ ᠶᠢᠨ  ᠲᠦᠬᠦᠭᠡᠷᠤᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠰᠤᠯᠠ ᠪᠠᠶᠢᠬᠤ ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠠᠬᠢᠭᠤᠯᠵᠤ᠂ ᠬᠤᠲᠠ ᠶᠢᠨ ᠮᠠᠶ᠋ᠢᠭ ᠤᠨ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠶ᠎ᠠ ᠪᠠᠭᠰᠢ ᠶᠢᠨ ᠵᠠᠭᠪᠤᠷ ᠢ ᠪᠣᠶ ᠪᠣᠯᠭᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠸᠤ ᠭᠤᠸᠠᠩ ᠢᠳᠡᠰᠢᠨ ᠨᠣᠭᠤᠭ᠎ᠠ ᠶᠢᠨ ᠰᠤᠳᠤᠯᠭᠠᠨ ᠤ ᠲᠥᠪ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠵᠠᠬ᠎ᠠ ᠳᠡᠯᠭᠡᠭᠦᠷ + ᠰᠠᠭᠤᠷᠢᠨ ᠭᠠᠵᠠᠷ + ᠠᠵᠤ ᠠᠬᠤᠶᠢᠯᠠᠯ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠤᠷᠢᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ᠂ ᠲᠠᠷᠢᠶᠠᠯᠠᠩ ᠤᠨ ᠰᠤᠳᠤᠯᠤᠯ ᠰᠤᠷᠤᠯᠴᠠᠯᠭ᠎ᠠ ᠵᠢᠭᠤᠯᠴᠢᠯᠠᠯ ᠢ ᠨᠢᠭᠡ ᠴᠤᠭᠴᠠᠵᠢᠭᠤᠯᠤᠭᠰᠠᠨ ᠲᠠᠷᠢᠶᠠᠯᠠᠩ ᠤᠨ  ᠤᠶᠤᠨᠴᠢ ᠬᠥᠨᠳᠡᠶ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠥᠬᠦ ᠬᠤᠲᠠ ᠶᠢᠨ ᠲᠡᠷᠢᠭᠦᠨ ᠤ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ᠂ ᠬᠤᠲᠠ ᠶᠢᠨ ᠲᠡᠭᠦᠷᠭᠡ ᠶᠢᠨ ᠲᠠᠷᠢᠶᠠᠯᠠᠩ ᠬᠢᠭᠡᠳ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠷᠳᠣᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ ᠲᠦᠷᠭᠡᠳᠬᠡᠵᠦ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠵᠤᠯᠵᠠᠭ᠎ᠠ ᠮᠣᠳᠣᠨ ᠤ ᠬᠦᠷᠢᠶᠡᠯᠡᠩ ᠤᠨ ᠰᠠᠭᠤᠷᠢᠨ ᠵᠡᠷᠭᠡ ᠳᠤ ᠲᠦᠰᠢᠭᠯᠡᠨ᠂ ᠬᠠᠲᠤᠨ ᠭᠤᠤᠯ ᠤᠨ ᠲᠤᠬᠤᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ︽  ᠨᠡᠪᠴᠢᠬᠦᠯᠤᠷ︾  ᠢ ᠪᠣᠶ ᠪᠣᠯᠭᠠᠵᠤ᠂ ᠲᠠᠷᠢᠶᠠᠯᠠᠩ ᠤᠨ ᠬᠠᠮ ᠦᠵᠡᠰᠬᠦᠯᠡᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠦᠷ᠎ᠡ ᠶᠢᠨ ᠴᠢᠨᠠᠷ ᠢ ᠳᠡᠭᠡᠭᠰᠢᠯᠡᠭᠦᠯᠬᠦ᠂ ᠴᠢᠬᠢ ᠪᠤᠶᠢᠵᠢᠭᠤᠯᠬᠤ᠂ ᠤᠨᠴᠠᠯᠢᠬᠳᠤ ᠴᠡᠴᠡᠭ ᠳᠠᠷᠢᠬᠤ ᠵᠡᠷᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ  ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ᠃            ︽ᠲᠦᠷᠪᠡᠨ ᠰᠢᠨ᠎ᠡ︾ ᠠᠵᠤ ᠠᠬᠤᠶ ᠶᠢ ᠲᠦᠷᠭᠡᠪᠴᠢᠯᠡᠨ ᠬᠥᠭᠵᠢᠭᠦᠯᠦᠨ᠎ᠡ᠃ ᠰᠢᠨ᠎ᠡ ᠠᠵᠤ ᠦᠢᠯᠡᠰ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠲᠦᠰᠢᠭᠯᠡᠨ ᠴᠢᠨᠠᠷ ᠰᠠᠶᠢᠲᠠᠢ ᠬᠥᠭᠵᠢᠯᠲᠡ ᠳᠤ ᠬᠦᠴᠤ ᠣᠯᠭᠤᠵᠤ᠂ ᠣᠷᠣᠨ ᠪᠦᠰᠡ ᠶᠢᠨ ᠦᠷᠢᠰᠦᠯᠳᠦᠬᠦ ᠬᠦᠴᠦᠨ᠂ ᠳᠠᠶᠢᠴᠢᠯᠠᠬᠤ ᠬᠦᠴᠦᠨ ᠪᠠ ᠨᠥᠯᠥᠭᠡᠯᠡᠬᠦ ᠬᠦᠴᠦᠨ ᠲᠠᠢ ᠰᠢᠨ᠎ᠡ ᠠᠵᠤ ᠠᠬᠤᠢ ᠶᠢᠨ ᠲᠤᠬᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ︽ᠬᠤᠤᠰ ᠨᠡᠭᠦᠷᠡᠰᠦᠲᠥ᠋ᠷᠥᠭᠴᠢᠲᠦ︾ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠨᠡᠭᠦᠷᠡᠰᠦᠲᠥ᠋ᠷᠥᠭᠴᠢ ᠶᠢᠨ ᠠᠵᠤ ᠠᠬᠤᠶ ᠶᠢᠨ ᠪᠤᠶᠢᠵᠢᠯᠲᠠ ᠶᠢ ᠪᠥᠬᠦ ᠲᠠᠯ᠎ᠠ ᠪᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠨᠥᠯᠥᠭᠡᠯᠡᠯ ᠤᠨ ᠯᠠᠪᠯᠠᠭ᠎ᠠ᠂ ᠡᠨᠧᠷᠭᠢ ᠠᠷᠪᠢᠯᠠᠬᠤ ᠬᠠᠮᠢᠶᠠᠷᠤᠯᠲᠠ ᠵᠡᠷᠭᠡ ᠲᠠᠯ᠎ᠠ ᠪᠠᠷ ᠨᠢᠭᠡ ᠪᠦᠯᠦᠭ ᠥᠷᠢᠰᠦᠯᠳᠦᠬᠦ ᠬᠦᠴᠦᠨ ᠲᠠᠢ ᠰᠢᠨ᠎ᠡ ᠠᠵᠤ ᠦᠶ᠋ᠯᠡᠰ ᠢ ᠪᠤᠶᠢᠵᠢᠭᠤᠯᠤᠨ᠎ᠠ᠃ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠬᠡᠷᠡᠭᠯᠡᠭᠡᠨ ᠤ ᠦᠵᠡᠭᠳᠡᠯ ᠪᠠ ᠬᠤᠳᠠᠯᠳᠤᠭᠠᠨ ᠤ ᠵᠠᠭᠪᠤᠷ ᠢ ᠪᠠᠶᠠᠯᠢᠭᠵᠢᠭᠤᠯᠤᠨ᠂ ᠲᠤᠭᠠᠵᠢᠭᠤᠯᠤᠭᠰᠠᠨ ᠠᠵᠤ ᠠᠬᠤᠶ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠪᠴᠢᠯᠡᠨ ᠪᠤᠶᠢᠵᠢᠭᠤᠯᠵᠤ᠂ ᠤᠷᠤᠰᠴᠠ ᠶᠢᠨ ᠪᠡᠯᠡᠨ ᠵᠣᠭᠤᠰ ᠪᠣᠯᠬᠤ ᠶᠢ ᠠᠬᠢᠭᠤᠯᠤᠨ᠎ᠠ᠃ ᠡᠷᠡᠭᠦᠯ ᠮᠡᠨᠳᠦ ᠶᠢᠨ ᠲᠣᠮᠣ ᠠᠵᠤ  ᠦᠢᠯᠡᠰ ᠢ ᠪᠤᠶᠢᠵᠢᠭᠤᠯᠬᠤ ᠳᠤ ᠰᠠᠭᠤᠷᠢᠯᠠᠨ᠂ ︽  ᠢᠨᠲ᠋ᠧᠷ ᠰᠦᠯᠵᠢᠶ᠎ᠡ + ᠡᠮᠴᠢᠯᠡᠭᠡ︾ ᠪᠠ ︽ᠡᠷᠡᠭᠦᠯ ᠮᠡᠨᠳᠦ + ᠨᠠᠰᠤᠵᠢᠯ ᠤᠨ ᠠᠰᠠᠷᠠᠮᠵᠢ︾ ︽ᠡᠷᠡᠭᠦᠯ ᠮᠡᠨᠳᠦ + ᠵᠢᠭᠤᠯᠴᠢᠯᠠᠯ︾ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠨᠠᠰᠤᠵᠢᠯ ᠤᠨ ᠠᠵᠤ ᠠᠬᠤᠶ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠪᠣᠶ ᠪᠣᠯᠭᠠᠨ᠎ᠠ᠃ ᠰᠤᠯᠠ ᠪᠠᠶᠢᠭ᠎ᠠ ᠬᠤᠳᠠᠯᠳᠤᠭᠠᠨ ᠤ ᠠᠰᠠᠷ ᠪᠠᠶᠢᠰᠢᠩ ᠢ ᠠᠮᠢᠳᠤᠯᠢᠭ ᠪᠣᠯᠭᠠᠵᠤ᠂ ᠬᠠᠤᠯᠢ ᠴᠠᠭᠠᠵᠠ ᠶᠢᠨ ᠤᠶᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ᠨᠢᠬᠳᠠᠯᠠᠨ ᠪᠤᠳᠤᠬᠤ ᠬᠢᠨᠠᠨ ᠪᠤᠳᠤᠬᠤ ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠠᠰᠠᠷ ᠪᠠᠶᠢᠰᠢᠩ ᠤᠨ ᠠᠵᠤ ᠠᠬᠤᠶ ᠶᠢ ᠬᠦᠴᠦᠷᠬᠡᠭᠵᠢᠭᠦᠯᠦᠨ᠎ᠡ᠃ ᠬᠤᠲᠠ ᠶᠢᠨ ᠮᠠᠶᠢᠬᠠᠨ  ᠪᠠᠭᠤᠴᠠ ᠶᠢᠨ ᠬᠤᠶᠠᠳᠤᠭᠠᠷ ᠬᠤᠭᠤᠴᠠᠭ᠎ᠠ᠂ ᠰᠦᠯᠵᠢᠶᠡᠨ ᠤᠳᠤ ᠠᠭᠤᠳᠠᠮ ᠲᠠᠯᠠᠪᠠᠶ ᠶᠢ ᠪᠥᠲᠥᠭᠡᠨ ᠪᠠᠶᠢᠭᠤᠯᠵᠤ᠂ ᠤᠯᠤᠰ ᠤᠨ ᠬᠡᠪ ᠨᠠᠮᠪᠠ ᠪᠦᠬᠦᠢ ᠪᠦᠲᠦᠭᠡᠯᠴᠢ ᠬᠤᠲᠠ ᠶᠢᠨ ᠴᠤᠭᠯᠠᠭᠠᠨ ᠢ ᠨᠡᠭᠡᠭᠡᠨ ᠡᠷᠭᠢᠯᠡᠵᠦ᠂ ᠴᠠᠭ ᠤᠨ ᠥᠩᠭᠡ ᠶᠢᠨ ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠶᠢᠨ ᠰᠢᠨ᠎ᠡ ᠬᠠᠯᠠᠮᠰᠢᠯ ᠴᠡᠭ ᠢ ᠪᠤᠶᠢᠵᠢᠭᠤᠯᠤᠨ᠂ ᠨᠠᠩ ᠣᠯᠠᠨ ᠰᠥᠨᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠪᠠ ᠳᠡᠯᠭᠡᠭᠦᠷ ᠢ ᠪᠥᠲᠥᠭᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠰᠥᠨᠢ ᠶᠢᠨ ᠠᠵᠤ ᠠᠬᠤᠶ᠂ ᠰᠦᠯᠵᠢᠶᠡᠨ ᠤ  ᠤᠳᠤ ᠠᠵᠤ ᠠᠬᠤᠶ ᠶᠢᠨ ᠬᠡᠪ ᠳᠠᠭᠤᠷᠢᠶᠠᠯ ᠬᠤᠲᠠ ᠶᠢ  ᠡᠬᠦᠳᠤᠨ᠎ᠡ᠃           ︵ᠬᠤᠶᠠᠷ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠲᠡᠰ ᠳᠡᠪᠰᠢᠬᠦ ᠰᠢᠨ᠎ᠡ ᠬᠥᠳᠡᠯᠭᠡᠭᠴᠢ  ᠬᠦᠴᠤ ᠶᠢ ᠲᠦᠷᠭᠡᠪᠴᠢᠯᠡᠨ ᠪᠤᠶᠢᠵᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠵᠤ  ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠶᠡᠭᠡ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ᠂ ᠳᠠᠶᠢᠴᠢᠯᠠᠬᠤ  ᠦᠢᠯᠡᠳᠤᠯ ᠢᠶᠠᠷ ᠴᠢᠩᠭ᠎ᠠ ᠠᠵᠤ ᠠᠬᠤᠶᠢᠯᠠᠯ᠂ ᠲᠥᠷᠥᠯ  ᠵᠦᠢᠯ ᠢ ᠣᠷᠣᠭᠤᠯᠤᠨ ᠠᠪᠴᠢᠷᠠᠵᠤ ᠬᠢᠶ᠎ᠠ  ᠪᠠᠭᠰᠢ ᠳᠤ ᠪᠠᠶᠢᠷᠢᠰᠢᠭᠤᠯᠤᠨ ᠨᠠᠶᠢᠳᠠᠪᠤᠷᠢᠵᠢᠭᠤᠯᠵᠤ᠂ ᠣᠯᠠᠨ  ᠬᠦᠴᠤ ᠬᠠᠷᠢᠯᠴᠠᠨ ᠨᠦᠬᠦᠪᠤᠷᠢᠯᠡᠭᠰᠡᠨ᠂ ᠣᠯᠠᠨ ᠠᠵᠢᠯ ᠦᠢᠯᠡᠰ ᠵᠡᠷᠭᠡᠪᠡᠷ ᠤᠷᠤᠬᠰᠢᠯᠠᠬᠰᠠᠨ᠂ ᠣᠯᠠᠨ ᠴᠡᠭ ᠲᠤᠯᠭᠠᠭᠤᠷᠢᠯᠠᠬᠰᠠᠨ᠂ ᠣᠯᠠᠨ ᠡᠰᠢᠵᠢᠨ ᠬᠦᠭᠵᠢᠭᠰᠡᠨ ᠠᠵᠤ ᠦᠢᠯᠡᠰ ᠤᠨ ᠲᠤᠬᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃           ᠬᠤᠳᠠᠯᠳᠤᠭᠠᠴᠢᠨ ᠤᠷᠢᠵᠤ ᠪᠠᠯᠠ ᠣᠷᠣᠭᠤᠯᠬᠤ  ᠬᠠᠮᠳᠤᠷᠠᠯ ᠬᠦᠴᠦᠨ ᠢ ᠨᠢᠭᠲᠠᠷᠠᠭᠤᠯᠤᠨ᠎ᠠ᠃ ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ ᠂ ᠪᠥᠬᠦ ᠡᠳᠦᠷ ᠢᠶᠠᠷ ᠢᠶᠠᠨ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠬᠡᠷᠡᠭᠵᠢᠭᠦᠯᠵᠦ᠂ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠳᠠᠯᠳᠤᠭᠠᠴᠢᠳ ᠤᠨ ᠡᠪᠯᠡᠯ ᠤᠨ ᠨᠡᠶᠢᠭᠡᠮᠯᠢᠭ ᠢ ᠳᠠᠶᠢᠴᠢᠯᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ︽ᠬᠥᠮᠦᠨ ᠪᠦᠬᠦᠨ ᠴᠥᠮ ᠬᠤᠳᠠᠯᠳᠤᠭᠠᠴᠢᠨ ᠤᠷᠢᠬᠤ ᠭᠤᠤᠯ ᠴᠣᠭᠴᠠ᠂ ᠴᠠᠭ ᠮᠦᠴᠡ ᠪᠦᠬᠦᠨ ᠬᠤᠳᠠᠯᠳᠤᠭᠠᠴᠢᠨ ᠤᠷᠢᠬᠤ ᠴᠠᠭ ᠬᠤᠭᠤᠴᠠᠭ᠎ᠠ ᠪᠤᠯᠬᠤ︾  ᠬᠤᠳᠠᠯᠳᠤᠭᠠᠴᠢᠨ ᠤᠷᠢᠬᠤ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃ ᠠᠵᠤ  ᠦᠢᠯᠡᠰ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠬᠡᠷᠡᠭᠵᠢᠭᠦᠯᠵᠦ᠂ ᠤᠯᠠᠮᠵᠢᠯᠠᠯᠲᠤ ᠬᠤᠳᠠᠯᠳᠤᠭᠠᠴᠢᠨ ᠤᠷᠢᠬᠤ ᠲᠥᠷᠥᠯ  ᠵᠦᠢᠯ ᠢ ᠡᠪᠳᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠪᠦᠬᠦᠨ ᠢ  ᠪᠦᠷᠬᠦᠬᠦᠯᠬᠦ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠪᠠᠷ ᠶᠡᠷᠦᠩᠬᠡᠶ  ᠵᠠᠬᠢᠷᠭ᠎ᠠ᠂ ᠮᠥᠩᠭᠦᠨ  ᠬᠦᠢᠯᠭᠡᠭᠡ᠂ ᠰᠣᠶᠣᠯ ᠵᠢᠭᠤᠯᠴᠢᠯᠠᠯ᠂ ᠣᠶᠤᠨᠴᠢ  ᠦᠢᠯᠡᠳᠭᠡᠯ᠂ ᠬᠤᠲᠠ ᠶᠢᠨ ᠮᠠᠶ᠋ᠢᠭ ᠤᠨ ᠣᠲᠣ ᠦᠶ᠎ᠡ ᠶᠢᠨ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ  ᠲᠦᠷᠦᠯ ᠲᠡᠮᠳᠡᠭᠲᠦ ᠪᠠᠷ ᠰᠢᠯᠢᠳᠡᠭ᠂ ᠶᠠᠰᠤ ᠴᠢᠨᠠᠷ ᠢᠶᠠᠷ ᠰᠠᠶᠢᠨ᠂ ᠦᠷ᠎ᠡ ᠠᠰᠢᠭ ᠢᠶᠠᠷ ᠰᠠᠶᠢᠨ ᠠᠵᠤ  ᠦᠢᠯᠡᠰ ᠤᠨ ᠲᠥᠷᠥᠯ  ᠵᠦᠢᠯ ᠢ ᠲᠠᠲᠠᠵᠤ ᠠᠪᠴᠢᠷᠠᠨ᠎ᠠ᠃ ᠰᠢᠨ᠎ᠡ ᠶᠢ ᠡᠭᠦᠳᠬᠦ ᠳᠤ ᠬᠥᠷᠥᠩᠭᠡ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠭᠡᠳᠤ ᠰᠠᠭᠤᠷᠢ ᠮᠥᠩᠭᠦ᠂ ᠠᠵᠤ  ᠦᠢᠯᠡᠰ ᠤᠨ ᠬᠥᠲᠥᠯᠦᠨ ᠵᠢᠯᠣᠭᠤᠳᠬᠤ ᠰᠠᠭᠤᠷᠢ ᠮᠥᠩᠭᠦ ᠪᠠᠷ ᠳᠠᠮᠵᠢᠭᠤᠯᠤᠨ ᠬᠥᠲᠥᠴᠢ ᠠᠵᠤ ᠠᠬᠤᠶᠢᠯᠠᠯ᠂ ᠶᠡᠷᠦᠩᠬᠡᠶ  ᠵᠠᠬᠢᠷᠭ᠎ᠠ ᠶᠢᠨ ᠪᠠᠶᠢᠭᠤᠯᠤᠮᠵᠢ᠂  ᠲᠡᠯᠡᠭᠡᠢ  ᠳᠤ ᠬᠤᠤᠰ ᠦᠭᠡᠢ ᠠᠵᠤ ᠠᠬᠤᠶᠢᠯᠠᠯ ᠪᠠ ᠠᠩᠬ᠎ᠠ ᠡᠭᠦᠳᠦᠭᠰᠡᠨ ᠠᠵᠤ ᠠᠬᠤᠶᠢᠯᠠᠯ ᠳᠤ ᠰᠲ᠋ᠣᠺ ᠤᠨ ᠡᠷᠭᠡᠳᠤ ᠪᠠᠯᠠ ᠣᠷᠣᠭᠤᠯᠤᠯᠲᠠ ᠬᠢᠵᠦ᠂ ᠬᠠᠮᠢᠶ᠎ᠠ ᠪᠥᠬᠦᠶ ᠠᠵᠤ ᠠᠬᠤᠶᠢᠯᠠᠯ ᠤᠨ ᠶᠡᠷᠦᠩᠬᠡᠶ  ᠵᠠᠬᠢᠷᠭ᠎ᠠ ᠪᠤᠶᠤ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠨᠠᠶᠢᠳᠠᠪᠤᠷᠢᠵᠢᠭᠤᠯᠤᠭᠳᠠᠬᠤ ᠶᠢ ᠠᠬᠢᠭᠤᠯᠤᠨ᠎ᠠ᠃ ︽ᠨᠡᠷ᠎ᠡ ᠵᠠᠷᠯᠠᠨ︾ ᠬᠤᠳᠠᠯᠳᠤᠭᠠᠴᠢᠨ ᠤᠷᠢᠬᠤ ᠶᠢ ᠰᠦᠪᠡᠭᠴᠢᠯᠡᠨ ᠬᠡᠷᠡᠭᠵᠢᠭᠦᠯᠵᠦ᠂ ᠨᠡᠷ᠎ᠡ ᠵᠠᠷᠯᠠᠨ ᠰᠢᠯᠭᠠᠷᠠᠭᠤᠯᠬᠤ ᠠᠴᠠ ᠠᠪᠤᠭᠠᠳ ᠨᠡᠷ᠎ᠡ ᠵᠠᠷᠯᠠᠨ ᠨᠡᠶᠢᠲᠡᠯᠡᠬᠦ᠂ ᠨᠡᠷ᠎ᠡ ᠵᠠᠷᠯᠠᠨ ᠬᠦᠢᠴᠡᠳᠭᠡᠬᠦ᠂ ᠨᠡᠷ᠎ᠡ ᠵᠠᠷᠯᠠᠨ ᠰᠢᠯᠭᠠᠷᠠᠭᠤᠯᠬᠤ᠂ ᠨᠡᠷ᠎ᠡ ᠵᠠᠷᠯᠠᠨ ᠱᠠᠩᠨᠠᠬᠤ ᠬᠦᠷᠲᠡᠯᠡᠬᠢ ᠪᠥᠬᠦ ᠬᠡᠯᠬᠢᠶ᠎ᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ  ᠨᠤᠳᠤᠬᠰᠢᠭᠤᠯᠬᠤ᠂ ᠰᠲ᠋ᠤᠺ ᠤᠨ ᠵᠠᠬ᠎ᠠ  ᠳᠤ ᠭᠠᠷᠤᠭᠰᠠᠨ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠶᠢ ᠰᠠᠭᠤᠷᠢᠰᠢᠭᠤᠯᠬᠤ ᠵᠡᠷᠭᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠦᠨᠳᠦ ᠪᠡᠷᠬᠡ ᠲᠥᠷᠥᠯ  ᠵᠦᠢᠯ ᠳᠤ ᠰᠢᠨ᠎ᠡ ᠰᠢᠪᠲᠤᠯᠤᠯᠲᠠ ᠲᠠᠢ  ᠪᠤᠯᠭᠠᠨ᠎ᠠ᠃           ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ  ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠰᠠᠶᠢᠲᠤᠷ ᠠᠳᠬᠤᠵᠤ᠂ ᠪᠥᠬᠦ ᠬᠤᠲᠠ ᠶᠢᠨ ᠡᠨᠧᠷᠭᠢ᠂ ᠣᠶᠤᠨᠴᠢ  ᠦᠢᠯᠡᠳᠭᠡᠯ   ᠵᠡᠷᠭᠡ ᠭᠤᠤᠯᠯᠠᠬᠤ ᠠᠵᠤ ᠦᠢᠯᠡᠰ  ᠲᠤ  ᠦᠢᠯᠡᠴᠢᠯᠡᠬᠦ ᠳᠤ ᠰᠠᠭᠤᠷᠢᠯᠠᠨ᠂ ᠠᠵᠤ  ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠱᠠᠳᠤ ᠶᠢᠨ ᠦᠵᠤᠬᠦᠷ ᠤᠨ ᠢᠵᠢ ᠪᠦᠷᠢᠳᠦᠭᠦᠯᠬᠦ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ᠂ ᠭᠤᠤᠯᠯᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂  ᠦᠢᠯᠡᠳᠪᠤᠷᠢᠯᠡᠯ ᠤᠨ ᠴᠢᠨᠠᠷᠲᠠᠶ  ᠦᠢᠯᠡᠴᠢᠯᠡᠭᠡᠨ ᠤ  ᠦᠢᠯᠡᠰ ᠤᠨ ᠦᠵᠤᠬᠦᠷ ᠳᠠᠰᠢ ᠳᠠᠪᠰᠢᠬᠤ ᠶᠢ ᠠᠬᠢᠭᠤᠯᠤᠨ᠎ᠠ᠃ ᠲᠣᠮᠣ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠶᠠᠪᠤᠳᠠᠯ ᠢ ᠴᠢᠩᠭ᠎ᠠ ᠠᠩᠬᠠᠷᠴᠤ᠂ ᠬᠠᠷᠠᠯᠲᠠᠲᠤ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ 500 ᠬᠦᠴᠦᠷᠬᠡᠭ᠂ ᠠᠵᠢᠯ ᠲᠥᠷᠥᠯ ᠤᠨ 100 ᠬᠦᠴᠦᠷᠬᠡᠭ ᠪᠠ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢ ᠴᠢᠩᠭ᠎ᠠ ᠠᠩᠬᠠᠷᠴᠤ᠂ ᠪᠠᠯᠠ ᠣᠷᠣᠭᠤᠯᠤᠯᠲᠠ ᠶᠢᠨ ᠡᠷᠴᠢᠮ᠂ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠬᠡᠮᠵᠢᠶ᠎ᠡ᠂ ᠬᠡᠯᠬᠢᠶᠡᠰᠦ ᠶᠢᠨ ᠣᠷᠳᠣ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠮᠵᠢᠶ᠎ᠡ᠂ ᠡᠨᠧᠷᠭᠢ ᠶᠢᠨ ᠬᠤᠷᠣᠭᠳᠠᠯ ᠤᠨ ᠬᠢᠵᠠᠭᠠᠷ ᠵᠡᠷᠭᠡ ︽ᠵᠢᠷᠭᠤᠭᠠᠨ︾ ᠪᠠᠷᠢᠮᠵᠢᠶ᠎ᠠ ᠶᠢ ᠳᠣᠪᠤᠶᠢᠯᠭᠠᠨ᠂  ᠲᠤᠭᠤᠷᠢᠭ ᠤᠨ ᠪᠠᠶᠢᠳᠠᠯ ᠤᠨ ᠪᠣᠳᠠᠲᠠᠶ ᠳᠤ ᠨᠡᠶᠢᠴᠡᠬᠦ ᠴᠢᠬᠤᠯᠠ ᠶᠡᠭᠡ ᠠᠵᠤ  ᠦᠢᠯᠡᠰ ᠤᠨ ᠲᠥᠷᠥᠯ  ᠵᠦᠢᠯ ᠢ ᠪᠥᠬᠦ ᠬᠦᠴᠦᠨ ᠢᠶᠠᠷ ᠢᠶᠠᠨ ᠲᠠᠲᠠᠵᠤ᠂ 20 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ︽  ᠲᠡᠭ ᠤᠨ ᠰᠢᠪᠳᠤᠯᠤᠯᠳᠡ︾  ᠶᠢ ᠪᠡᠶᠡᠯᠡᠭᠦᠯᠵᠦ᠂ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 2021 ᠣᠨ ᠤ ᠬᠢ ᠠᠴᠠ ᠨᠢᠭᠡ ᠳᠠᠬᠢᠨ ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠯᠭᠠᠨ ᠬᠢᠨᠠᠬᠤ ᠶᠢ ᠴᠢᠩᠭᠠᠳᠬᠠᠨ ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠡᠯᠰᠡᠨ ᠤᠷᠢᠬᠤ ᠲᠥᠷᠥᠯ  ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠦᠨ᠂ ᠪᠠᠯᠠ ᠣᠷᠣᠭᠤᠯᠤᠯᠲᠠ ᠶᠢᠨ ᠡᠷᠴᠢᠮ᠂ ᠮᠥ ᠪᠦᠷᠢ ᠶᠢᠨ ᠳᠤᠮᠳᠠᠴᠢ ᠭᠠᠷᠭᠠᠯᠲᠠ ᠵᠡᠷᠭᠡ ᠵᠠᠩᠭᠢᠯᠠᠭ᠎ᠠ ᠶᠢᠨ  ᠬᠦᠢᠴᠡᠳᠭᠡᠯ ᠲᠤᠭ᠎ᠠ ᠶᠢ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠬᠤ ᠲᠥᠷᠥᠯ  ᠵᠦᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠳᠠᠯᠳᠤᠭᠠᠴᠢᠨ ᠤᠷᠢᠵᠤ ᠪᠠᠯᠠ ᠤᠷᠤᠭᠤᠯᠤᠬᠰᠠᠨ ᠲᠦᠷᠦᠯ ᠵᠦᠢᠯ ᠤᠨ ᠤᠷᠤᠨᠵᠢᠬᠰᠠᠨ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠶᠢ 10% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠭᠡᠯᠡᠯᠴᠡᠭᠡᠷ ᠲᠤᠬᠳᠠᠬᠰᠠᠨ ᠪᠡᠯᠡ ᠤᠷᠤᠭᠤᠯᠤᠯᠳᠠ ᠶᠢ 200 ᠳ᠋ᠦᠩᠰᠢᠭᠤᠷ ᠲᠥᠭᠦᠷᠢᠭ ᠠᠴᠠ  ᠲᠠᠪᠠᠭᠤᠯᠵᠤ᠂ 120  ᠵᠦᠢᠯ ᠠᠴᠠ ᠳᠡᠭᠡᠭᠰᠢ ᠲᠥᠷᠥᠯ  ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠤᠨ᠎ᠠ᠃           ᠲᠥᠷᠥᠯ ᠵᠦᠢᠯ ᠢ ᠤᠷᠤᠭᠤᠯᠤᠨ ᠠᠪᠴᠢᠷᠠᠵᠤ ᠪᠤᠶᠢᠵᠢᠭᠤᠯᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠴᠢᠭᠯᠡᠯ ᠤᠨ ᠲᠣᠭᠤᠷᠢᠨ ᠳᠤ ᠠᠵᠤ ᠦᠢᠯᠡᠰ ᠤᠨ ᠲᠥᠷᠥᠯ ᠢ ᠬᠤᠪᠢᠶᠠᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂  ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠤ ᠠᠬᠤᠶᠢᠯᠠᠯ ᠢ ᠳᠡᠮᠵᠢᠬᠦ ᠵᠡᠷᠭᠡ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠦᠷ᠎ᠡ ᠠᠰᠢᠭ ᠢ ᠨᠢ ᠨᠡᠮᠡᠭᠳᠡᠭᠦᠯᠦᠨ᠂ ᠵᠢᠯ ᠤᠨ ᠳᠣᠲᠣᠷ᠎ᠠ ᠬᠤᠳᠠᠯᠳᠤᠭᠠᠴᠢᠨ ᠤᠷᠢᠵᠤ ᠪᠠᠯᠠ ᠲᠠᠲᠠᠬᠤ ᠵᠠᠷᠤᠳᠠᠯ ᠤᠨ ᠲᠤᠬᠢᠷᠠᠭᠤᠯᠤᠯᠳᠠ ᠶᠢ 1000 ᠲᠦᠮᠡᠨ ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠴᠢᠬᠤᠯᠠ ᠶᠡᠭᠡ ᠲᠥᠷᠥᠯ ᠵᠦᠢᠯ ᠤᠨ ︽ᠰᠠᠭᠠᠳ ᠦᠭᠡᠶ ᠨᠡᠪᠲᠡᠷᠡᠬᠦ ᠵᠠᠮ︾ ︽ᠨᠡᠶᠢᠯᠡᠭᠦᠯᠦᠨ ᠬᠢᠨᠠᠨ ᠵᠥᠪᠰᠢᠶᠡᠷᠡᠬᠦ︾ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ᠂ ᠭᠠᠵᠠᠷ ᠰᠢᠷᠣᠶ᠂ ᠪᠡᠯᠡ ᠮᠥᠩᠭᠦ ᠵᠡᠷᠭᠡ ᠬᠦᠴᠤᠨ ᠵᠦᠢᠯ ᠤᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠵᠦ᠂ ᠲᠠᠪᠤᠨ ᠣᠳᠣᠨ ᠳᠡᠰ ᠤᠨ ᠪᠠᠷᠢᠮᠵᠢᠶ᠎ᠠ᠂ ᠳᠡᠯᠭᠡᠭᠦᠷ ᠤᠨ ᠬᠤᠶᠠᠳᠤᠭᠠᠷ ᠵᠠᠩᠭᠤᠶᠢᠳᠠ ᠶᠢᠨ ᠦᠢᠯᠡᠴᠢᠯᠡᠭᠡ ᠪᠠᠷ ᠴᠢᠬᠤᠯᠠ ᠶᠡᠭᠡ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠪᠦᠬᠦ  ᠶᠠᠪᠤᠴᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠢᠶ᠎ᠠ ᠪᠠᠭᠰᠢ ᠳᠤ ᠪᠡᠯᠡ ᠣᠷᠣᠭᠤᠯᠤᠨ ᠦᠢᠯᠡᠰ ᠪᠤᠰᠬᠠᠬᠤ ᠬᠥᠮᠦᠰ ᠠᠵᠢᠯ ᠶᠠᠪᠤᠳᠠᠯ ᠬᠦᠢᠴᠡᠳᠭᠡᠬᠦ ᠳᠤ ︽ᠲᠦᠷᠢᠮ ᠳᠤ ᠲᠦᠰᠢᠭᠯᠡᠬᠦ ᠠᠴᠠ ᠪᠢᠰᠢ ᠬᠠᠷᠢᠴᠠᠭ᠎ᠠ ᠬᠤᠯᠪᠣᠭ᠎ᠠ ᠳᠤ ᠲᠦᠰᠢᠭᠯᠡᠬᠦ ᠦᠭᠡᠢ ᠪᠠᠶᠢᠬᠤ︾  ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠲᠦᠷᠦᠯ ᠵᠦᠢᠯ ᠡᠷᠬᠢᠯᠡᠬᠦ ᠳᠤ ︽ᠠᠮᠠᠯᠠᠯᠲᠠ ᠶᠢᠨ ᠲᠦᠷᠢᠮ + ᠪᠦᠬᠦᠨ ᠢ ᠣᠷᠣᠯᠠᠨ ᠭᠦᠢᠴᠡᠳᠬᠡᠬᠦ︾ ᠰᠢᠯᠢᠳᠡᠭ ᠦᠢᠯᠡᠴᠢᠯᠡᠭᠡ  ᠬᠠᠨᠭ᠍ᠭᠠᠵᠤ᠂ ᠡᠮᠦᠨᠡᠬᠢ ᠬᠤᠭᠤᠴᠠᠭᠠᠨ ᠳᠤ ︽ᠨᠢᠭᠡ ᠲᠠᠮᠠᠭ᠎ᠠ ᠪᠠᠷ ᠬᠠᠮᠢᠶᠠᠷᠬᠤ ᠬᠢᠨᠠᠬᠤ ᠵᠥᠪᠰᠢᠶᠡᠷᠡᠬᠦ ︾  ᠪᠣᠯᠭᠠᠵᠤ᠂ ᠢᠮᠠᠭᠲᠠ ︽ᠰᠢᠨ᠎ᠡ ᠨᠣᠶᠠᠨ ᠬᠠᠭᠤᠴᠢᠨ ᠲᠠᠩᠰᠠ ᠶᠢ ᠰᠢᠢᠳᠪᠦᠷᠢᠯᠡᠬᠦ︾ ᠲᠣᠭᠲᠠᠭᠤᠨ ᠵᠢᠱᠢᠯᠲᠡ ᠲᠠᠢ ᠪᠣᠯᠭᠠᠵᠤ᠂  ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠪᠠᠶᠠᠵᠢᠭᠤᠯᠬᠤ ᠶᠢ ᠬᠢᠶ᠎ᠠ  ᠪᠠᠭᠰᠢ ᠶᠢᠨ ᠬᠡᠪ ᠵᠠᠩᠰᠢᠯ ᠪᠤᠯᠭᠠᠨ᠎ᠠ᠃           ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠠᠯᠳᠠᠳᠤ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠢᠴᠡᠳ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠣᠷᠣᠨ ᠵᠠᠢ ᠶᠢ ᠨᠡᠭᠡᠭᠡᠵᠦ᠂ ᠬᠢᠶ᠎ᠠ ᠪᠠᠭᠰᠢ ᠶᠢ ᠥᠭᠡᠷᠡᠴᠢᠯᠡᠯᠲᠡ ᠶᠢᠨ ᠥᠨᠳᠦᠷᠯᠢᠭ ᠭᠠᠵᠠᠷ᠂ ᠰᠢᠨ᠎ᠡ ᠶᠢ ᠡᠭᠦᠳᠬᠦ ᠰᠠᠭᠤᠷᠢᠨ ᠭᠠᠵᠠᠷ᠂ ᠪᠡᠯᠡ ᠣᠷᠣᠭᠤᠯᠤᠯᠲᠠ ᠶᠢᠨ ᠬᠤᠲᠣᠭᠤᠷ ᠭᠠᠵᠠᠷ᠂ ᠦᠢᠯᠡᠰ ᠪᠤᠰᠬᠠᠬᠤ ᠪᠤᠶᠠᠨ ᠬᠡᠰᠢᠭ ᠤᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃           ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠬᠦᠯᠤᠨ᠎ᠡ᠃ ︽  ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂  ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠵᠡᠷᠭᠡᠪᠡᠷ  ᠴᠢᠬᠤᠯᠠᠴᠢᠯᠠᠨ ᠠᠬᠢᠭᠤᠯᠬᠤ ᠶᠢ ᠪᠠᠷᠢᠮᠲᠠᠯᠠᠨ᠂ ᠵᠠᠰᠠᠭ ᠢ ᠴᠣᠮᠬᠠᠳᠬᠠᠬᠤ ᠳᠤ ᠬᠠᠷᠢᠭᠤᠴᠠᠯᠭ᠎ᠠ ᠶᠢ ᠬᠥᠩᠭᠡᠯᠡᠬᠦ ᠥᠬᠡᠶ᠂ ᠡᠷᠬᠡ ᠶᠢ ᠲᠠᠯᠪᠢᠬᠤ ᠳᠤ ᠡᠬᠦᠷᠭᠡ ᠶᠢ ᠬᠠᠶᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ︽  ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢ ᠴᠢᠩᠭᠠᠷᠠᠭᠤᠯᠵᠤ᠂ ︽ᠨᠢᠭᠡ ᠴᠤᠩᠬᠤᠪᠴᠢ ᠪᠠᠷ ᠪᠦᠬᠦᠨ ᠢ ᠬᠦᠢᠴᠡᠳᠭᠡᠬᠦ︾ ᠶᠢ ︽ᠨᠢᠭᠡ ᠰᠦᠯᠵᠢᠶ᠎ᠡ ᠪᠠᠷ ᠬᠦᠢᠴᠡᠳᠭᠡᠬᠦ︾ ︽ᠠᠯᠠᠭᠠᠨ ᠳᠡᠭᠡᠷ᠎ᠡ  ᠪᠠᠨ ᠬᠦᠢᠴᠡᠳᠭᠡᠬᠦ︾ ︽ᠨᠢᠭᠡ ᠯᠡ ᠤᠳᠠᠭ᠎ᠠ ᠳᠤ ᠬᠦᠢᠴᠡᠳᠭᠡᠬᠦ︾ ᠳᠠᠰᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠡᠶᠡᠯᠡᠭᠦᠯᠵᠦ᠂ ᠬᠠᠤᠯᠢ ᠶᠢᠨ ᠡᠷᠭᠡᠳᠡᠨ ᠤ ᠵᠠᠰᠠᠯᠳᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠴᠠᠯᠢᠩ ᠬᠥᠯᠥᠰᠥ ᠪᠠᠷ ᠤᠷᠮᠠᠰᠢᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠭᠠᠷᠳᠠᠴᠠ ᠪᠣᠯᠭᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠪᠠᠭᠠᠰᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃           ᠨᠡᠭᠡᠭᠡᠯᠳᠡ ᠬᠢᠬᠦ ᠶᠢ ᠦᠷᠭᠦᠯᠵᠢᠯᠡᠨ ᠥᠷᠭᠡᠳᠬᠡᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠬᠠᠲᠤᠨ ᠭᠤᠤᠯ ᠤᠨ ᠲᠤᠬᠤᠢ ᠶᠢᠨ ᠬᠤᠲᠠ ᠶᠢᠨ ᠲᠣᠭᠤᠷᠢᠭ᠂ ᠬᠥᠬᠡᠬᠤᠲᠠ ᠪᠤᠭᠤᠲᠤ ᠣᠷᠳᠣᠰ  ᠤᠯᠠᠭᠠᠨᠴᠠᠪ ᠤᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠪᠠ  ᠳ᠋ᠦ᠌ᠡᠭᠱᠸᠡᠭ ᠬᠢᠶ᠎ᠠ ᠪᠠᠭᠰᠢ ᠠᠯᠳᠠᠨᠰᠢᠷᠡᠭᠡᠳᠤ ᠶᠢᠨ  ᠭᠤᠤᠯᠳᠠᠯᠭᠠᠳᠤ ᠬᠤᠲᠠ ᠶᠢᠨ ᠲᠣᠭᠤᠷᠢᠭ ᠢ ᠨᠢᠭᠡ ᠴᠤᠭᠴᠠᠵᠢᠭᠤᠯᠬᠤ ᠠᠬᠢᠴᠠ ᠳᠤ ᠭᠦᠨᠵᠡᠭᠡᠶ ᠠᠭᠤᠰᠤᠯᠴᠠᠵᠤ᠂ ᠪᠡᠭᠡᠵᠢᠩ ᠲᠢᠶᠠᠨᠵᠢᠨ  ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠪᠤᠯᠤᠩ ᠵᠡᠷᠭᠡ ᠭᠠᠵᠠᠷ ᠣᠷᠣᠨ ᠯᠤᠭ᠎ᠠ ᠶᠢᠨ ᠠᠵᠤ  ᠦᠢᠯᠡᠰ ᠤᠨ ᠵᠣᠯᠭᠠᠭᠤᠯᠤᠯᠲᠠ ᠶᠢ ᠴᠢᠩᠭᠠᠳᠬᠠᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ  ᠪᠠ ᠲᠡᠷᠢᠭᠦᠨ ᠤ ᠭᠠᠵᠠᠷ ᠣᠷᠣᠨ ᠤ ᠡᠬᠢ ᠪᠠᠶᠠᠯᠢᠭ᠂ ᠠᠵᠤ  ᠦᠢᠯᠡᠰ ᠤᠨ ᠰᠢᠯᠵᠢᠯᠲᠡ ᠲᠠᠢ ᠵᠤᠯᠭᠠᠭᠤᠯᠤᠨ᠎ᠠ᠃ ᠱᠧᠨᠵᠧᠨ ᠤ ᠨᠠᠨᠱᠠᠨ᠂ ᠱᠠᠨᠳᠦ᠋ᠩ ᠤᠨ ᠴᠢᠦ᠋ᠢᠹᠦ᠋᠂ ᠰᠦᠵᠧᠦ ᠶᠢᠨ ᠦ᠋ ᠵᠦᠩ᠂ ᠰᠢ ᠠᠨ ᠤ ᠰᠢ ᠰᠢᠶᠠᠨ ᠰᠢᠨ᠎ᠡ ᠲᠣᠭᠤᠷᠢᠭ ᠵᠡᠷᠭᠡ ᠬᠤᠳᠠ ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠬᠦᠴᠤᠨ ᠵᠦᠢᠯ ᠢ ᠨᠡᠶᠢᠳᠭᠡᠬᠦ᠂ ᠠᠵᠤ ᠦᠢᠯᠡᠰ ᠤᠨ ᠠᠵᠢᠯ ᠬᠤᠪᠢᠶᠠᠷᠢᠯᠠᠨ ᠬᠠᠮᠵᠢᠯᠴᠠᠬᠤ ᠶᠢ ᠠᠬᠢᠭᠤᠯᠵᠤ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠬᠦᠷᠳᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠨᠡᠭᠡᠭᠡᠯᠲᠡᠲᠡᠶ ᠪᠠᠭᠲᠠᠭᠠᠮᠵᠢᠲᠠᠶ ᠬᠤᠳᠠ ᠶᠢᠨ ᠰᠢᠨ᠎ᠡ ᠲᠦᠷᠢ ᠲᠥᠷᠬᠦ ᠶᠢ ᠪᠦᠬᠦ ᠬᠦᠴᠦᠨ ᠢᠶᠠᠷ ᠢᠶᠠᠨ  ᠱᠤᠭᠤᠨ᠎ᠠ ᠃          ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠬᠦ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠲᠥᠯᠦᠨ ᠳᠠᠭᠠᠭᠤᠯᠬᠤ  ᠦᠢᠯᠡᠳᠤᠯ ᠢ ᠪᠠᠳᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠴᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂  ᠲᠤᠨᠤᠬᠯᠠᠯ ᠦᠢᠯᠡᠳᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠶᠢ ᠬᠠᠷᠠᠭᠠᠯᠠᠨ᠂ ︽ᠨᠡᠭᠦᠷᠡᠰᠦᠲᠥ᠋ᠷᠥᠭᠴᠢ  ᠶᠢᠨ ᠳᠠᠪᠬᠤᠷ ᠢᠰᠤᠯ ᠢ ᠰᠠᠭᠠᠷᠮᠠᠭᠵᠢᠭᠤᠯᠬᠤ︾ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠲᠠᠢ ᠢᠳᠡᠪᠬᠢᠳᠡᠢ ᠪᠠᠷ ᠵᠤᠯᠭᠠᠯᠳᠤᠭᠤᠯᠵᠤ᠂  ᠨᠢᠭᠡ ᠪᠦᠯᠦᠭ ᠤᠶᠤᠨᠲᠤ ᠰᠦᠯᠵᠢᠶᠡᠨ ᠮᠠᠰᠢᠨ  ᠳᠡᠷᠭᠡ ᠶᠢᠨ ᠰᠢᠨ᠎ᠠ ᠶᠢ ᠡᠬᠦᠳᠴᠤ ᠰᠤᠳᠤᠯᠬᠤ ᠳᠦᠪ ᠢ ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠰᠤᠳᠤᠯᠭ᠎ᠠ ᠨᠡᠭᠡᠭᠡᠯᠳᠡ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂  ᠭᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ︽ᠭᠤᠷᠪᠠ ᠶᠢ ᠴᠡᠪᠡᠷᠯᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ  ᠲᠤᠭᠤᠷᠢᠭ ᠤᠨ ᠰᠤᠳᠤᠯᠭᠠᠨ ᠬᠢᠭᠡᠳ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠵᠠᠷᠤᠯᠭ᠎ᠠ ︵R& D︶ ᠶᠢᠨ ᠣᠷᠣᠨ ᠨᠤᠳᠤᠭ ᠤᠨ ᠦᠢᠯᠡᠳᠪᠤᠷᠢᠯᠠᠯ ᠤᠨ ᠶᠡᠷᠤᠩᠭᠡᠢ ᠥᠷᠲᠡᠭ ᠲᠠᠬᠢ ᠡᠵᠡᠯᠡᠬᠦ  ᠬᠠᠷᠢᠴᠠᠯ ᠢ 1.2% ᠲᠤ ᠬᠦᠷᠭᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠤᠳᠤᠯᠭᠠᠨ ᠤ ᠪᠠᠶᠢᠭᠤᠯᠤᠮᠵᠢ ᠪᠠᠶᠢᠭᠤᠯᠬᠤ ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ᠂ ᠠᠵᠢᠯ ᠲᠦᠷᠦᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠬᠤ ᠶᠢ ᠲᠡᠮᠵᠢᠵᠤ᠂ ᠱᠠᠳᠤ ᠲᠦᠷᠦᠯ ᠬᠤᠪᠢᠶᠠᠨ ︽ᠨᠠᠷᠢᠯᠢᠭ ᠣᠨᠣᠴᠠᠲᠠᠶ︾ ᠲᠤᠰᠠᠯᠠᠵᠤ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠲ᠋ᠤᠺ ᠤᠨ ᠵᠠᠬ᠎ᠠ ᠳᠤ ᠭᠠᠷᠤᠭᠰᠠᠨ ᠠᠵᠤ ᠠᠬᠤᠶᠢᠯᠠᠯ ︽  ᠦᠭᠡᠢ︾  ᠲᠡᠤᠭᠡ ᠶᠢ ᠡᠴᠤᠰᠯᠡᠬᠦᠯᠬᠦ ᠪᠠᠷ ᠴᠢᠷᠮᠠᠶᠢᠨ᠎ᠠ᠃ 2022 ᠣᠨ ᠤ  ᠦᠷᠬᠦᠯᠵᠢᠯᠡᠬᠦᠶᠢᠴᠡ ᠬᠥᠭᠵᠢᠯᠲᠡ ᠶᠢᠨ ᠶᠠᠷᠢᠶᠠᠨ ᠤ ᠲᠠᠪᠴᠠᠩ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ ᠲᠦᠷᠦᠭᠦᠴᠦᠳ ᠤᠨ ᠶᠠᠷᠢᠶᠠᠨ ᠤ ᠲᠠᠪᠴᠠᠩ᠂ ᠬᠤᠶᠠᠳᠤᠭᠠᠷ ᠬᠤᠭᠤᠴᠠᠭᠠᠨ ᠤ ᠤᠷᠳᠤᠰ ᠤᠨ ᠤᠶᠤᠨᠲᠤ ᠰᠦᠯᠵᠢᠶᠡᠨ   ᠮᠠᠰᠢᠨ ᠲᠡᠷᠭᠡᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠠᠷᠪᠠᠨ ᠳᠣᠯᠣᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠡᠭᠦᠷᠡᠰᠦ ᠵᠢᠴᠢ ᠡᠨᠧᠷᠭᠢ ᠶᠢᠨ ᠠᠵᠤ ᠦᠢᠯᠡᠳᠪᠦᠷᠢ ᠶᠢᠨ ᠦᠵᠡᠰᠬᠦᠯᠡᠩ ᠤᠨ ᠴᠤᠭᠯᠠᠭᠠᠨ ᠵᠡᠷᠭᠡ ᠶᠢ ᠥᠨᠳᠥᠷ ᠲᠦᠪᠰᠢᠨ ᠢᠶᠠᠷ ᠡᠷᠬᠢᠯᠡᠵᠦ᠂ ᠣᠷᠣᠨ ᠨᠤᠳᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢᠨ ᠡᠬᠢ ᠰᠤᠷᠪᠤᠯᠵᠢ ᠶᠢᠨ ᠴᠢᠳᠠᠪᠤᠷᠢ ᠶᠢ ᠦᠷᠭᠦᠯᠵᠢᠯᠡᠨ ᠥᠷᠭᠡᠳᠬᠡᠨ᠎ᠡ᠃            ᠴᠢᠳᠠᠪᠤᠷᠢᠲᠠᠨ ᠢ ᠦᠷᠭᠦᠯᠵᠢᠯᠡᠨ ᠤᠷᠤᠭᠤᠯᠤᠨ ᠠᠪᠴᠢᠷᠠᠵᠤ ᠬᠥᠮᠦᠵᠢᠭᠦᠯᠦᠨ᠎ᠡ᠃ ᠴᠢᠳᠠᠪᠤᠷᠢᠲᠠᠨ ᠢ ᠴᠢᠨᠠᠷ ᠰᠠᠶᠢᠲᠠᠢ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠪᠣᠯᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠦᠩ ᠰᠢᠮᠡᠯᠢᠭ ᠬᠥᠷᠥᠰᠥ ᠶᠢ ᠵᠤᠵᠠᠭᠠᠳᠬᠠᠵᠤ᠂ ᠴᠢᠳᠠᠪᠤᠷᠢᠲᠠᠨ ᠤ ᠰᠢᠨ᠎ᠡ ᠶᠢ ᠡᠬᠦᠳᠴᠤ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ ︽  ᠴᠢᠳᠠᠪᠤᠷᠢᠳᠠᠨ ᠬᠤᠷᠠᠬᠰᠠᠨ ᠬᠢᠶ᠎ᠠ ᠪᠠᠭᠰᠢ ᠬᠤᠳᠠ︾  ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠨᠢᠭᠡ ᠪᠦᠯᠦᠭ ᠳᠡᠭᠡᠳᠦ ᠲᠡᠰ ᠳᠠᠪᠬᠤᠷᠭ᠎ᠠ ᠶᠢᠨ᠂ ᠬᠤᠪᠣᠷ ᠴᠤᠬᠠᠭ ᠴᠢᠳᠠᠪᠤᠷᠢᠲᠠᠨ ᠢ ᠲᠦᠷᠭᠡᠪᠴᠢᠯᠡᠨ ᠣᠷᠣᠭᠤᠯᠤᠨ ᠠᠪᠴᠢᠷᠠᠵᠤ᠂ ᠣᠷᠣᠨ ᠰᠠᠭᠤᠴᠠ ᠶᠢᠨ ᠬᠡᠷᠡᠭᠴᠡᠭᠡ᠂ ᠡᠮ ᠡᠮᠨᠡᠯᠭᠡ ᠶᠢᠨ ᠪᠠᠲᠤᠯᠠᠭ᠎ᠠ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠪᠡᠯᠡ ᠣᠷᠣᠭᠤᠯᠤᠨ ᠠᠳᠠᠯ ᠦᠢᠯᠡᠰ ᠴᠣᠭᠴᠠᠯᠠᠬᠤ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ  ᠰᠢᠯᠢᠳᠡᠭ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠢ ᠤᠯᠤᠰ ᠲᠦᠷᠦ ᠶᠢᠨ ᠲᠠᠯ᠎ᠠ ᠪᠠᠷ ᠢᠷᠠᠭᠤ ᠠᠯᠳᠠᠷ ᠲᠠᠢ᠂ ᠠᠵᠤ ᠠᠬᠤᠶ ᠶᠢᠨ ᠲᠠᠯ᠎ᠠ ᠪᠠᠷ ᠪᠣᠳᠠᠲᠤ ᠠᠰᠢᠭ ᠲᠠᠢ᠂ ᠨᠡᠶᠢᠭᠡᠮ ᠤᠨ ᠲᠠᠯ᠎ᠠ ᠪᠠᠷ ᠪᠠᠶᠢᠷᠢ ᠰᠠᠭᠤᠷᠢ ᠲᠠᠢ ᠪᠣᠯᠭᠠᠵᠤ᠂  ᠣᠷᠣᠭᠤᠯᠵᠤ ᠳᠡᠶᠢᠯᠬᠦ᠂  ᠬᠡᠷᠡᠭᠯᠡᠵᠦ ᠳᠡᠶᠢᠯᠬᠦ᠂ ᠦᠯᠡᠳᠡᠭᠡᠵᠦ ᠳᠡᠶᠢᠯᠬᠦ ᠶᠢ ᠦᠨᠡᠨ ᠬᠦ ᠪᠡᠶᠡᠯᠡᠭᠦᠯᠦᠨ᠎ᠡ᠃ ︽ᠠᠯᠢᠪᠠ ᠶᠢ ᠬᠥᠭᠡᠭᠡᠴᠡᠯᠳᠦᠬᠦ ᠦᠭᠡᠶ ᠪᠣᠯᠪᠠᠴᠤ ᠬᠡᠷᠡᠭᠯᠡᠬᠦ ᠶᠢ ᠬᠥᠭᠡᠭᠡᠴᠡᠯᠳᠦᠬᠦ︾  ᠤᠶᠠᠨᠯᠢᠭ ᠢᠶᠠᠷ  ᠴᠢᠳᠠᠪᠤᠷᠢᠲᠠᠨ ᠢ ᠤᠷᠢᠬᠤ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂  ᠲᠤᠭᠤᠷᠢᠭ ᠤᠨ ᠳᠣᠲᠣᠷ᠎ᠠ ᠭᠠᠳᠠᠨᠠᠬᠢ ᠡᠯ᠎ᠡ ᠲᠣᠮᠣ ᠠᠵᠤ ᠠᠬᠤᠶᠢᠯᠠᠯ ᠬᠢᠭᠡᠳ ᠲᠤᠭᠤᠷᠢᠭ ᠤᠨ ᠳᠣᠲᠣᠷᠠᠬᠢ ︽ᠨᠢᠭᠡ  ᠵᠢᠩᠬᠢᠨᠢ ᠬᠤᠶᠠᠷ ᠲᠤᠰᠬᠠᠶ ᠮᠡᠷᠭᠡᠵᠢᠯ︾ ᠤᠨ 3 ᠳᠡᠭᠡᠳᠦ ᠰᠤᠷᠭᠠᠭᠤᠯᠢ᠂ ᠨᠡᠭᠦᠷᠡᠰᠦᠲᠥ᠋ᠷᠥᠭᠴᠢ  ᠶᠢᠨ ᠳᠠᠪᠬᠤᠷ  ᠢᠰᠤᠯ ᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠠᠯᠡᠩ᠂ ᠱᠤᠸᠠᠩ ᠰᠢᠨ ᠮᠣᠯᠧᠺᠦ᠋ᠯ ᠤᠨ ᠮᠠᠲ᠋ᠧᠷᠢᠶᠠᠯ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠰᠤᠳᠤᠯᠭᠠᠨ ᠤ ᠬᠦᠷᠢᠶᠠᠯᠠᠩ ᠭᠠᠵᠠᠷ ᠯᠤᠭ᠎ᠠ ᠬᠠᠮᠲᠤᠷᠠᠨ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂  ᠦᠢᠯᠡᠳᠬᠦᠨ ᠤ ᠰᠤᠳᠤᠯᠭᠠᠨ ᠤ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠠᠶᠢᠭᠤᠯᠬᠤ ᠶᠢ ᠳᠡᠮᠵᠢᠵᠦ᠂ ᠰᠢᠯᠢᠳᠡᠭ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠵᠤ  ᠤᠨᠴᠠᠯᠢᠬᠳᠤ  ᠦᠢᠯᠡᠳᠬᠦᠨ ᠢ ᠡᠬᠦᠳᠤᠨ ᠨᠡᠭᠡᠭᠡᠬᠦ᠂ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢᠶᠠᠨ  ᠬᠤᠪᠢᠷᠠᠭᠤᠯᠬᠤ ᠶᠢ ᠠᠬᠢᠭᠤᠯᠤᠨ᠎ᠠ᠃            ︵ᠳᠥᠷᠪᠡ︶ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠨᠠᠷᠠᠲᠤ ᠬᠤᠲᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ᠃ ᠰᠤᠷᠭᠠᠨ ᠬᠥᠮᠦᠵᠢᠯ ᠢ  ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ᠰᠤᠷᠭᠠᠨ ᠬᠥᠮᠦᠵᠢᠯ ᠤᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠨᠠᠩ ᠥᠨᠳᠥᠷ ᠳᠡᠭᠲᠡᠷ ᠲᠤ ᠭᠠᠷᠬᠤ᠂ ᠲᠠᠪᠠᠯᠳᠠᠳᠤ ᠬᠥᠭᠵᠢᠯᠲᠡ ᠶᠢᠨ ᠪᠠᠶᠢᠳᠠᠯ ᠢᠶᠠᠷ ︽ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠨᠠᠷᠠᠲᠤ ᠬᠤᠲᠠ︾ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠲᠣᠮᠣ ᠠᠯᠬᠤᠮ ᠢᠶᠠᠷ ᠤᠷᠤᠭᠰᠢᠯᠠᠨ᠎ᠠ᠃           ᠰᠤᠷᠭᠠᠨ ᠬᠥᠮᠦᠵᠢᠯ ᠤᠨ ᠬᠥᠭᠵᠢᠯᠲᠡ ᠶᠢᠨ ︽  ᠤᠷᠢᠳᠠᠪᠠᠷ ᠲᠡᠰᠵᠢᠬᠦᠯᠬᠦ︾  ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠨᠠᠷᠠᠲᠤ ᠬᠤᠲᠠ︾ ᠶᠢ ᠪᠠᠶᠢᠭᠤᠯᠬᠤ ᠦᠨᠳᠤᠷᠴᠡ ᠲᠡᠭᠡᠷ᠎ᠡ ᠵᠣᠭᠰᠣᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠶᠢ ᠰᠦᠪᠡᠭᠴᠢᠯᠡᠵᠦ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠰᠤᠷᠭᠠᠨ ᠬᠥᠮᠦᠵᠢᠯ ᠤᠨ  ᠦᠢᠯᠡᠰ ᠢ ᠳᠡᠮᠵᠢᠵᠦ᠂ ᠰᠤᠷᠭᠠᠨ ᠬᠥᠮᠦᠵᠢᠯ ᠭᠡᠬᠦ ᠡᠨᠡ ᠬᠦ ᠬᠤᠲᠠ ᠶᠢᠨ ᠨᠡᠷ᠎ᠡ ᠠᠯᠳᠠᠷ ᠢ  ᠲᠠᠭᠤᠷᠢᠰᠤᠭᠤᠯᠤᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠲᠠᠯ᠎ᠠ ᠪᠠᠷ ᠰᠤᠷᠭᠠᠨ ᠬᠥᠮᠦᠵᠢᠯ ᠤᠨ ᠦᠢᠯᠡᠰ ᠢ  ᠤᠷᠢᠳᠠᠪᠠᠷ ᠳᠡᠮᠵᠢᠵᠦ᠂ 2022 ᠣᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠵᠠᠷᠤᠯᠭ᠎ᠠ ᠶᠢ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠬᠦ ᠶᠢᠨ ᠬᠠᠮᠲᠤ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠬᠦᠯᠬᠦ ᠶᠢ ᠪᠠᠳᠤᠯᠠᠨ᠎ᠠ ︔ ᠭᠠᠵᠠᠷ ᠰᠢᠷᠣᠶ ᠶᠢᠨ ᠬᠠᠩᠭᠠᠯᠭ᠎ᠠ ᠪᠠ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠤᠷᠭᠠᠨ ᠬᠥᠮᠦᠵᠢᠯ ᠤᠨ ᠬᠡᠷᠡᠭᠴᠡᠭᠡ ᠶᠢ ᠤᠷᠢᠳᠠᠪᠠᠷ ᠬᠠᠩᠭᠠᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠬᠦᠨ ᠰᠤᠷᠭᠠᠭᠤᠯᠢ ᠶᠢᠨ ᠲᠤᠭᠤᠷᠢᠭ ᠤᠨ ᠰᠢᠨ᠎ᠡ ᠰᠤᠷᠭᠠᠭᠤᠯᠢ ᠶᠢᠨ  ᠭᠠᠵᠠᠷ᠂  ᠬᠦᠭᠡ ᠰᠢᠨᠠᠭ᠎ᠠ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ᠂   ᠲᠡᠭᠡᠳᠤ ᠰᠢᠨ᠎ᠡ ᠮᠡᠷᠭᠡᠵᠢᠯ ᠤᠨ ᠲᠤᠭᠤᠷᠢᠭ ᠤᠨ ᠪᠠᠭ᠎ᠠ ᠰᠤᠷᠭᠠᠭᠤᠯᠢ᠂ ᠠᠷᠪᠠᠨ ᠲᠠᠪᠤᠳᠤᠭᠠᠷ ᠭᠡᠤᠭᠡᠳ ᠤᠨ ᠴᠡᠴᠡᠷᠯᠢᠭ᠂ ᠠᠷᠪᠠᠨ ᠵᠢᠷᠭᠤᠳᠤᠭᠠᠷ ᠭᠡᠤᠭᠡᠳ ᠤᠨ ᠴᠡᠴᠡᠷᠯᠢᠭ ᠤᠨ ᠪᠠᠷᠢᠯᠭ᠎ᠠ  ᠶᠢ ᠡᠬᠢᠯᠡᠬᠦᠯᠤᠨ ᠪᠠᠶᠢᠭᠤᠯᠵᠤ᠂ ᠂ ᠬᠤᠶᠠᠳᠤᠭᠠᠷ ᠳᠤᠮᠳᠠᠳᠤ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠳᠣᠯᠣᠳᠤᠭᠠᠷ ᠪᠠᠭ᠎ᠠ ᠰᠤᠷᠭᠠᠭᠤᠯᠢ ᠶᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ ᠶᠢ ᠲᠦᠷᠭᠡᠳᠬᠡᠵᠦ᠂  ᠰᠤᠷᠤᠯᠴᠠᠬᠤ ᠰᠢᠯᠢᠳᠡᠭ ᠤᠷᠤᠨ ᠪᠠᠶᠢᠷᠢ ᠬᠠᠨᠭ᠍ᠭᠠᠬᠤ ᠶᠢ ᠦᠷᠭᠦᠯᠵᠢᠯᠡᠨ ᠪᠠᠲᠤᠯᠠᠨ᠎ᠠ᠃ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢᠨ ᠲᠠᠯ᠎ᠠ ᠪᠠᠷ ᠪᠠᠭᠰᠢ ᠶᠢ ᠤᠷᠢᠳᠠᠪᠠᠷ ᠪᠠᠲᠤᠯᠠᠵᠤ᠂ ︽ᠰᠤᠷᠭᠠᠨ ᠬᠥᠮᠦᠵᠢᠯ ᠳᠤ ᠦᠨᠳᠤᠰᠤ ᠬᠠᠳᠬᠤᠬᠰᠠᠨ ᠰᠢᠯᠢᠳᠡᠭ ᠴᠢᠳᠠᠪᠤᠷᠢᠲᠠᠨ ᠢ ᠱᠠᠩᠨᠠᠨ ᠬᠥᠬᠢᠭᠦᠯᠬᠦ ᠠᠷᠭ᠎ᠠ︾ ︽ᠨᠠᠷᠠᠲᠤ ᠭᠤᠤᠯᠯᠠᠭᠴᠢ ᠪᠠᠭᠰᠢ ᠶᠢ ᠱᠠᠩᠨᠠᠨ ᠬᠥᠬᠢᠭᠦᠯᠬᠦ ᠠᠷᠭ᠎ᠠ︾ ᠵᠡᠷᠭᠡ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠭᠰᠢ ᠶᠢᠨ ᠣᠯᠭᠤᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠭᠰᠢ ᠨᠠᠷ ᠢ ᠬᠢᠶ᠎ᠠ ᠪᠠᠭᠰᠢ ᠳᠤ ᠪᠢᠴᠢᠭ ᠵᠢᠭᠠᠵᠤ ᠬᠥᠮᠦᠨ ᠬᠥᠮᠦᠵᠢᠭᠦᠯᠦᠭᠰᠡᠨ ᠳᠡᠭᠡᠨ ᠲᠦᠢᠯ ᠢᠶᠠᠷ ᠢᠷᠠᠭᠤ ᠠᠯᠳᠠᠷ ᠲᠠᠢ ᠪᠥᠭᠡᠳ ᠣᠮᠣᠭᠰᠢᠯ ᠲᠠᠢ ᠪᠣᠯᠭᠠᠨ᠎ᠠ᠃           ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ︽ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠡᠷᠭᠢᠯᠡᠬᠦ  ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠭᠤᠯᠢ ᠶᠢ ᠵᠠᠰᠠᠬᠤ ᠲᠤᠬᠳᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ︽ᠨᠠᠷᠠᠲᠤ ᠰᠤᠷᠭᠠᠭᠤᠯᠢ +︾  ᠤᠨ ᠢᠨᠵᠧᠨᠧᠷᠢᠩ ᠢ ᠶᠡᠬᠡᠪᠡᠷ ᠠᠬᠢᠭᠤᠯᠵᠤ᠂ ᠨᠠᠷᠠᠲᠤ ᠰᠤᠷᠭᠠᠭᠤᠯᠢ ᠬᠤᠪᠢᠶᠠᠷᠢ ᠰᠤᠷᠭᠠᠭᠤᠯᠢ ᠡᠷᠭᠢᠯᠡᠬᠦ᠂ ᠨᠠᠷᠠᠲᠤ ᠰᠤᠷᠭᠠᠭᠤᠯᠢ ᠳᠤ ᠨᠠᠶᠢᠳᠠᠨ ᠬᠠᠮᠢᠶᠠᠷᠤᠭᠤᠯᠬᠤ ᠵᠡᠷᠭᠡ ᠵᠠᠭᠪᠤᠷ ᠢ ᠠᠰᠢᠭᠯᠠᠨ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠭᠤᠷᠪᠠᠨ ᠵᠢᠯ ᠤᠨ ᠳᠣᠲᠣᠷ᠎ᠠ ᠬᠤᠲᠠ ᠶᠢᠨ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠵᠡᠬᠦᠨ ᠰᠤᠷᠭᠠᠭᠤᠯᠢ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠭᠠᠨ ᠪᠠᠶᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠦᠨ ᠪᠠᠶᠢᠷᠢ ᠲᠡᠪᠰᠢᠬᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ︔ ᠰᠤᠷᠭᠠᠨ ᠬᠥᠮᠦᠵᠢᠯ ᠤᠨ ᠪᠦᠯᠦᠭᠯᠡᠯ ᠤᠨ ᠰᠤᠷᠭᠠᠭᠤᠯᠢ ᠡᠷᠭᠢᠯᠡᠬᠦ ᠵᠠᠭᠪᠤᠷ ᠢ ᠬᠠᠶᠢᠨ ᠰᠦᠪᠡᠭᠴᠢᠯᠡᠵᠦ᠂ ᠪᠠᠭᠰᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠪᠠ ᠨᠠᠷᠠᠲᠤ ᠪᠠᠭᠰᠢ ᠶᠢᠨ ︽ᠰᠤᠷᠭᠠᠭᠤᠯᠢ ᠶᠢᠨ ᠬᠠᠷᠢᠶ᠎ᠠ ᠥᠬᠡᠶ ᠬᠠᠮᠢᠶᠠᠷᠤᠯᠲᠠ︾ ᠶᠢ  ᠠᠬᠢᠭᠤᠯᠵᠤ᠂ ᠨᠠᠷᠠᠲᠤ ᠰᠢᠯᠢᠳᠡᠭ ᠰᠤᠷᠭᠠᠭᠤᠯᠢ ᠴᠡᠴᠡᠷᠯᠢᠭ ᠤᠨ ᠳᠠᠷᠤᠭ᠎ᠠ ᠶᠢ ᠦᠷᠭᠦᠯᠵᠢᠯᠡᠨ ᠣᠷᠣᠭᠤᠯᠤᠨ ᠠᠪᠴᠢᠷᠠᠵᠤ᠂ ︽ᠭᠤᠤᠯᠯᠠᠭᠴᠢ ᠪᠠᠭᠰᠢ ᠶᠢᠨ ᠬᠦᠮᠤᠷᠭᠡ︾  ᠶᠢ ᠪᠠᠶᠢᠭᠤᠯᠤᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠢᠴᠡᠳ ᠬᠥᠭᠵᠢᠭᠡᠨ᠎ᠡ︔ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠷᠡ ᠬᠡᠪ ᠢᠶᠠᠷ ᠨᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠡᠭᠭᠡᠷᠡᠬᠦᠯᠬᠦ︾ ᠠᠵᠢᠯ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠣᠷᠣᠨ ᠤ ᠰᠢᠯᠭᠠᠨ ᠬᠤᠷᠢᠶᠠᠯᠳᠠ ᠶᠢ ᠤᠷᠤᠭᠰᠢᠲᠠᠶ ᠲᠤᠭᠤᠯᠬᠤ ᠶᠢ ᠪᠠᠳᠤᠯᠠᠨ᠎ᠠ᠃           ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ︽ᠰᠢᠨ᠎ᠡ ᠲᠣᠭᠲᠠᠴᠠ︾ ᠶᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠵᠣᠬᠢᠴᠠᠭᠤᠯᠵᠤ᠂ ᠵᠢᠶᠠᠩᠰᠦ ᠶᠢᠨ ᠨᠠᠨᠲ᠋ᠦ᠋ᠩ᠂ ᠱᠠᠨᠳᠦ᠋ᠩ ᠤᠨ ᠴᠢᠦ᠋ᠢᠹᠦ᠋ ᠵᠡᠷᠭᠡ ᠰᠤᠷᠭᠠᠨ ᠬᠥᠮᠦᠵᠢᠯ ᠤᠨ ᠨᠡᠷᠡᠳᠦ ᠬᠤᠳᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠲᠤᠰᠢᠶᠠᠯ ᠡᠭᠦᠷᠭᠡᠯᠡᠭᠦᠯᠬᠦ᠂ ᠰᠤᠷᠭᠠᠭᠤᠯᠢ ᠶᠢᠨ ᠰᠣᠯᠢᠯᠴᠠᠭ᠎ᠠ ᠬᠢᠬᠦ᠂ ᠺᠠᠳ᠋ᠷ ᠢ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦ ᠲᠠᠯ᠎ᠠ ᠪᠠᠷ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠰᠤᠳᠤᠯᠭᠠᠨ᠂ ᠬᠠᠮᠲᠤᠷᠠᠨ ᠰᠤᠷᠭᠠᠭᠤᠯᠢ ᠡᠷᠬᠢᠯᠡᠬᠦ᠂ ᠨᠥᠬᠦᠷᠰᠡᠭ ᠰᠤᠷᠭᠠᠭᠤᠯᠢ ᠪᠠᠶᠢᠭᠤᠯᠬᠤ ᠵᠡᠷᠭᠡ ᠶᠢᠨ ᠲᠣᠭᠤᠷᠢᠨ ᠳᠤ ᠬᠦᠴᠦ ᠪᠠᠨ ᠨᠢᠭᠡᠳᠬᠡᠨ ᠬᠠᠮᠲᠤᠷᠠᠯᠴᠠᠬᠤ ᠶᠢ ᠭᠤᠣᠯᠳᠠᠯᠭ᠎ᠠ ᠲᠠᠢ ᠪᠠᠷ ᠥᠷᠨᠢᠭᠦᠯᠵᠦ᠂ ᠰᠤᠷᠭᠠᠨ ᠬᠥᠮᠦᠵᠢᠯ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠨᠡᠷᠡᠲᠦ ᠰᠤᠷᠭᠠᠭᠤᠯᠢ ᠯᠤᠭ᠎ᠠ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠠᠬᠢᠭᠤᠯᠵᠤ᠂ ᠪᠦᠬᠦ ᠲᠠᠯ᠎ᠠ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠤᠷᠭᠠᠭᠤᠯᠢ ᠶᠢᠨ ᠬᠠᠮᠢᠶᠠᠷᠤᠯᠲᠠ ᠶᠢ ᠰᠠᠶᠢᠵᠢᠷᠠᠭᠤᠯᠬᠤ᠂ ᠤᠨᠴᠠᠯᠢᠭᠳᠤ ᠬᠢᠴᠢᠶᠡᠯ ᠢ  ᠨᠡᠭᠡᠭᠡᠬᠦ ᠵᠡᠷᠭᠡ ᠳᠤ ᠬᠦᠴᠦᠲᠡᠶ ᠳᠡᠮᠵᠢᠯᠭᠡ ᠬᠠᠩᠭᠠᠨ᠎ᠠ᠃           ︵ᠲᠠᠪᠤ︶ ᠴᠢᠨᠠᠷ ᠳᠡᠰ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠴᠡᠴᠡᠷᠯᠢᠭᠵᠢᠬᠦᠯᠦᠭᠰᠡᠨ ᠬᠤᠲᠠ ᠶᠢᠨ ᠰᠢᠨ᠎ᠡ ᠳᠦᠷᠰᠦ ᠪᠠᠶᠢᠳᠠᠯ ᠢ ᠰᠡᠳᠬᠢᠯ ᠲᠠᠯᠪᠢᠨ ᠪᠣᠶ ᠪᠣᠯᠭᠠᠨ᠎ᠠ᠃ ᠲᠥᠯᠥᠪᠵᠢᠭᠦᠯᠭᠡ ᠪᠠᠷ ᠪᠦᠲᠦᠭᠡᠨ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ᠂ ᠤᠷᠠᠨ ᠳᠠᠷᠬᠠᠨ ᠤ ᠰᠡᠳᠬᠢᠯᠭᠡ ᠪᠠᠷ ᠴᠢᠨᠠᠷ ᠴᠢᠨᠰᠠᠭ᠎ᠠ ᠶᠢ ᠱᠤᠭᠤᠵᠤ᠂ ᠬᠠᠮᠢᠶᠠᠷᠤᠯᠲᠠ ᠪᠠᠷ ᠳᠦᠷᠢ ᠲᠥᠷᠬᠦ ᠶᠢ ᠱᠤᠭᠤᠵᠤ᠂ ᠪᠣᠬᠢᠷᠲᠤᠯ ᠦᠭᠡᠢ ᠪᠠᠷ ᠴᠤᠭ ᠵᠢᠪᠬᠤᠭ᠎ᠠ ᠶᠢ ᠨᠡᠮᠡᠭᠳᠡᠭᠦᠯᠵᠦ᠂ ᠬᠤᠲᠠ ᠶᠢᠨ ᠲᠥᠪᠯᠡᠷᠡᠯ ᠤᠨ ᠭᠡᠮᠵᠢᠶ᠎ᠠ ᠪᠠ ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠶ᠎ᠠ ᠪᠠᠭᠰᠢ ᠶᠢ ᠨᠡᠩ ᠦᠩᠭᠡ ᠭᠠᠯᠪᠢᠷ ᠲᠠᠢ᠂ ᠰᠦᠷ ᠵᠢᠪᠬᠤᠭ᠎ᠠ ᠲᠠᠢ᠂  ᠪᠠᠶᠠᠯᠢᠭ ᠳᠡᠤᠭᠡ ᠲᠠᠢ ᠣᠳᠣᠬᠢᠴᠢᠯᠠᠭᠰᠠᠨ ᠴᠡᠴᠡᠷᠯᠢᠭᠵᠢᠬᠦᠯᠦᠭᠰᠡᠨ ᠬᠤᠳᠠ ᠪᠣᠯᠭᠠᠨ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃           ᠤᠨᠤᠪᠴᠢᠳᠠᠢ ᠲᠥᠯᠥᠪᠵᠢᠭᠦᠯᠵᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠣᠯ ᠬᠠᠮᠤᠭ ᠤᠨ ᠶᠡᠭᠡ ᠬᠤᠲᠠ ᠶᠢᠨ ᠡᠬᠢ ᠪᠠᠶᠠᠯᠢᠭ ᠮᠥᠨ︾ ᠭᠡᠬᠦ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ︽ᠴᠡᠴᠡᠷᠯᠢᠭᠵᠢᠬᠦᠯᠦᠭᠰᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠂ ︽  ︿ᠬᠤᠤᠰ ᠨᠡᠭᠦᠷᠡᠰᠦᠲᠥ᠋ᠷᠥᠭᠴᠢᠲᠦ﹀ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠵᠡᠷᠭᠡ ᠲᠤᠰᠬᠠᠶ ᠵᠤᠶᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ᠂ ᠠᠵᠤ ᠤᠶᠢᠯᠡᠰ ᠤᠨ ᠬᠥᠭᠵᠢᠯᠲᠡ᠂ ᠠᠮᠢ ᠠᠬᠤᠶ  ᠣᠷᠴᠢᠨ ᠲᠣᠭᠤᠷᠢᠨ ᠵᠡᠷᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠶᠢᠨ ᠢᠷᠡᠭᠡᠳᠦᠶ ᠶᠢᠨ ᠬᠥᠭᠵᠢᠯᠲᠡ ᠳᠤ  ᠬᠦᠢᠴᠡᠳ ᠣᠷᠣᠨ ᠵᠠᠶ ᠦᠯᠡᠳᠡᠭᠡᠵᠦ ᠥᠭᠭᠦᠨ᠎ᠡ᠃ ᠪᠥᠬᠦ  ᠡᠯᠧᠮᠧᠨ᠋ᠲ ᠤᠨ  ᠳᠤᠭᠠᠴᠠᠯᠠᠬᠰᠠᠨ ᠭᠠᠵᠠᠷ ᠤᠨ ᠪᠠᠶᠢᠴᠠ ᠶᠢᠨ ᠵᠢᠷᠤᠭ ᠢ ᠬᠡᠮᠵᠢᠨ ᠵᠢᠷᠤᠬᠤ ᠶᠢ ᠥᠷᠨᠢᠭᠦᠯᠵᠦ᠂ ᠬᠤᠲᠠ ᠶᠢᠨ ᠣᠷᠣᠨ ᠵᠠᠶ᠂ ᠲᠩᠷᠢ ᠶᠢᠨ ᠬᠠᠶᠠᠭ᠎ᠠ᠂ ᠥᠩᠭᠡ ᠪᠤᠳᠤᠭ ᠤᠨ ᠵᠢᠷᠤᠭ ᠲᠥᠯᠥᠪᠯᠡᠭᠡ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠥᠪᠡᠷᠮᠢᠴᠡ ᠣᠨᠴᠠᠯᠢᠭ ᠲᠠᠢ ᠪᠠᠷᠠᠭᠤᠨ ᠬᠤᠶᠢᠲᠤ ᠶᠢᠨ ᠳᠣᠲᠣᠭᠠᠳᠤ ᠬᠠᠭᠤᠷᠠᠶ ᠶᠢᠨ ᠴᠡᠴᠡᠷᠯᠢᠭᠵᠢᠬᠦᠯᠦᠭᠰᠡᠨ ᠬᠤᠲᠠ ᠶᠢᠨ ᠰᠢᠨ᠎ᠡ ᠳᠦᠷᠰᠦ ᠪᠠᠶᠢᠳᠠᠯ ᠢ ᠪᠣᠶ ᠪᠣᠯᠭᠠᠨ᠎ᠠ᠃ ᠰᠢᠨ᠎ᠡ ᠪᠠᠷ ᠨᠡᠭᠡᠭᠡᠨ ᠬᠥᠭᠵᠢᠭᠦᠯᠬᠦ  ᠭᠡᠰᠡᠭ ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ ᠶᠢ ᠰᠢᠰᠲ᠋ᠧᠮ ᠲᠠᠢ ᠬᠡᠷᠡᠭᠵᠢᠭᠦᠯᠵᠦ᠂  ᠬᠤᠶᠢᠳᠤ ᠲᠣᠭᠤᠷᠢᠭ᠂  ᠬᠦᠭᠡ ᠰᠢᠨᠠᠭ᠎ᠠ ᠶᠢᠨ ᠭᠡᠰᠡᠭ ᠲᠣᠭᠤᠷᠢᠭ᠂  ᠮᠠᠰᠢᠨ ᠳᠡᠷᠭᠡ ᠤᠷᠤᠯᠳᠤᠬᠤ ᠬᠤᠲᠠ ᠶᠢᠨ  ᠭᠡᠰᠡᠭ ᠲᠣᠭᠤᠷᠢᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠥᠨᠳᠥᠷ ᠡᠬᠢᠯᠡᠯᠲᠡ ᠲᠠᠢ ᠪᠠᠷ ᠠᠬᠢᠭᠤᠯᠵᠤ᠂ ᠲᠣᠮᠣ ᠬᠤᠲᠠ ᠶᠢᠨ ᠪᠣᠷᠣ ᠲᠥᠯᠥᠪ ᠢ ᠥᠷᠭᠡᠳᠬᠡᠨ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠥᠮᠦᠨ᠂ ᠬᠤᠲᠠ᠂  ᠤᠷᠴᠢᠨ ᠳᠤᠭᠤᠷᠢᠨ᠂ ᠠᠵᠢᠯ  ᠤᠶᠢᠯᠡᠰ ᠤᠨ ᠳᠡᠭᠡᠳᠦ ᠬᠡᠮᠵᠢᠶ᠎ᠡ ᠪᠠᠷ ᠡᠶ᠎ᠡ ᠵᠣᠬᠢᠴᠠᠯ ᠲᠠᠢ ᠨᠢᠭᠡᠳᠦᠯᠲᠡᠶ ᠣᠳᠣᠬᠢᠴᠢᠯᠠᠭᠰᠠᠨ ᠴᠡᠴᠡᠷᠯᠢᠭᠵᠢᠬᠦᠯᠦᠭᠰᠡᠨ ᠬᠤᠲᠠ ᠶᠢ ᠬᠦᠴᠦᠯᠡᠨ ᠪᠥᠲᠥᠭᠡᠨ ᠪᠠᠶᠢᠭᠤᠯᠤᠨ᠎ᠠ ᠃           ᠨᠠᠷᠢᠯᠢᠭ ᠪᠥᠲᠥᠭᠡᠨ ᠪᠠᠶᠢᠭᠤᠯᠤᠯᠲᠠ ᠬᠢᠵᠤ ᠴᠢᠳᠠᠮᠵᠢ ᠶᠢ ᠴᠢᠩᠭᠠᠷᠠᠭᠤᠯᠤᠨ᠎ᠠ᠃ ᠪᠠᠷᠢᠯᠭ᠎ᠠ ᠶᠢᠨ ᠪᠣᠰᠤᠭ᠎ᠠ ᠲᠠᠯ᠎ᠠ᠂ ᠥᠨᠳᠥᠷ ᠤᠨ ᠬᠡᠮᠵᠢᠶ᠎ᠡ᠂ ᠥᠩᠭᠡ ᠪᠤᠳᠤᠭ ᠵᠡᠷᠭᠡ ᠬᠦᠴᠦᠨ ᠵᠤᠶᠢᠯ ᠢ ᠲᠥᠯᠥᠪᠵᠢᠭᠦᠯᠦᠨ ᠬᠥᠲᠥᠯᠦᠨ ᠵᠢᠯᠣᠭᠤᠳᠬᠤ ᠪᠠ ᠬᠢᠨᠠᠨ ᠪᠠᠶᠢᠴᠠᠭᠠᠬᠤ ᠪᠣᠭᠤᠮᠲᠠ ᠶᠢ ᠴᠢᠩᠭᠠᠷᠠᠭᠤᠯᠤᠨ᠂ ᠴᠡᠴᠡᠷᠯᠢᠭᠵᠢᠬᠦᠯᠦᠭᠰᠡᠨ ᠬᠤᠲᠠ ᠯᠤᠭ᠎ᠠ ᠨᠡᠶᠢᠴᠡᠭᠰᠡᠨ ᠪᠠᠷᠢᠯᠭ᠎ᠠ ᠶᠢᠨ ᠬᠡᠪ ᠨᠠᠮᠪᠠ ᠪᠠ ᠬᠤᠲᠠ ᠶᠢᠨ ᠳᠦᠷᠰᠦ ᠪᠠᠶᠢᠳᠠᠯ ᠢ ᠪᠣᠶ ᠪᠣᠯᠭᠠᠨ᠎ᠠ᠃ ᠤᠷᠳᠤᠰ ᠶᠡᠭᠡ ᠵᠡᠭᠡᠯᠢ᠂ ᠰᠠᠷᠠᠭᠤᠯ ᠵᠠᠮ ᠵᠡᠷᠭᠡ ᠭᠤᠣᠯ ᠵᠠᠮ ᠤᠨ ᠨᠣᠭᠤᠭᠠᠷᠠᠭᠤᠯᠤᠯᠲᠠ  ᠶᠢᠨ ᠦᠵᠡᠮᠵᠢ ᠶᠢᠨ  ᠰᠠᠶᠢᠵᠢᠷᠠᠭᠤᠯᠤᠯᠳᠠ ᠶᠢ ᠴᠢᠨᠠᠷ ᠰᠠᠶᠢᠲᠠᠶ  ᠠᠬᠢᠭᠤᠯᠵᠤ᠂ ᠦᠵᠡᠮᠵᠢ᠂  ᠴᠢᠳᠠᠪᠬᠢ᠂ ᠠᠮᠢ ᠠᠬᠤᠶ ᠶᠢ ᠬᠠᠷᠢᠯᠴᠠᠨ ᠠᠭᠤᠰᠤᠯᠴᠠᠭᠤᠯᠤᠬᠰᠠᠨ ᠵᠠᠮ  ᠤᠨ ᠨᠣᠭᠤᠭᠠᠷᠠᠭᠤᠯᠤᠯᠲᠠ ᠶᠢᠨ  ᠣᠷᠣᠨ ᠵᠠᠶ ᠶᠢ ᠪᠣᠢ ᠪᠣᠯᠭᠠᠨ᠎ᠠ᠃ ︽ᠨᠢᠭᠡ ᠴᠡᠴᠡᠷᠯᠢᠭ ᠨᠢᠭᠡ ᠪᠦᠲᠦᠭᠡᠭᠳᠡᠬᠦᠨ ᠲᠠᠢ︾  ᠪᠠᠶᠢᠬᠤ ᠶᠢ ᠪᠠᠷᠢᠮᠲᠠᠯᠠᠨ᠂  ᠵᠢᠯᠤᠭᠤᠴᠢᠨ ᠭᠤᠤᠯ ᠤᠨ ᠪᠢᠨ ᠾᠧ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠦᠨᠳᠦᠰᠦᠨ ᠬᠠᠤᠯᠢ ᠶᠢᠨ ᠴᠡᠴᠡᠷᠯᠢᠭ᠂ ᠬᠥᠳᠡᠯᠮᠦᠷᠢ ᠶᠢᠨ ᠵᠢᠱᠢᠶᠡᠴᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠪᠦᠯᠦᠭ ᠪᠡᠶ᠎ᠡ ᠶᠢᠨ ᠲᠠᠮᠢᠷ ᠤᠨ ᠴᠡᠴᠡᠷᠯᠢᠭ᠂  ᠵᠢᠵᠢᠭ ᠴᠡᠴᠡᠷᠯᠢᠭ ᠢ ᠥᠭᠡᠷᠡᠴᠢᠯᠡᠨ ᠵᠠᠰᠠᠵᠤ᠂ ᠪᠦᠬᠦ ᠣᠷᠣᠨ ᠪᠦᠰᠡ ᠶᠢᠨ ᠴᠡᠴᠡᠷᠯᠢᠭᠵᠢᠭᠦᠯᠦᠯᠲᠡ᠂ ᠦᠵᠡᠮᠵᠢᠵᠢᠭᠦᠯᠦᠯᠲᠡ ᠶᠢ  ᠠᠬᠢᠭᠤᠯᠤᠨ᠎ᠠ᠃ 210 ᠤᠯᠤᠰ ᠤᠨ ᠵᠠᠮ  ᠢ ᠬᠢᠶ᠎ᠠ ᠪᠠᠭᠰᠢ  ᠲᠠᠢ ᠵᠠᠯᠭᠠᠬᠤ ᠱᠤᠭᠤᠮ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠨᠡᠶᠢᠲᠡ ᠶᠢᠨ ᠵᠠᠮ ᠬᠠᠷᠢᠯᠴᠠᠭᠠᠨ ᠤ ᠡᠬᠢᠨ ᠤ ᠪᠠ ᠰᠡᠭᠦᠯᠴᠢ ᠶᠢᠨ ᠦᠷᠳᠡᠭᠡ ᠶᠢᠨ ᠪᠠᠷᠢᠯᠭ᠎ᠠ ᠶᠢ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂  ᠳ᠋ᠦᠩᠱᠧᠩ ᠠᠴᠠ ᠬᠢᠶ᠎ᠠ ᠪᠠᠭᠰᠢ ᠬᠦᠷᠬᠦ ᠲᠦᠷᠭᠡᠨ ᠵᠠᠮ ᠤᠨ ᠠᠷᠠᠴᠢᠯᠠᠭ᠎ᠠ ᠶᠢ ᠴᠢᠩᠭᠠᠳᠬᠠᠵᠤ᠂ ︽ᠬᠤᠯᠪᠣᠯᠳᠤᠨ ᠨᠡᠪᠲᠡᠷᠡᠯᠴᠡᠬᠦ︾ ᠬᠤᠳᠠ ᠶᠢᠨ ᠵᠠᠮ ᠤᠨ ᠲᠣᠣᠷ  ᠢ ᠪᠠᠶᠢᠭᠤᠯᠤᠨ᠎ᠠ᠃ ᠤᠰᠤ ᠬᠤᠷᠠᠬᠤ ᠵᠠᠮ ᠢ ᠥᠭᠡᠷᠡᠴᠢᠯᠡᠬᠦ᠂ ᠵᠢᠵᠢᠭ ᠰᠠᠭᠤᠭᠠᠯᠢ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ  ᠠᠬᠢᠭᠤᠯᠵᠤ᠂  ᠴᠠᠬᠢᠯᠭᠠᠨ ᠱᠠᠳᠤ ᠦᠭᠡᠢ ᠠᠰᠠᠷ ᠲᠤ ᠴᠠᠬᠢᠯᠭᠠᠨ ᠱᠠᠳᠤ ᠨᠡᠮᠡᠵᠦ ᠤᠭᠰᠠᠷᠠᠬᠤ ᠢᠨᠵᠧᠨᠧᠷᠢᠩ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠨᠢᠭᠡ ᠪᠦᠯᠦᠭ ᠤᠯᠠᠨ ᠨᠡᠶᠢᠲᠡ ᠶᠢᠨ ᠲᠡᠷᠭᠡᠨ ᠵᠣᠭᠰᠣᠭᠠᠯ ᠪᠠ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠤᠶᠤᠨᠲᠤ ᠴᠡᠨᠡᠭᠯᠡᠬᠦ ︵ᠰᠣᠯᠢᠬᠤ︶ ᠴᠠᠬᠢᠯᠭᠠᠨ ᠦᠷᠳᠡᠭᠡ ᠶᠢ ᠰᠢᠨ᠎ᠡ ᠪᠠᠷ ᠪᠠᠶᠢᠭᠤᠯᠵᠤ᠂  ᠭᠤᠤᠯᠳᠠᠯᠭᠠᠳᠤ ᠬᠤᠳᠠ ᠶᠢᠨ ᠲᠣᠭᠤᠷᠢᠭ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ  ᠳᠦᠷᠤᠯ ᠵᠤᠶᠢᠯ  ᠤᠨ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ  ᠪᠠᠷ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ᠂ ᠵᠣᠯ ᠵᠢᠷᠭᠠᠯ  ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃           ᠨᠠᠷᠢᠯᠢᠭ ᠬᠠᠮᠢᠶᠠᠷᠤᠯᠳᠠ ᠬᠢᠵᠤ  ᠴᠢᠨᠠᠷ ᠳᠡᠰ ᠢ ᠳᠡᠭᠡᠭᠰᠢᠯᠡᠭᠦᠯᠦᠨ᠎ᠡ᠃ ᠬᠤᠸᠠᠷ ᠬᠠᠳᠬᠤᠬᠤ  ᠵᠤᠷᠢᠭ ᠰᠠᠨᠠᠭ᠎ᠠ ᠪᠠᠷ ᠬᠤᠳᠠ ᠶᠢ ᠵᠠᠰᠠᠬᠤ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ ᠶᠢ ᠠᠬᠢᠭᠤᠯᠤᠨ᠎ᠠ᠃ ᠬᠤᠲᠠ ᠶᠢᠨ ︽ᠪᠡᠶ᠎ᠡ ᠶᠢᠨ ᠪᠠᠶᠢᠴᠠᠭᠠᠯᠲᠠ︾ ᠶᠢ ᠭᠦᠨᠵᠡᠭᠡᠶ ᠥᠷᠨᠢᠭᠦᠯᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠲᠣᠭᠤᠷᠢᠨ ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠵᠠᠳᠠᠭᠠᠶ ᠡᠵᠡᠩᠨᠡᠯᠲᠡ᠂ ᠳᠡᠯᠭᠡᠭᠦᠷ ᠤᠨ ᠭᠠᠳᠠᠨ᠎ᠠ ᠡᠵᠡᠩᠨᠡᠯᠲᠡ ᠵᠡᠷᠭᠡ ᠶᠢ ᠵᠢᠷᠤᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠬᠤᠷᠢᠶᠠᠨ ᠴᠤᠭᠯᠠᠭᠤᠯᠵᠤ ᠢᠯᠭᠠᠬᠤ᠂ ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠨᠠᠷᠢᠯᠢᠬᠵᠢᠭᠤᠯᠬᠤ  ᠶᠢ ᠠᠬᠢᠭᠤᠯᠤᠨ᠎ᠠ᠃ ︽ᠬᠤᠲᠠ ᠶᠢᠨ ᠶᠡᠭᠡ ᠲᠠᠷᠢᠬᠢ︾ ᠶᠢ ᠪᠣᠶ ᠪᠣᠯᠭᠠᠵᠤ᠂ ᠬᠤᠲᠠ ᠶᠢᠨ ᠵᠠᠰᠠᠯᠲᠠ ᠶᠢ  ᠳᠤᠭᠠᠴᠠᠯᠠᠬᠤ᠂ ᠤᠶᠤᠨᠴᠢᠯᠠᠬᠤ  ᠳᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠠᠳᠠᠯ ᠠᠬᠤᠶ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠤᠨ᠎ᠠ᠃           ᠨᠢᠮᠪᠠᠶ ᠡᠵᠡᠩᠨᠡᠵᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠶᠢᠨ ᠡᠵᠡᠩᠨᠡᠯᠲᠡ ᠶᠢᠨ  ᠤᠶᠢᠯᠠᠭᠠᠬᠳᠠᠬᠤᠨ ᠤ ᠰᠢᠨ᠎ᠡ ᠶᠢ ᠡᠭᠦᠳᠴᠦ᠂ ᠠᠯᠤᠰ ᠬᠡᠲᠦ ᠶᠢᠨ ᠲᠥᠯᠥᠪᠵᠢᠭᠦᠯᠭᠡ ᠪᠠ ᠣᠳᠣᠬᠠᠨ ᠤ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠠᠶᠢᠵᠠᠮ ᠢ ᠣᠨᠣᠪᠴᠢᠲᠠᠶ ᠡᠵᠡᠮᠳᠡᠨ᠂ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠵᠦ᠂ ᠰᠤᠯᠠ ᠪᠠᠶᠢᠭ᠎ᠠ ᠠᠰᠠᠷ ᠪᠠᠶᠢᠰᠢᠩ ᠪᠠ ᠰᠢᠨ᠎ᠡ ᠪᠠᠷ ᠨᠡᠭᠡᠭᠡᠨ ᠬᠥᠭᠵᠢᠭᠦᠯᠬᠦ ᠬᠡᠰᠡᠭ ᠲᠣᠭᠤᠷᠢᠭ ᠤᠨ ᠪᠦᠬᠦᠯᠢ ᠴᠣᠭᠴᠠ ᠪᠠᠷ ᠢᠶᠠᠨ ᠠᠷᠠᠯᠵᠢᠶᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂  ᠬᠦᠮᠤᠷᠭᠡᠯᠡᠯᠳᠡ ᠶᠢ ᠠᠮᠢᠳᠤᠯᠢᠭ ᠪᠣᠯᠭᠠᠬᠤ ᠶᠢ ᠪᠡᠶᠡᠯᠡᠭᠦᠯᠦᠨ᠂ ᠪᠣᠳᠠᠰᠵᠢᠭᠰᠠᠨ ᠡᠳ᠋ ᠬᠥᠷᠥᠩᠭᠡ ᠶᠢ ᠠᠮᠢᠳᠤᠯᠢᠭ ᠬᠥᠷᠥᠩᠭᠡ  ᠳᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠠᠵᠤ ᠦᠶᠢᠯᠡᠰᠵᠢᠭᠦᠯᠦᠨ ᠬᠥᠭᠵᠢᠭᠦᠯᠬᠦ᠂ ᠠᠵᠤ ᠠᠬᠤᠶᠢᠴᠢᠯᠠᠨ ᠡᠵᠡᠩᠨᠡᠬᠦ᠂ ᠨᠡᠶᠢᠭᠡᠮᠴᠢᠯᠡᠨ  ᠤᠶᠢᠯᠡᠴᠢᠯᠡᠬᠦ ᠴᠢᠭᠯᠡᠯ ᠶᠣᠰᠣᠭᠠᠷ᠂ ᠬᠤᠲᠠ ᠶᠢᠨ ᠶᠠᠪᠤᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠵᠡᠷᠭᠡ ᠠᠷᠠᠴᠢᠯᠠᠨ ᠬᠠᠮᠠᠭᠠᠯᠠᠬᠤ ᠬᠡᠯᠪᠡᠷᠢ ᠶᠢᠨ ᠠᠵᠢᠯ ᠲᠥᠷᠥᠯ ᠤᠨ ᠬᠠᠮᠢᠶᠠᠷᠬᠤ ᠪᠠ ᠲᠡᠵᠢᠭᠡᠬᠦ ᠶᠢ ᠰᠠᠯᠭᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠦᠷᠭᠦᠯᠵᠢᠯᠡᠨ ᠠᠬᠢᠭᠤᠯᠤᠨ᠎ᠠ᠃  ᠮᠠᠭᠤ ᠴᠠᠬᠢᠯᠭᠠᠨ ᠲᠣᠣᠷ᠂ ᠭᠡᠷ ᠤᠨ ᠭᠠᠳᠠᠨᠠᠬᠢ ᠵᠠᠷ᠂ ᠤᠯᠤᠰ ᠤᠨ ᠥᠮᠴᠢᠯᠡᠯ ᠤᠨ ᠭᠡᠷ ᠬᠦᠷᠦᠩᠭᠡ ᠶᠢᠨ ᠬᠡᠷᠡᠭᠯᠡᠬᠦ ᠡᠷᠬᠡ ᠪᠠ ᠡᠵᠡᠩᠨᠡᠬᠦ ᠡᠷᠬᠡ ᠶᠢ ᠲᠥᠯᠥᠪᠦᠷᠢ ᠲᠠᠢ ᠪᠠᠷ ᠰᠢᠯᠵᠢᠭᠦᠯᠦᠨ ᠥᠭᠴᠦ ᠲᠦᠷᠢᠶᠡᠰᠦᠯᠡᠭᠦᠯᠵᠦ᠂ ᠤᠯᠠᠨ ᠨᠡᠶᠢᠲᠡ ᠶᠢᠨ ᠦᠢᠯᠡᠳᠬᠦᠨ ᠢ ᠬᠤᠳᠠ ᠶᠢᠨ ᠲᠠᠸᠠᠷ ᠪᠣᠯᠭᠠᠨ ᠬᠤᠪᠢᠷᠠᠭᠤᠯᠵᠤ᠂ ᠢᠯᠡ ᠪᠤᠰᠤ ᠬᠦᠷᠦᠩᠭᠡ ᠶᠢ ᠢᠯᠡ ᠬᠦᠷᠦᠩᠭᠡ ᠪᠣᠯᠭᠠᠨ ᠬᠤᠪᠢᠷᠠᠭᠤᠯᠤᠨ᠎ᠠ᠃           ︵ᠵᠢᠷᠭᠤᠭ᠎ᠠ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠭᠪᠤᠷ ᠢ ᠲᠠᠰᠤᠷᠠᠯᠲᠠ ᠥᠬᠡᠶ ᠪᠣᠶ ᠪᠣᠯᠭᠠᠨ᠎ᠠ᠃ ︽ᠬᠤᠶᠠᠷ ᠠᠭᠤᠯᠠ︾ ᠶᠢᠨ ᠤᠨᠤᠯ ᠪᠣᠯᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠡᠩ ᠶᠡᠭᠡ ᠡᠷᠴᠢᠮ᠂ ᠨᠡᠩ ᠲᠦᠷᠭᠡᠨ ᠠᠶᠢᠵᠠᠮ᠂ ᠨᠡᠩ ᠥᠨᠳᠥᠷ ᠪᠠᠷᠢᠮᠵᠢᠶ᠎ᠠ ᠪᠠᠷ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠶᠢᠳᠠᠯ ᠢ ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠰᠠᠭᠤᠷᠢ ᠦᠩᠬᠡ ᠪᠣᠯᠭᠠᠨ᠎ᠠ᠃           ᠠᠮᠢ ᠠᠬᠤᠶ ᠣᠷᠴᠢᠨ ᠳᠤᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠬᠦᠬᠡ ᠣᠭᠲᠠᠷᠭᠤᠢ᠂  ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ᠂  ︽ᠲᠠᠷᠠᠬᠠᠢ ᠳᠤᠷ᠎ᠠ ᠪᠠᠷ ᠪᠣᠬᠢᠷᠲᠤᠯ ᠲᠠᠢ︾  ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ᠂ ᠨᠤᠨᠲᠠᠭ  ᠪᠣᠳᠠᠰ ᠣᠪᠣᠭᠠᠯᠠᠬᠤ ᠲᠠᠯᠠᠪᠠᠢ᠂ ᠢᠳᠡᠭᠡᠨ ᠤᠮᠳᠠᠭᠠᠨ ᠤ ᠲᠤᠰᠤᠨ ᠤᠳᠤᠭ᠎ᠠ᠂ ᠮᠠᠰᠢᠨ ᠲᠡᠷᠭᠡᠨ ᠤ ᠤᠳᠤᠭ᠎ᠠ ᠶᠢᠨ ᠵᠠᠰᠠᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠭᠤᠤᠯ ᠮᠥᠷᠡᠨ ᠨᠠᠭᠤᠷ  ᠪᠦᠷᠢᠳᠤ ᠶᠢᠨ ᠳᠠᠷᠤᠭ᠎ᠠ ᠶᠢᠨ ᠲᠦᠷᠢᠮ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠤᠯᠠᠭᠠᠨᠮᠦ᠋ᠷᠡᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠵᠠᠰᠠᠯᠲᠠ ᠶᠢ ᠴᠢᠩᠭᠠᠳᠬᠠᠨ᠂ ᠪᠣᠷᠣᠭᠠᠨ ᠤ ᠤᠰᠤ ᠪᠠ ᠪᠣᠬᠢᠷᠲᠤᠯ ᠢ ᠰᠠᠯᠭᠠᠬᠤ ᠪᠠ ︽ᠴᠡᠪᠡᠷᠯᠡᠨ ᠬᠠᠮᠢᠶᠠᠷᠬᠤ ᠠᠵᠢᠯᠯᠠᠭ᠎ᠠ︾ ᠶᠢ ᠰᠠᠶᠢᠲᠤᠷ ᠠᠳᠬᠤᠵᠤ᠂ ᠭᠤᠤᠯ ᠤᠷᠤᠭᠤ ᠪᠣᠬᠢᠷᠲᠤᠯ ᠲᠠᠢ ᠪᠤᠳᠠᠰ ᠭᠠᠳᠠᠭᠰᠢᠯᠠᠭᠤᠯᠬᠤ᠂ ᠭᠤᠤᠯ ᠮᠥᠷᠡᠨ ᠨᠠᠭᠤᠷ  ᠪᠦᠷᠢᠳᠤ ᠶᠢᠨ ᠣᠷᠣᠨ ᠵᠠᠶ ᠶᠢ ᠬᠠᠤᠯᠢ ᠪᠤᠰᠤ ᠪᠠᠷ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠤᠷᠢᠯᠡᠵᠤ᠂ ᠭᠤᠤᠯ ᠮᠥᠷᠡᠨ ᠨᠠᠭᠤᠷ ᠪᠦᠷᠢᠳᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ  ᠬᠦᠷᠭᠡᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠠᠵᠤ ᠤᠶᠢᠯᠡᠳᠪᠤᠷᠢ ᠶᠢᠨ ᠬᠠᠶᠠᠭᠳᠠᠮᠠᠯ ᠰᠢᠭᠠᠷᠤ᠂ ᠡᠮᠴᠢᠯᠡᠭᠡᠨ ᠤ ᠬᠤᠭ ᠨᠣᠪᠰᠢ ᠵᠡᠷᠭᠡ ᠶᠢ  ᠬᠦᠨᠤᠭᠡᠯ ᠥᠬᠡᠶ ᠪᠣᠯᠭᠠᠨ ᠰᠢᠢᠳᠪᠤᠷᠢᠯᠡᠬᠦ ᠨᠣᠷᠮ᠎ᠠ ᠶᠢ 100% ᠳᠤ  ᠬᠦᠷᠭᠡᠬᠦ ᠶᠢ ᠦᠨᠡᠨᠬᠦ ᠪᠠᠲᠤᠯᠠᠨ᠎ᠠ᠃           ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠠᠮᠢ ᠠᠬᠤᠶ ᠶᠢᠨ ᠴᠢᠳᠠᠪᠬᠢᠳᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠠᠮᠢ ᠠᠬᠤᠶ ᠣᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠮᠢ ᠠᠬᠤᠶ ᠶᠢᠨ ᠬᠥᠭᠵᠢᠯᠲᠡ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠠᠮᠢ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ  ᠪᠤᠯᠭᠠᠨ᠎ᠠ᠃  ᠬᠦᠭᠡ ᠰᠢᠨᠠᠭ᠎ᠠ ᠤᠰᠤᠨ ᠴᠥᠭᠦᠷᠥᠮ ᠤᠨ ᠠᠮᠢ ᠠᠬᠤᠢ ᠶᠢᠨ ᠤᠰᠤ ᠨᠥᠬᠦᠪᠥᠷᠢᠯᠡᠬᠦ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠵᠤ᠂  ᠠᠪᠠᠭ᠋ᠠᠢ ᠭᠤᠣᠯ᠂ ᠵᠢᠯᠤᠭᠤᠴᠢᠨ ᠭᠤᠣᠯ ᠤᠨ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠬᠡᠪ ᠳᠠᠭᠤᠷᠢᠶᠠᠯ ᠤᠨ ᠲᠦᠷᠦᠯ ᠵᠦᠢᠯ ᠳᠤ ᠦᠷ᠎ᠡ ᠪᠦᠲᠦᠮᠵᠢ ᠭᠠᠷᠭᠠᠵᠤ᠂ ᠤᠰᠤ ᠨᠢ ᠲᠤᠩᠭᠠᠯᠠᠭ ᠡᠷᠭᠢ ᠨᠢ ᠨᠣᠭᠤᠭᠠᠨ᠂ ᠦᠵᠡᠮᠵᠢ ᠨᠢ ᠭᠤᠶᠤ ᠰᠠᠶᠢᠬᠠᠨ ᠠᠮᠢ ᠠᠬᠤᠢ ᠶᠢᠨ ᠵᠢᠷᠤᠭ ᠢ ᠵᠢᠷᠤᠬᠯᠠᠬᠤ ᠪᠠᠷ ᠴᠢᠷᠮᠠᠶᠢᠵᠤ᠂ ᠭᠤᠣᠯ ᠮᠥᠷᠡᠨ ᠨᠠᠭᠤᠷ  ᠴᠦᠬᠦᠷᠤᠮ ᠪᠦᠷᠢ ᠶᠢ ᠤᠯᠠᠨ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠮᠥᠷᠡᠨ  ᠪᠤᠯᠭᠠᠨ᠎ᠠ᠃ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ ᠬᠤᠩᠭᠢᠯ ᠢ ᠪᠠᠶᠢᠭᠤᠯᠤᠨ᠂ ᠵᠢᠯ ᠤᠨ ᠳᠣᠲᠣᠷ᠎ᠠ 3000 ᠮᠥ ᠬᠥᠮᠦᠨ ᠤ ᠬᠦᠴᠦ ᠪᠠᠷ ᠣᠶᠢᠵᠢᠭᠤᠯᠵᠤ᠂ 1 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠵᠤ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ  ᠶᠢᠨ ᠳᠠᠪᠬᠤᠷ ᠢᠰᠤᠯ ᠢ ᠬᠤᠷᠢᠶᠠᠨ ᠠᠪᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃           ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ᠎ᠡ᠃ ᠠᠮᠢ ᠠᠬᠤᠶ ᠶᠢᠨ ᠳᠠᠪᠠᠭᠤᠯᠢᠭ ᠲᠤ ᠰᠠᠭᠤᠷᠢᠯᠠᠨ᠂ ᠠᠮᠢ ᠠᠬᠤᠶ ᠶᠢᠨ ᠣᠨᠴᠠᠯᠢᠭ ᠢ ᠳᠣᠪᠤᠶᠢᠯᠭᠠᠵᠤ᠂ ᠠᠮᠢ ᠠᠬᠤᠶ ᠶᠢᠨ ᠠᠵᠤ ᠤᠶᠢᠯᠡᠰ ᠢ ᠪᠤᠵᠠᠭᠠᠶᠢᠷᠠᠭᠤᠯᠤᠨ᠂ ᠣᠷᠳᠣᠰ ᠤᠨ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠨ᠎ᠠ᠃  ︽ᠬᠤᠣᠰ ᠨᠡᠭᠦᠷᠡᠰᠦᠲᠥ᠋ᠷᠥᠭᠴᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠨᠡᠬᠦᠷᠡᠰᠤ ᠮᠠᠯᠳᠠᠬᠤ ᠬᠡᠮᠵᠢᠶ᠎ᠡ ᠶᠢ ᠪᠠᠭᠠᠰᠬᠠᠵᠤ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠢᠩ ᠨᠧᠩ ᠢᠯᠴᠢ ᠶᠢᠨ ᠴᠠᠬᠢᠯᠭᠠᠨ  ᠭᠠᠯ ᠳᠦᠯᠡᠵᠤ ᠴᠠᠬᠢᠯᠭᠠᠨ  ᠭᠠᠷᠭᠠᠬᠤ  ᠤᠶᠠᠨ ᠬᠠᠳᠠᠨ ᠴᠢᠨᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠲᠠᠷᠬᠠᠮᠠᠯ ᠬᠡᠯᠪᠡᠷᠢ ᠶᠢᠨ ᠭᠡᠷᠡᠯ ᠴᠡᠨᠡᠭ ᠤᠨ ᠴᠠᠬᠢᠯᠭᠠᠨ ᠰᠲ᠋ᠠᠨᠼᠢ ᠶᠢ ᠥᠷᠭᠡᠨ ᠢᠶᠠᠷ ᠪᠠᠶᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠡᠨᠧᠷᠭᠢ᠂ ᠪᠣᠬᠢᠷᠲᠤᠯ ᠥᠬᠡᠶ ᠪᠠᠷᠠᠭᠠᠨ ᠤ  ᠬᠦᠢᠯᠭᠡᠭᠡᠨ ᠵᠡᠷᠭᠡ ᠠᠵᠤ  ᠤᠶᠢᠯᠡᠰ ᠢ ᠶᠡᠬᠡᠪᠡᠷ ᠬᠥᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ  ᠤᠶᠢᠯᠡᠰ ᠤᠨ ᠳᠤᠬᠳᠠᠯᠴᠠᠭ᠎ᠠ ᠶᠢ ᠪᠠᠶᠢᠭᠤᠯᠤᠨ᠂ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠢ ᠰᠠᠭᠠᠷᠮᠠᠭᠵᠢᠭᠤᠯᠬᠤ︾  ᠵᠢᠱᠢᠶ᠎ᠡ ᠦᠵᠡᠭᠦᠯᠬᠦ ᠬᠤᠲᠠ ᠶᠢ  ᠪᠠᠶᠢᠭᠤᠯᠤᠨ᠎ᠠ᠃ ᠪᠣᠬᠢᠷᠲᠤᠯ ᠦᠭᠡᠢ ᠠᠮᠢᠳᠤᠷᠠᠯ ᠢ ᠶᠡᠬᠡᠪᠡᠷ ᠰᠠᠨᠠᠭᠠᠴᠢᠯᠠᠵᠤ᠂ ᠪᠦᠬᠦ ᠠᠷᠠᠳ ᠤᠨ ᠪᠣᠬᠢᠷᠲᠤᠯ ᠦᠭᠡᠢ ᠶᠠᠪᠤᠵᠤ ᠰᠠᠭᠤᠬᠤ᠂ ᠪᠣᠬᠢᠷᠲᠤᠯ ᠦᠭᠡᠢ ᠬᠡᠷᠡᠭᠯᠡᠭᠡ ᠬᠢᠬᠦ ᠤᠬᠠᠮᠰᠠᠷ ᠢ ᠴᠢᠩᠭᠠᠳᠬᠠᠵᠤ᠂ ᠪᠣᠬᠢᠷᠲᠤᠯ ᠦᠭᠡᠢ ᠭᠡᠷ ᠤᠨ ᠬᠡᠷᠡᠭᠰᠡᠯ ᠢ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠴᠢᠩᠭᠠᠳᠬᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃             ︵ᠲᠤᠯᠤᠭ᠎ᠠ︶ ᠬᠠᠮᠲᠤ ᠪᠠᠷ ᠴᠢᠨᠡᠭᠡᠯᠢᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠤᠯᠠᠨ ᠲᠦᠮᠡᠨ ᠤ ︽ᠰᠡᠳᠬᠢᠯᠭᠡ ᠶᠢᠨ ᠢᠯᠡᠷᠡᠯ︾  ᠢᠶᠠᠷ ᠠᠵᠢᠯ ᠢᠶᠠᠨ ᠰᠢᠯᠭᠠᠨ ᠪᠠᠶᠢᠴᠠᠭᠠᠬᠤ ︽ᠬᠡᠮᠵᠢᠭᠦᠷ︾ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠦᠷᠭᠦᠯᠵᠢᠯᠡᠨ ᠨᠥᠬᠦᠪᠥᠷᠢᠯᠡᠵᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠴᠢᠨᠠᠷ ᠳᠡᠰ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠬᠠᠷᠮᠠᠨ ᠢ  ᠳᠦᠨᠳᠦᠶᠢᠯᠭᠡᠨ᠂  ᠪᠠᠶᠠᠵᠢᠨ ᠴᠢᠨᠡᠭᠡᠯᠢᠭᠵᠢᠭᠦᠯᠵᠦ᠂  ᠰᠠᠶᠢᠨ ᠰᠠᠶᠢᠬᠠᠨ ᠠᠮᠢᠳᠤᠷᠠᠯ ᠲᠠᠢ ᠪᠤᠯᠭᠠᠨ᠎ᠠ᠃           ᠨᠡᠶᠢᠭᠡᠮ ᠤᠨ ᠪᠠᠲᠤᠯᠠᠭ᠎ᠠ ᠶᠢᠨ ᠳᠤᠬᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠨᠡᠩ ᠢᠳᠡᠪᠬᠢᠲᠡᠶ ᠲᠦᠷᠦ ᠶᠢᠨ ᠪᠤᠳᠤᠯᠭ᠎ᠠ ᠶᠢ ᠳᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠠᠵᠢᠯ ᠣᠯᠭᠤᠵᠤ᠂ ᠣᠷᠣᠯᠭ᠎ᠠ ᠶᠢ ᠨᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠬᠤᠳᠠ ᠪᠠᠯᠭᠠᠰᠤᠨ ᠳᠤ ᠰᠢᠨ᠎ᠡ ᠪᠠᠷ 600  ᠬᠦᠮᠤᠨ ᠳᠤ ᠠᠵᠢᠯ  ᠤᠯᠭᠤᠵᠤ᠂ ᠠᠵᠢᠯ ᠲᠠᠢ ᠬᠦᠮᠤᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠦᠭᠡᠢ ᠪᠤᠯᠭᠠᠬᠤ ᠶᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠠᠬᠢᠭᠤᠯᠵᠤ ᠂ ᠨᠠᠰᠤᠵᠢᠯ ᠤᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠬᠡᠷᠡᠴᠢᠯᠡᠯᠳᠡ ᠶᠢ ᠳᠤᠬᠳᠠᠭᠤᠨ ᠢᠶᠠᠷ ᠠᠬᠢᠭᠤᠯᠤᠨ᠎ᠠ᠃  ᠱᠧᠨ ᠬᠤᠸᠠ ᠺᠠᠩ ᠴᠧᠩ᠂ ᠳᠠᠷᠬᠠᠨ᠂ ᠰᠢᠩ ᠸᠠᠩ ᠵᠡᠷᠭᠡ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠲᠣᠭᠤᠷᠢᠭ︾ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ︽ᠬᠡᠷ ᠲᠡᠭᠡᠨ ᠰᠠᠭᠤᠬᠰᠠᠳ ᠪᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠶᠢ ᠤᠶᠠᠯᠳᠤᠭᠤᠯᠤᠭᠰᠠᠨ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠳᠤᠬᠳᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ᠎ᠠ᠃ ︽ᠭᠡᠷ ᠪᠠᠶᠢᠰᠢᠩ ᠪᠠ ᠣᠷᠣᠨ ᠰᠠᠭᠤᠴᠠ ᠶᠢ ᠰᠠᠷᠢᠭᠠᠯᠠᠬᠤ ᠦᠭᠡᠢ︾ ᠪᠠᠶᠢᠬᠤ ᠶᠢ ᠪᠠᠷᠢᠮᠲᠠᠯᠠᠵᠤ᠂ 25 ᠵᠦᠢᠯ ᠤᠨ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠳᠦᠷᠤᠯ ᠵᠤᠶᠢᠯ ᠪᠠ ᠪᠸᠢ ᠴᠧᠨ ᡁᠢ ᠰᠢᠩ ᠲᠥᠪᠬᠢᠨᠡᠭᠦᠯᠬᠦ ᠣᠷᠣᠨ ᠰᠠᠭᠤᠴᠠ ᠶᠢᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ︽ᠤᠯᠠᠨ ᠭᠤᠤᠯ ᠴᠣᠭᠴᠠ ᠪᠠᠷ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ︾ ᠣᠷᠣᠨ ᠰᠠᠭᠤᠴᠠ ᠶᠢᠨ ᠪᠠᠲᠤᠯᠠᠭ᠎ᠠ ᠶᠢᠨ  ᠳᠤᠬᠳᠠᠯᠴᠠᠭ᠎ᠠ ᠶᠢ ᠢᠳᠡᠪᠬᠢᠲᠡᠶ ᠪᠠᠶᠢᠭᠤᠯᠵᠤ᠂ ᠭᠡᠷ ᠪᠠᠶᠢᠰᠢᠩ ᠤᠨ ᠦᠨ᠎ᠡ ᠶᠢ ᠵᠦᠢ ᠵᠣᠬᠢᠰᠲᠠᠶ ᠣᠷᠣᠨ ᠵᠠᠶ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ  ᠲᠣᠭᠲᠠᠭᠠᠭᠰᠠᠨ 8 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃           ᠡᠷᠡᠭᠦᠯ ᠡᠩᠭᠡ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠵᠦᠵᠢᠶᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠲᠥᠪ᠂  ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ︽ᠪᠡᠶ᠎ᠡ ᠶᠢᠨ ᠳᠠᠮᠢᠷ ᠡᠮᠴᠢᠯᠡᠭᠡ ᠰᠤᠪᠢᠯᠠᠯᠲᠠ︾ ᠡᠷᠡᠭᠦᠯ ᠮᠡᠨᠳᠦ ᠶᠢᠨ ᠤᠶᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠲᠦᠷᠭᠡᠳᠬᠡᠨ ᠪᠠᠶᠢᠭᠤᠯᠵᠤ ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠥᠷᠥᠯ ᠵᠤᠶᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ︽ᠣᠯᠠᠨ ᠴᠡᠭ ᠢᠶᠠᠷ ᠲᠤᠯᠭᠠᠭᠤᠷᠢᠯᠠᠭᠰᠠᠨ᠂ ᠣᠯᠠᠨ ᠡᠰᠢ ᠪᠠᠷ ᠪᠠᠲᠤᠯᠠᠭᠰᠠᠨ︾ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠪᠠᠲᠤᠯᠠᠭ᠎ᠠ ᠶᠢᠨ ᠳᠤᠬᠳᠠᠯᠴᠠᠭ᠎ᠠ ᠶᠢ ᠪᠠᠶᠢᠭᠤᠯᠤᠨ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠤᠶᠢᠯᠡᠴᠢᠯᠡᠭᠡ ᠬᠠᠩᠭᠠᠨ᠎ᠠ᠃ ︽ᠺᠠᠩ ᠴᠧᠩ ᠳᠤ ᠨᠠᠷᠠᠲᠤ ᠡᠮᠴᠢ ᠲᠠᠢ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠷᠠᠲᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ  ᠬᠢᠶ᠎ᠠ ᠪᠠᠭᠰᠢ ᠳᠤ ᠣᠴᠢᠭᠤᠯᠤᠨ ᠡᠮᠴᠢᠯᠡᠭᠦᠯᠵᠦ᠂ ᠠᠷᠠᠳ  ᠤᠯᠠᠨ ᠳᠤ ᠭᠡᠷ ᠤᠨ ᠡᠬᠦᠳᠡᠨ ᠳᠤᠨᠢ ᠨᠠᠷᠠᠲᠤ ᠡᠮᠴᠢ ᠶᠢᠨ  ᠤᠶᠢᠯᠡᠴᠢᠯᠡᠭᠡ ᠬᠦᠷᠲᠡᠭᠡᠨ᠎ᠡ᠃ ᠹᠦ᠋ ᠲᠠᠩ ᠤᠨ ᠬᠡᠦᠬᠡᠳ ᠤᠨ ᠠᠨᠠᠭᠠᠬᠤ ᠤᠬᠠᠭᠠᠨ ᠤ ᠬᠥᠭᠵᠢᠯᠲᠡ ᠶᠢᠨ ᠰᠤᠳᠤᠯᠭᠠᠨ ᠤ ᠲᠥᠪ ᠯᠦᠭᠡ ᠭᠦᠨᠵᠡᠭᠡᠢ ᠬᠠᠮᠲᠤᠷᠠᠯᠴᠠᠬᠤ ᠶᠢ ᠠᠬᠢᠭᠤᠯᠵᠤ᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠶᠢᠨ ᠨᠡᠷᠡᠳᠦ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠭᠠᠵᠠᠷ ᠯᠤᠭ᠎ᠠ ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢ ᠪᠦᠷᠢᠯᠳᠦᠭᠦᠯᠤᠨ᠎ᠠ᠃ ᠡᠮᠴᠢᠯᠡᠭᠡ ᠰᠤᠪᠢᠯᠠᠯᠲᠠ ᠡᠷᠡᠭᠦᠯᠵᠢᠯ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠨᠡᠶᠢᠭᠡᠮ ᠤᠨ ᠠᠰᠠᠷᠠᠮᠵᠢ ᠶᠢᠨ ᠲᠥᠪ ᠤᠨ ᠲᠥᠷᠥᠯ ᠵᠤᠶᠢᠯ ᠤᠨ ᠵᠢᠩᠬᠢᠨᠢ ᠪᠠᠷ ᠠᠵᠢᠯᠯᠠᠬᠤ ᠶᠢ ᠠᠬᠢᠭᠤᠯᠤᠨ᠎ᠠ᠃ ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠦᠨ᠎ᠡ᠃ ᠴᠡᠴᠡᠭ ᠤᠨ ᠲᠣᠭᠤᠰᠣ  ᠲᠠᠢ ᠬᠠᠷᠰᠢᠬᠤ ᠰᠤᠳᠤᠯᠭᠠᠨ ᠢ ᠲᠦᠷᠭᠡᠳᠬᠡᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠶᠢᠲᠤᠷ ᠰᠠᠬᠢᠨ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ  ᠬᠦᠳᠡᠯᠭᠡᠭᠡᠨ ᠢ ᠰᠠᠶᠢᠲᠤᠷ ᠵᠣᠬᠢᠶᠠᠨ ᠪᠠᠶᠢᠭᠤᠯᠵᠤ᠂ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃           ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠡᠭᠡᠯᠢ ᠭᠤᠳᠤᠮᠵᠢ ᠶᠢᠨ ᠨᠠᠮ ᠪᠠ ᠤᠯᠠᠨ ᠳᠦᠮᠡᠨᠴᠢ ᠦᠢᠯᠡᠴᠢᠯᠡᠭᠡᠨ ᠤ ᠲᠥᠪ ᠢᠶᠠᠷ ᠠᠴᠢᠶᠠᠯᠠᠪᠤᠷᠢ ᠪᠣᠯᠭᠠᠨ᠂ ᠪᠦᠬᠦ ᠠᠷᠠᠳ ᠤᠨ ᠤᠷᠠᠯᠢᠭ ᠢ ᠲᠦᠭᠡᠮᠡᠯᠵᠢᠭᠦᠯᠬᠦ ᠪᠠ ᠰᠣᠶᠣᠯ  ᠢᠶᠠᠷ ᠨᠡᠶᠢᠳᠡᠮ ᠬᠠᠷᠠᠭᠠᠯᠵᠠᠬᠤ ᠡᠷᠴᠢᠮ ᠢ ᠦᠨᠡᠨ ᠬᠦ ᠴᠢᠩᠭᠠᠷᠠᠭᠤᠯᠵᠤ᠂ ᠪᠦᠬᠦ ᠵᠢᠯ ᠳᠤ ᠤᠯᠠᠨ ᠲᠦᠮᠡᠨ ᠤ ᠤᠳᠬ᠎ᠠ ᠤᠷᠠᠯᠢᠭ ᠤᠨ ᠬᠠᠪᠰᠤᠷᠤᠨ ᠵᠢᠯᠤᠭᠤᠳᠤᠯᠭ᠎ᠠ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠤᠨᠴᠠᠯᠢᠬᠳᠤ ᠤᠯᠠᠨ  ᠳᠦᠮᠡᠨᠴᠢ ᠰᠣᠶᠣᠯ ᠤᠨ ᠠᠵᠢᠯᠯᠠᠭ᠎ᠠ ᠶᠢ 600 ᠤᠳᠠᠭ᠎ᠠ ᠠᠴᠠ ᠳᠤᠲᠠᠭᠤ ᠦᠭᠡᠢ ᠥᠷᠨᠢᠭᠦᠯᠦᠨ᠎ᠡ᠃ ᠦᠨᠳᠤᠷ ᠬᠢᠷᠢ ᠳᠦᠪᠰᠢᠨ ᠪᠦᠬᠦᠢ ᠤᠯᠠᠭᠠᠠᠮᠦ᠋ᠴᠢᠷ ᠤᠨ ᠡᠩᠨᠡᠭᠡ ᠶᠢ ᠵᠤᠬᠢᠶᠠᠨ ᠪᠠᠶᠢᠭᠤᠯᠵᠤ᠂ ᠤᠯᠠᠭᠠᠨᠮᠥ᠋ᠴᠢᠷ ᠤᠨ ᠠᠵᠢᠯ  ᠤᠶᠢᠯᠡᠰ ᠢ ᠶᠡᠬᠡᠪᠡᠷ ᠬᠥᠭᠵᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠬᠤᠲᠠ ᠶᠢᠨ ᠵᠣᠷᠢᠭ ᠰᠠᠨᠠᠭ᠎ᠠ ᠶᠢ ᠲᠤᠰᠬᠠᠭᠰᠠᠨ ᠨᠢᠭᠡ ᠪᠦᠯᠦᠭ ᠤᠳᠬ᠎ᠠ ᠤᠷᠠᠯᠢᠭ ᠤᠨ ᠤᠤᠭᠠᠯ ᠡᠭᠦᠳᠦᠯᠲᠡ ᠶᠢᠨ ᠰᠣᠳᠣᠨ ᠪᠦᠲᠦᠭᠡᠯ ᠢ ᠵᠤᠬᠢᠶᠠᠨ ᠪᠦᠲᠦᠭᠡᠨ᠎ᠡ᠃ ᠤᠯᠠᠭᠠᠨᠮᠦ᠋ᠷᠡᠨ ᠤ ᠪᠠᠭᠤᠷᠢ ᠶᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠡᠷᠴᠢᠮ ᠢ ᠴᠢᠩᠭᠠᠷᠠᠭᠤᠯᠤᠨ᠎ᠠ᠃ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ  ᠤᠶᠢᠯᠡᠳᠤᠯᠭᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠲᠤ ᠴᠣᠭᠴᠠᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢ ᠪᠣᠯᠪᠠᠰᠤᠨ ᠤ ᠰᠢᠨ᠎ᠡ ᠬᠡᠪ ᠰᠤᠷᠲᠠᠯ᠂ ᠬᠥᠮᠦᠯᠢᠭ ᠬᠠᠯᠠᠮᠵᠢᠯᠠᠯ ᠢᠶᠠᠷ ᠪᠢᠯᠬᠠᠮ᠎ᠠ᠂ ᠬᠤᠳᠠ ᠶᠢᠨ ᠣᠷᠴᠢᠨ ᠳᠤᠭᠤᠷᠢᠨ ᠢ ᠨᠡᠩ ᠭᠤᠶᠢᠳᠠ ᠰᠠᠶᠢᠬᠠᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠵᠤ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠨᠥᠬᠦᠷᠰᠡᠭ ᠬᠤᠳᠠ ᠶᠢ ᠦᠷᠭᠦᠯᠵᠢᠯᠡᠨ ᠪᠠᠶᠢᠭᠤᠯᠵᠤ᠂  ᠦᠡᠭᠭᠡ  ᠭᠠᠯᠪᠢᠷ ᠲᠠᠢ᠂  ᠪᠠᠶᠠᠯᠢᠭ ᠳᠡᠤᠭᠡ ᠲᠠᠢ ᠴᠤᠭ ᠵᠢᠪᠬᠤᠭ᠎ᠠ ᠲᠠᠢ ᠪᠣᠯᠪᠠᠰᠤᠨ ᠬᠡᠪ ᠳᠠᠭᠤᠷᠢᠶᠠᠯ ᠦᠵᠡᠬᠦᠯᠬᠦ ᠬᠤᠳᠠ ᠶᠢ ᠪᠦᠳᠦᠭᠡᠨ ᠪᠠᠶᠢᠭᠤᠯᠤᠨ᠎ᠠ᠃           ︵ᠨᠠᠢᠮᠠ︶ ᠬᠥᠭᠵᠢᠯᠲᠡ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠢᠳᠡᠪᠬᠢᠲᠡᠶ ᠪᠠᠷ ᠪᠤᠢ ᠪᠣᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠯᠡᠨ᠂ ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠤᠨᠴᠠᠯᠢᠬᠳᠤ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠵᠠᠰᠠᠯᠲᠠ ᠶᠢ ᠡᠷᠡᠰ ᠭᠤᠶᠢᠪᠢᠰᠢ ᠥᠬᠡᠶ ᠪᠠᠷ ᠴᠢᠩᠭᠠᠳᠬᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃           ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠡᠯ᠎ᠡ ᠲᠦᠷᠦᠯ ᠤᠨ  ᠪᠦᠯᠬᠦᠮ ᠨᠡᠶᠢᠳᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ︽ᠲᠠᠪᠤᠨ ᠬᠤᠯᠪᠤᠭᠠᠯᠠᠯ︾ ᠪᠠ ︽ᠵᠡᠭᠡᠯᠢ ᠭᠤᠳᠤᠮᠵᠢ  ᠶᠢᠨ ᠬᠢᠨ ᠳᠠᠭᠤᠳᠠᠪᠠᠯ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠰᠢᠨ᠎ᠡ ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠡᠬᠢ ᠪᠠᠶᠠᠯᠢᠭ ᠢ ᠳᠣᠷᠣᠭᠰᠢ ᠪᠠᠭᠤᠯᠭᠠᠬᠤ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ︾ ᠶᠢ ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠶᠡᠭᠡ ᠪᠠᠷ ᠲᠡᠳᠬᠦᠨ ᠳᠡᠮᠵᠢᠵᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ ᠤᠶᠤᠨᠲᠤ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠣᠯᠠᠨ ᠦᠨᠡᠯᠡᠯᠲᠡ · ᠺᠣᠳ᠋ ᠳᠡᠭᠡᠷᠡᠬᠢ ᠠᠮᠢᠳᠤᠷᠠᠯ︾ ᠨᠡᠶᠢᠭᠡᠮ ᠲᠣᠭᠤᠷᠢᠭ ᠤᠨ ᠣᠶᠤᠨᠴᠢ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠨᠠᠩ ᠣᠯᠠᠨ ᠨᠡᠶᠢᠭᠡᠮ ᠲᠣᠭᠤᠷᠢᠭ ᠤᠨ ᠣᠶᠤᠨᠴᠢ  ᠤᠶᠢᠯᠡᠴᠢᠯᠡᠭᠡᠨ ᠤ ᠬᠡᠷᠡᠭᠯᠡᠭᠡᠨ ᠤ ᠲᠠᠯᠠᠪᠤᠷ ᠢ  ᠡᠬᠦᠳᠤᠨ ᠪᠠᠶᠢᠭᠤᠯᠵᠤ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠭᠰᠠᠨ᠂ ᠠᠵᠢᠯ ᠲᠥᠷᠥᠯ ᠠᠯᠤᠰᠯᠠᠨ ᠠᠭᠤᠰᠤᠯᠴᠠᠭᠰᠠᠨ ᠣᠶᠤᠨᠴᠢ ᠵᠠᠰᠠᠯᠲᠠ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠳᠤᠬᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃            ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠠᠤᠯᠢ ᠪᠠᠷ ᠳᠤᠭᠤᠷᠢᠭ ᠢᠶᠠᠨ ᠵᠠᠰᠠᠬᠤ ᠶᠢ ᠭᠦᠨᠵᠡᠭᠡᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠭᠤᠷᠪᠠᠨ ᠬᠡᠮᠵᠢᠯᠳᠦ ᠪᠣᠰᠤᠭ᠎ᠠ ᠴᠣᠭᠴᠠᠲᠤ ᠬᠤᠳᠠ ᠶᠢᠨ ᠵᠠᠭᠪᠤᠷ ᠢ ᠪᠤᠢ ᠪᠣᠯᠭᠠᠵᠤ᠂ ︽  ᠰᠢᠤᠸᠠᠢ ᠯᠢᠶᠠᠩ ᠢᠨᠵᠧᠨᠧᠷᠢᠩ︾ ᠤᠨ ᠬᠡᠷᠡᠭᠯᠡᠯᠲᠡ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠯᠬᠠᠭᠠᠨ ᠰᠢᠳᠬᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ  ᠳᠤᠬᠳᠠᠯᠴᠠᠭᠠᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ  ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾᠂ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠤᠷᠢᠯᠡᠬᠦ ᠲᠣᠭᠲᠠᠴᠠ ᠶᠢ ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠪᠠ ᠨᠡᠶᠢᠭᠡᠮ ᠤᠨ ᠵᠥᠷᠢᠴᠡᠯ ᠢ ᠲᠣᠬᠢᠲᠠᠶ ᠡᠶᠡᠳᠡᠭᠦᠯᠦᠨ  ᠰᠢᠢᠳᠪᠤᠷᠢᠯᠡᠨ᠎ᠠ᠃ ᠥᠷᠢ  ᠰᠢᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠠᠳᠬᠤᠨ᠎ᠠ᠃ ᠬᠢᠵᠢᠭ ᠤᠨ ᠪᠠᠶᠢᠳᠠᠯ ᠤᠨ  ᠳᠡᠯᠭᠡᠷᠡᠯᠳᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ  ᠡᠬᠦᠰᠬᠦ  ᠶᠢ ᠰᠡᠷᠭᠡᠶᠢᠯᠡᠬᠦ︾ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠤᠨ᠎ᠠ᠃ ᠭᠤᠤᠯᠳᠠᠯᠭ᠎ᠠ ᠲᠠᠢ ᠭᠠᠵᠠᠷ ᠣᠷᠣᠨ  ᠠᠴᠠ ᠬᠢᠶ᠎ᠠ ᠪᠠᠭᠰᠢ ᠳᠤ ᠢᠷᠡᠬᠦ ᠬᠥᠮᠦᠰ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ ᠬᠦᠢᠳᠡᠨ ᠢᠳᠡᠭᠡᠨ ᠪᠠ  ᠬᠦᠢᠳᠡᠨ ᠪᠤᠰᠤ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠲᠣᠣᠷ ᠢ ᠪᠦᠬᠦ ᠲᠠᠯ᠎ᠠ ᠪᠠᠷ ᠪᠠᠲᠤ ᠪᠠᠬᠢ ᠪᠠᠶᠢᠭᠤᠯᠵᠤ᠂ ᠰᠤᠷᠭᠠᠭᠤᠯᠢ᠂ ᠵᠠᠬ᠎ᠠ ᠳᠡᠯᠭᠡᠭᠦᠷ᠂ ᠬᠤᠳᠠᠯᠳᠤᠭᠠᠨ ᠤ ᠭᠡᠳᠤ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠪᠠᠶᠢᠴᠠᠭᠠᠯᠲᠠ ᠶᠢ ᠴᠢᠩᠭᠠᠳᠬᠠᠵᠤ᠂ ᠴᠤᠭᠯᠠᠷᠠᠯ ᠤᠨ ᠴᠢᠨᠠᠷᠲᠠᠶ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠬᠢᠨᠠᠨ  ᠪᠠᠶᠢᠴᠠᠭᠠᠯᠳᠠ ᠶᠢ ᠦᠷᠭᠦᠯᠵᠢᠯᠡᠨ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢ ᠠᠮᠤᠷ ᠲᠦᠪᠰᠢᠨ ᠡᠮᠬᠢ ᠵᠢᠷᠤᠮ ᠲᠠᠢ ᠠᠬᠢᠭᠤᠯᠤᠨ᠎ᠠ᠃ ᠤᠬᠠᠭᠤᠯᠤᠨ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠠᠷᠠᠳ ᠣᠯᠠᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠲᠡᠮᠡᠴᠡᠨ  ᠤᠯᠤᠨ᠎ᠠ᠃           ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠴᠡᠷᠢᠭ ᠠᠷᠠᠳ ᠤᠨ ᠠᠭᠤᠰᠤᠯᠴᠠᠬᠰᠠᠨ ᠬᠦᠭᠵᠢᠯᠳᠡ ᠶᠢ ᠠᠬᠢᠭᠤᠯᠤᠨ᠎ᠠ᠃  ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠤᠯᠠᠨ ᠲᠦᠮᠡᠨ ᠤ ᠪᠦᠯᠬᠦᠮ ᠤᠨ ᠠᠵᠢᠯ ᠢ ᠲᠡᠮᠵᠢᠵᠤ᠂ ᠭᠠᠳᠠᠭᠠᠳᠤ ᠶᠠᠪᠤᠳᠠᠯ᠂ ᠬᠠᠷᠢᠶᠠᠲᠤ ᠨᠠᠷ ᠤᠨ ᠶᠠᠪᠤᠳᠠᠯ᠂ ᠴᠠᠭ ᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠪᠣᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠤᠳ ᠢ ᠰᠠᠶᠢᠲᠤᠷ ᠬᠢᠨ᠎ᠠ᠃           ᠲᠦᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ           ᠲᠥᠯᠥᠭᠡᠯᠡᠭᠴᠢᠳ ᠡ︕ ᠣᠳᠣᠬᠢᠴᠢᠯᠠᠭᠰᠠᠨ ᠬᠢᠶ᠎ᠠ  ᠪᠠᠭᠰᠢ ᠶᠢᠨ  ᠪᠦᠳᠤᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠤ ᠡᠮᠦᠨ᠎ᠡ᠂ ᠪᠢᠳᠠ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠯᠢᠳᠡᠭ ᠢ ᠡᠭᠦᠳᠴᠦ ᠲᠡᠷᠢᠭᠦᠨ ᠤ ᠬᠢ ᠪᠤᠯᠬᠤ ᠪᠠᠷ ᠲᠡᠮᠡᠴᠡᠬᠦ ᠡᠷᠴᠢ ᠵᠣᠷᠢᠭ ᠢ ᠲᠠᠰᠤᠷᠠᠯᠲᠠ ᠦᠭᠡᠢ ᠬᠥᠭᠵᠢᠭᠡᠵᠦ᠂ ᠬᠢᠶ᠎ᠠ ᠪᠠᠭᠰᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠪᠠ ᠡᠭᠦᠷᠭᠡ ᠶᠢ ᠦᠨᠡᠨᠬᠦ ᠡᠭᠦᠷᠭᠡᠯᠡᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠬᠠᠷᠢᠭᠤᠴᠠᠯᠭ᠎ᠠ ᠰᠠᠶᠢᠨ᠂ ᠴᠢᠳᠠᠪᠤᠷᠢ ᠭᠠᠷᠮᠠᠭᠠᠢ᠂ ᠰᠤᠷᠲᠠᠯ  ᠪᠠᠲᠤ ᠴᠢᠩᠭ᠎ᠠ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃           ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠵᠥᠪ ᠴᠢᠭᠯᠡᠯ ᠢ ᠢᠮᠠᠭᠲᠠ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ᠎ᠠ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠶ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠬᠠᠯᠠᠮᠰᠢᠯ ᠪᠠ  ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠰᠠᠶᠢᠨ ᠠᠷᠭ᠎ᠠ ᠪᠤᠳᠤᠯᠭ᠎ᠠ ᠶᠢ ᠰᠦᠪᠡᠭᠴᠢᠯᠡᠵᠦ᠂ ᠪᠣᠳᠠᠲᠠᠶ ᠠᠵᠢᠯ ᠬᠢᠵᠦ᠂ ᠪᠣᠳᠠᠲᠤ ᠦᠷ᠎ᠡ ᠪᠦᠲᠦᠮᠵᠢ ᠤᠯᠬᠤ ᠶᠢ ᠡᠷᠬᠢᠮᠯᠡᠨ᠎ᠠ᠃           ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠤᠨ᠎ᠠ᠃  ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ  ᠰᠢᠢᠳᠪᠤᠷᠢ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠳᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠶᠠᠰᠤ ᠴᠢᠨᠠᠷ ᠢ ᠳᠡᠭᠡᠭᠰᠢᠯᠡᠬᠦᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ  ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃           ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠴᠢᠩᠭᠠᠳᠬᠠᠵᠤ᠂ ᠭᠦᠢᠴᠡᠳᠬᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠠ᠃ ᠡᠯ᠎ᠡ ᠱᠠᠲᠤᠨ ᠤ ᠺᠠᠳ᠋ᠷᠴᠤᠳ ᠤᠨ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ ᠤᠯᠤᠰ ᠲᠦᠷᠦ ᠶᠢᠨ ᠬᠤᠷᠴᠠ ᠰᠡᠷᠭᠡᠭ᠂ ᠬᠠᠳᠠ ᠴᠢᠯᠠᠭᠤ ᠮᠡᠲᠦ ᠪᠠᠲᠤ ᠴᠢᠩᠭ᠎ᠠ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ᠂ ᠵᠣᠷᠢᠭᠲᠠᠢ ᠪᠠᠷ ᠲᠡᠮᠡᠴᠡᠬᠦ ᠡᠷᠡᠮᠡᠭᠡᠶᠢᠯᠡᠨ ᠤᠷᠤᠭᠰᠢᠯᠠᠬᠤ ᠲᠦᠷᠢ ᠪᠠᠶᠢᠳᠠᠯ ᠢᠶᠠᠷ᠂ ᠠᠶᠤᠯ ᠲᠦᠭᠰᠢᠭᠦᠷᠢ ᠥᠷᠢᠰᠥᠯᠳᠦᠭᠡᠨ᠂ ᠠᠵᠢᠯ ᠤᠨ ᠬᠦᠴᠢᠷᠳᠡᠯ ᠪᠠ ᠵᠥᠷᠢᠴᠡᠯ ᠲᠡᠮᠡᠴᠡᠯ ᠤᠨ ᠳᠤᠮᠳᠠ ᠵᠣᠷᠢᠭᠲᠠᠢ ᠪᠠᠷ ᠤᠷᠤᠭᠰᠢᠯᠠᠵᠤ᠂  ᠵᠤᠷᠢᠬᠳᠠᠢ ᠪᠠᠷ ᠠᠵᠢᠯᠯᠠᠬᠤ ᠶᠢ ᠵᠣᠷᠢᠭᠵᠢᠭᠤᠯᠤᠨ᠎ᠠ᠃  ᠤᠷᠮᠠᠰᠢᠭᠤᠯᠤᠨ ᠵᠣᠷᠢᠭᠵᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠵᠣᠷᠢᠭᠲᠠᠢ ᠪᠠᠷ ᠡᠭᠦᠷᠭᠡᠯᠡᠳᠡᠭ᠂ ᠯᠠᠪᠳᠠᠭᠤᠨ ᠪᠠᠲᠤᠲᠠᠢ ᠠᠵᠢᠯᠯᠠᠳᠠᠭ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠳᠡᠭ ᠦᠭᠡᠢ ᠺᠠᠳ᠋ᠷ ᠲᠤ ᠲᠦᠰᠢᠭ ᠪᠤᠯᠵᠤ ᠡᠷᠴᠢ ᠵᠣᠷᠢᠭ ᠢ ᠨᠢ ᠬᠥᠪᠴᠢᠯᠡᠨ᠂ ᠵᠣᠷᠢᠭᠲᠠᠢ ᠪᠠᠷ ᠡᠭᠦᠷᠭᠡᠯᠡᠭᠴᠢ ᠶᠢ ᠢᠲᠡᠭᠡᠯ ᠵᠣᠷᠢᠭ ᠲᠠᠢ ᠪᠣᠯᠭᠠᠵᠤ᠂ ᠪᠣᠳᠠᠲᠠᠢ ᠠᠵᠢᠯᠯᠠᠨ ᠵᠢᠳᠬᠦᠯ ᠴᠢᠷᠮᠠᠶᠢᠯᠲᠠ ᠲᠠᠢ ᠬᠥᠮᠦᠰ ᠢ ᠬᠦᠰᠡᠯ ᠡᠷᠡᠮᠡᠯᠵᠡᠯ ᠲᠠᠢ ᠪᠣᠯᠭᠠᠨ᠎ᠠ᠃ ᠴᠢᠬᠤᠯᠠ ᠶᠡᠭᠡ ᠪᠠᠶᠢᠷᠢᠯᠠᠭᠤᠯᠤᠯᠲᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠤᠴᠢᠷ ᠶᠠᠪᠤᠳᠠᠯ  ᠳᠤ ᠬᠠᠷᠠᠯᠲᠠ᠂ ᠬᠠᠷᠢᠭᠤᠴᠠᠯᠭ᠎ᠠ᠂ ᠴᠠᠭ ᠤᠨ  ᠬᠢᠵᠠᠭᠠᠷᠯᠠᠯ ᠢ ᠲᠣᠭᠲᠠᠭᠠᠵᠤ᠂  ᠴᠢᠩᠭ᠎ᠠ ᠱᠠᠯᠠᠪᠳᠠᠭᠤᠯᠤᠨ ᠬᠦᠢᠴᠡᠳᠭᠡᠵᠤ᠂ ᠮᠥᠷᠳᠡᠵᠦ ᠦᠷ᠎ᠡ ᠪᠦᠲᠦᠮᠵᠢ ᠤᠯᠬᠤ ᠶᠢ ᠨᠢ  ᠨᠡᠭᠡᠮᠵᠢᠯᠡᠨ᠎ᠠ᠃           ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠵᠤ᠂ ᠵᠠᠰᠠᠭ ᠢ ᠴᠢᠩᠭ᠎ᠠ ᠵᠠᠰᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠭᠦᠨᠵᠡᠭᠡᠢ  ᠳᠤᠭᠤᠰᠢᠯᠠᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠷᠡᠰ ᠠᠷᠢᠯᠭᠠᠨ᠎ᠠ᠃ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠤᠬᠠᠮᠰᠠᠷ ᠢᠶᠠᠨ ᠨᠡᠮᠡᠭᠳᠡᠭᠦᠯᠦᠨ᠂ ᠡᠩ ᠤᠨ ᠵᠠᠷᠤᠯᠭ᠎ᠠ ᠶᠢ ᠪᠠᠭᠠᠰᠬᠠᠵᠤ᠂ ᠵᠠᠰᠠᠭ ᠤᠨ ᠣᠷᠳᠣᠨ ᠤ     ︽ᠭᠠᠮᠨᠠᠨ  ᠠᠷᠪᠢᠯᠠᠬᠤ︾ ᠪᠠᠷ ᠤᠯᠠᠨ ᠲᠦᠮᠡᠨ ᠤ ︽ᠰᠠᠶᠢᠨ ᠰᠠᠶᠢᠬᠠᠨ ᠠᠮᠢᠳᠤᠷᠠᠯ︾ ᠢ ᠰᠣᠯᠢᠵᠤ ᠠᠪᠴᠢᠷᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠲᠡᠮᠵᠢᠵᠤ᠂ ᠤᠯᠠᠨ ᠲᠦᠮᠡᠨ ᠤ ᠳᠡᠷᠭᠡᠳᠡᠬᠢ ᠡᠯ᠎ᠡ ᠵᠦᠢᠯ ᠤᠨ ᠢᠯᠵᠠᠷᠠᠯ ᠪᠠ ᠰᠤᠷᠲᠠᠯ ᠤᠨ ᠠᠰᠠᠭᠤᠳᠠᠯ ᠢ ᠭᠦᠨᠵᠡᠭᠡᠶ ᠪᠠᠶᠢᠴᠠᠭᠠᠨ ᠰᠢᠢᠳᠪᠤᠷᠢᠯᠡᠬᠦ ᠪᠠ ᠴᠡᠭᠴᠡᠯᠡᠨ ᠵᠠᠰᠠᠵᠤ᠂ ᠺᠠᠳ᠋ᠷ ᠲᠥᠪ ᠰᠢᠳᠤᠷᠭᠤ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠬᠡᠪ ᠲᠦᠷᠢᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃           ᠲᠥᠯᠥᠭᠡᠯᠡᠭᠴᠢᠳ ᠡ᠂ ᠵᠢᠷᠤᠭ ᠳᠦᠯᠦᠪᠯᠡᠭᠡ ᠨᠢ ᠠᠯᠤᠰ ᠤᠨ ᠦᠵᠡᠮᠵᠢ ᠶᠢ ᠵᠢᠷᠤᠭᠯᠠᠵᠤ᠂ ᠳᠠᠷᠪᠠᠭᠤᠯ ᠬᠡᠶᠢᠰᠬᠡᠨ ᠳᠠᠪᠠᠯᠭᠠᠨ  ᠵᠦᠰᠦᠨ ᠤᠷᠤᠭᠰᠢᠯᠠᠭᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠬᠦᠴᠦᠯᠡᠨ ᠴᠢᠷᠮᠠᠶᠢᠵᠤ᠂ ᠯᠠᠪᠳᠠᠭᠤᠨ ᠪᠠᠲᠤᠲᠠᠢ ᠠᠵᠢᠯᠯᠠᠵᠤ᠂ ︽ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ᠂  ᠵᠢᠱᠢᠶ᠎ᠠ ᠦᠵᠡᠭᠦᠯᠬᠦ ᠪᠠᠷ ᠴᠢᠷᠮᠠᠶᠢᠬᠤ᠂ ᠡᠮᠦᠨ᠎ᠡ ᠡᠩᠨᠡᠭᠡᠨ ᠳᠤ ᠶᠠᠪᠤᠬᠤ︾ ᠲᠡᠮᠡᠴᠡᠯ ᠤᠨ ᠣᠪᠣᠷ ᠪᠠᠶᠢᠳᠠᠯ ᠪᠣᠯᠤᠨ ︽ᠬᠥᠭᠵᠢᠯᠲᠡ ᠶᠢᠨ ᠬᠤᠷᠳᠤᠴᠠ ᠶᠢ ᠲᠡᠷᠢᠭᠦᠨ ᠳᠤ ᠣᠷᠣᠭᠤᠯᠬᠤ ᠪᠠᠷ ᠴᠢᠷᠮᠠᠶᠢᠬᠤ᠂ ᠬᠥᠭᠵᠢᠯᠲᠡ ᠶᠢᠨ ᠶᠠᠰᠤ ᠴᠢᠨᠠᠷ ᠢᠶᠠᠷ ᠵᠢᠱᠢᠶ᠎ᠠ ᠦᠵᠡᠭᠦᠯᠬᠦ ᠶᠢ ᠬᠦᠳᠦᠯᠦᠨ ᠳᠠᠭᠠᠭᠤᠯᠬᠤ᠂ ᠬᠤᠪᠢ ᠨᠡᠮᠡᠷᠢ ᠶᠡᠭᠡ ᠦᠵᠡᠬᠦᠯᠬᠦ ᠪᠠᠷ  ᠬᠦᠭᠡᠭᠡᠵᠤ ᠬᠦᠢᠴᠡᠨ ᠳᠠᠪᠠᠵᠤ ᠭᠠᠷᠬᠤ︾ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ ᠨᠡᠷᠡᠰ ᠤᠨ ᠲᠠᠶᠢᠯᠪᠤᠷᠢ               ᠲᠠᠪᠤᠨ  ᠬᠤᠯᠪᠤᠭᠠᠯᠠᠯ᠄ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠭᠰᠠᠨ᠂ ᠨᠡᠶᠢᠭᠡᠮ ᠤᠨ ᠠᠵᠢᠯᠲᠠᠨ ᠢᠶᠠᠷ ᠲᠤᠯᠭᠠᠭᠤᠷᠢᠯᠠᠯ ᠪᠣᠯᠭᠠᠭᠰᠠᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠭᠰᠠᠨ᠂ ᠨᠡᠶᠢᠭᠡᠮ ᠲᠣᠭᠤᠷᠢᠭ ᠤᠨ ᠰᠠᠶᠢᠨ  ᠳᠤᠷᠠᠴᠤᠤᠯ ᠢᠶᠠᠷ ᠬᠠᠪᠰᠤᠷᠤᠮᠵᠢ ᠪᠣᠯᠭᠠᠭᠰᠠᠨ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠡᠬᠢ ᠪᠠᠶᠠᠯᠢᠭ ᠢᠶᠠᠷ ᠨᠥᠬᠦᠪᠥᠷᠢ ᠪᠣᠯᠭᠠᠭᠰᠠᠨ ᠨᠡᠶᠢᠭᠡᠮ ᠲᠣᠭᠤᠷᠢᠭ ᠤᠨ ᠰᠢᠨ᠎ᠡ ᠮᠠᠶ᠋ᠢᠭ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠣᠶ᠃           ᠭᠤᠣᠯ ᠮᠥᠷᠡᠨ ᠨᠠᠭᠤᠷ ᠪᠦᠢᠷᠳᠤ ᠶᠢᠨ ᠳᠥᠷᠪᠡᠨ ᠳᠤᠷ᠎ᠠ ᠪᠠᠷ᠄ ᠡᠨᠡ ᠨᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ  ᠮᠠᠯᠳᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠤᠨ ᠲᠣᠪᠴᠢ ᠨᠡᠷᠡᠶᠢᠳᠦᠯ ᠪᠣᠯᠤᠨ᠎ᠠ᠃            ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠶᠠᠷ ᠢ ᠬᠦᠩᠭᠡᠷᠡᠬᠦᠯᠬᠦ᠄ ᠡᠨᠡ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠦᠩᠭᠡᠷᠡᠬᠦᠯᠬᠦ ᠶᠢ ᠵᠢᠭᠠᠵᠤ ᠪᠤᠢ᠃            ᠲᠦᠷᠪᠡᠨ ᠰᠢᠨ᠎ᠡ ᠠᠵᠤ ᠠᠬᠤᠶ᠄ ︽ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ︾ ᠤᠨ ᠠᠵᠤ ᠠᠬᠤᠶ ᠶᠢᠨ ᠬᠡᠯᠪᠡᠷᠢ ᠶᠢ ᠵᠢᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠤᠪᠢᠰᠬᠠᠯ᠂ ᠰᠢᠨ᠎ᠡ ᠠᠵᠤ ᠦᠢᠯᠡᠳᠪᠦᠷᠢ ᠶᠢᠨ ᠬᠤᠪᠢᠰᠬᠠᠯ ᠵᠢᠴᠢ ᠦᠢᠯᠡᠳᠬᠦ ᠦᠢᠯᠡᠰ  ᠢ ᠦᠢᠯᠡᠴᠢᠯᠡᠭᠡᠨ ᠤ ᠦᠢᠯᠡᠰ ᠲᠠᠢ ᠠᠭᠤᠰᠤᠯᠴᠠᠭᠤᠯᠤᠨ ᠬᠥᠭᠵᠢᠭᠦᠯᠦᠭᠰᠡᠨ ᠠᠬᠤᠶ ᠪᠠᠶᠢᠳᠠᠯ ᠳᠣᠣᠷ᠎ᠠ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠥᠷᠭᠡᠨ ᠢᠶᠠᠷ ᠣᠷᠣᠭᠤᠯᠬᠤ ᠪᠠ ᠬᠡᠷᠡᠭᠯᠡᠭᠡᠨ ᠢ ᠭᠦᠨᠵᠡᠭᠡᠶᠢᠷᠡᠭᠦᠯᠬᠦ ᠪᠠᠷ ᠰᠠᠭᠤᠷᠢ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠦᠨᠳᠦᠰᠦᠨ ᠤᠳᠤᠷᠢᠳᠤᠮᠵᠢ ᠪᠣᠯᠭᠠᠵᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡᠨ ᠤ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ ᠪᠠᠷ ᠳᠣᠲᠣᠭᠠᠳᠤ ᠴᠥᠮ᠎ᠡ ᠪᠣᠯᠭᠠᠬᠤ ᠶᠢᠨ ᠬᠠᠮᠲᠤ ᠬᠠᠷᠢᠯᠴᠠᠨ ᠠᠭᠤᠰᠤᠯᠴᠠᠭᠰᠠᠨ ᠰᠢᠨ᠎ᠡ ᠬᠡᠯᠪᠡᠷᠢ ᠶᠢᠨ ᠠᠵᠤ ᠠᠬᠤᠶ ᠶᠢᠨ ᠬᠡᠯᠪᠡᠷᠢ ᠪᠠᠶᠢᠳᠠᠯ ᠪᠣᠯᠤᠨ᠎ᠠ᠃            ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠭᠡᠮᠵᠢᠭᠳᠡᠯ ᠳᠤ ᠬᠥᠷᠭᠡᠬᠦ᠄ ᠡᠨᠡ ᠨᠢ ᠶᠠᠮᠠᠷ ᠨᠢᠭᠡᠨ ᠭᠠᠵᠠᠷ ᠣᠷᠣᠨ ᠪᠤᠶᠤ ᠠᠵᠢᠯ ᠲᠥᠷᠥᠯ ᠤᠨ  ᠬᠢᠨ ᠤ ᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠲᠡᠤᠬᠡ ᠶᠢᠨ ᠬᠠᠮᠤᠭ ᠤᠨ ᠥᠨᠳᠥᠷ ᠬᠡᠮᠵᠢᠭᠳᠡᠯ ᠳᠤ ᠬᠦᠷᠴᠦ ᠂ ᠳᠠᠷᠠᠭ᠎ᠠ ᠨᠢ ᠲᠠᠪᠴᠠᠩ ᠤᠨ ᠬᠤᠭᠤᠴᠠᠭ᠎ᠠ ᠶᠢ ᠥᠩᠭᠡᠷᠡᠭᠡᠨ ᠦᠷᠭᠦᠯᠵᠢᠯᠡᠨ ᠪᠠᠭᠤᠷᠠᠬᠤ ᠶᠠᠪᠤᠴᠠ ᠳᠤ ᠣᠷᠣᠬᠤ ᠶᠢ ᠵᠢᠭᠠᠵᠤ ᠪᠣᠶ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠡᠮᠡᠭᠳᠡᠵᠦ ᠪᠠᠶᠢᠭᠰᠠᠨ ᠠᠴᠠ ᠪᠠᠨ ᠪᠠᠭᠤᠷᠠᠬᠤ ᠲᠡᠤᠬᠡ ᠶᠢᠨ ᠡᠷᠭᠢᠯᠲᠡ ᠶᠢᠨ ᠴᠡᠭ ᠪᠠᠶᠢᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠠᠵᠤ ᠠᠬᠤᠶ ᠶᠢᠨ ᠬᠥᠭᠵᠢᠯᠲᠡ ᠠᠴᠠ ᠰᠠᠯᠭᠠᠬᠤ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠂ ᠣᠷᠭᠢᠯ ᠭᠡᠮᠵᠢᠭᠳᠡᠯ ᠳᠤ ᠬᠥᠷᠭᠡᠬᠦ ᠬᠠᠷᠠᠯᠲᠠ ᠳᠤ ᠣᠷᠭᠢᠯ ᠭᠡᠮᠵᠢᠭᠳᠡᠯ ᠳᠤ ᠬᠥᠷᠭᠡᠬᠦ ᠣᠨ ᠵᠢᠯ ᠪᠠ ᠣᠷᠭᠢᠯ ᠤᠨ ᠬᠡᠮᠵᠢᠭᠳᠡᠯ ᠢ ᠪᠠᠭᠲᠠᠭᠠᠨ᠎ᠠ᠃           ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠢ ᠰᠠᠭᠠᠷᠮᠠᠭᠵᠢᠭᠤᠯᠬᠤ᠄ ᠡᠨᠡ ᠨᠢ ᠶᠠᠮᠠᠷ ᠨᠢᠭᠡᠨ ᠭᠠᠵᠠᠷ ᠣᠷᠣᠨ  ᠵᠣᠬᠢᠬᠤ ᠬᠤᠭᠤᠴᠠᠭᠠᠨ ᠳᠣᠲᠣᠷ᠎ᠠ ︵ᠶᠡᠷᠦ ᠳᠡᠭᠡᠨ ᠨᠢᠭᠡ ᠵᠢᠯ ᠢ ᠵᠢᠭᠠᠨ᠎ᠠ︶ ᠵᠣᠷᠢᠭᠤᠳᠠ ᠠᠵᠢᠯᠯᠠᠭ᠎ᠠ ᠬᠢᠵᠦ ᠰᠢᠭᠤᠳ ᠪᠤᠶᠤ ᠳᠠᠮ ᠢᠶᠠᠷ ᠭᠠᠳᠠᠭᠰᠢᠯᠠᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠮᠣᠳᠣ ᠲᠠᠷᠢᠵᠤ ᠣᠶᠢᠵᠢᠭᠤᠯᠬᠤ ᠵᠡᠷᠭᠡ ᠠᠷᠭ᠎ᠠ ᠪᠠᠷ ᠳᠠᠮᠵᠢᠨ ᠬᠤᠷᠢᠶᠠᠨ ᠠᠪᠴᠢᠷᠠᠬᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠢ ᠬᠠᠷᠢᠯᠴᠠᠨ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ᠃           ᠭᠤᠷᠪᠠᠨ ᠤᠳᠠᠭᠠᠨ ᠤ ᠬᠤᠪᠢᠶᠠᠷᠢᠯᠠᠯᠲᠠ᠄ ᠡᠨᠡ ᠨᠢ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠣᠷᠠᠬᠢ ᠣᠷᠣᠯᠭ᠎ᠠ ᠶᠢᠨ ᠬᠤᠪᠢᠶᠠᠷᠢᠯᠠᠯᠲᠠ ᠳᠤ ᠭᠤᠷᠪᠠᠨ ᠤᠳᠠᠭᠠᠨ ᠤ ᠬᠤᠪᠢᠶᠠᠷᠢᠯᠠᠯᠲᠠ ᠬᠢᠬᠦ ᠶᠢ ᠪᠠᠭᠲᠠᠭᠠᠨ᠎ᠠ᠄ ᠨᠢᠭᠡᠳᠦᠭᠡᠷ ᠤᠳᠠᠭ᠎ᠠ ᠨᠢ ᠵᠠᠬ᠎ᠠ ᠳᠡᠯᠭᠡᠭᠦᠷ ᠠᠴᠠ ᠦᠷ᠎ᠡ ᠠᠰᠢᠭ ᠤᠯᠬᠤ ᠵᠠᠷᠴᠢᠮ ᠢᠶᠠᠷ ᠨᠢ ᠬᠢᠭᠰᠡᠨ ᠬᠤᠪᠢᠶᠠᠷᠢᠯᠠᠯᠲᠠ︔ ᠬᠤᠶᠠᠳᠤᠭᠠᠷ ᠤᠳᠠᠭ᠎ᠠ ᠨᠢ ᠵᠠᠰᠠᠭ ᠤᠨ ᠣᠷᠳᠣᠨ ᠠᠴᠠ ᠭᠤᠣᠯᠴᠢ ᠪᠠᠶᠢᠬᠤ ᠪᠠ ᠦᠷ᠎ᠡ ᠪᠦᠲᠦᠮᠵᠢ ᠲᠠᠢ ᠪᠠᠶᠢᠬᠤ ᠶᠢ ᠬᠠᠮᠲᠤ ᠳᠤᠨᠢ ᠬᠠᠷᠠᠭᠠᠯᠵᠠᠵᠤ᠂ ᠭᠤᠣᠯᠴᠢ ᠪᠠᠶᠢᠬᠤ ᠶᠢ  ᠨᠡᠩ ᠴᠢᠬᠤᠯᠠᠴᠢᠯᠠᠬᠤ ᠵᠠᠷᠴᠢᠮ ᠶᠣᠰᠣᠭᠠᠷ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ ᠵᠡᠷᠭᠡ ᠪᠠᠷ ᠳᠠᠮᠵᠢᠭᠤᠯᠤᠨ ᠬᠢᠭᠰᠡᠨ ᠲᠠᠬᠢᠨ ᠬᠤᠪᠢᠶᠠᠷᠢᠯᠠᠯᠳᠠ︔ ᠭᠤᠷᠪᠠᠳᠤᠭᠠᠷ ᠤᠳᠠᠭ᠎ᠠ ᠨᠢ ᠶᠣᠰᠣ ᠮᠣᠷᠠᠯ ᠤᠨ ᠬᠦᠴᠦᠨ ᠤ ᠠᠬᠢᠭᠤᠯᠤᠯ ᠳᠣᠣᠷ᠎ᠠ ᠨᠢᠭᠦᠯᠡᠰᠦᠩᠭᠦᠶ ᠶᠢᠨ ᠬᠠᠨᠳᠢᠪᠯᠠᠬᠤ ᠠᠵᠢᠯᠯᠠᠭ᠎ᠠ ᠬᠢᠬᠦ ᠵᠡᠷᠭᠡ ᠬᠡᠯᠪᠡᠷᠢ ᠪᠠᠷ  ᠬᠢᠭᠰᠡᠨ ᠬᠤᠪᠢᠶᠠᠷᠢᠯᠠᠯᠳᠠ᠃            ᠳᠡᠯᠡᠭᠡᠢ ᠳᠤ ᠬᠤᠤᠰ ᠦᠭᠡᠢ ᠠᠵᠤ ᠠᠬᠤᠶᠢᠯᠠᠯ᠄ ᠡᠨᠡ ᠨᠢ 10 ᠳ᠋ᠦᠩᠰᠢᠭᠤᠷ ᠳ᠋ᠣᠯᠯᠠᠷ ᠠᠴᠠ ᠳᠡᠭᠡᠭᠰᠢᠬᠢ ᠵᠢᠱᠢᠯᠲᠡ ᠬᠡᠮᠵᠢᠭᠳᠡᠯ ᠲᠠᠢ ᠪᠥᠭᠡᠳ ᠡᠭᠦᠳᠦᠨ ᠪᠠᠶᠢᠭᠤᠯᠤᠭᠰᠠᠨ ᠴᠠᠭ ᠨᠢ ᠬᠠᠷᠢᠴᠠᠩᠭᠤᠶ ᠣᠬᠤᠷ ᠺᠣᠮᠫᠠᠨᠢ ᠶᠢ ᠵᠢᠭᠠᠵᠤ ᠪᠣᠶ᠂ ᠬᠥᠭᠵᠢᠯᠲᠡ ᠶᠢᠨ ᠢᠷᠡᠭᠡᠳᠦᠶ ᠪᠠᠷ ᠨᠡᠯᠢᠶᠡᠳ ᠰᠠᠶᠢᠨ ᠠᠩᠬᠠᠨ ᠤ ᠡᠭᠦᠳᠦᠯᠲᠡ ᠶᠢᠨ ᠠᠵᠤ ᠠᠬᠤᠶᠢᠯᠠᠯ ᠢ ᠳᠦᠷᠰᠦᠯᠡᠬᠦ ᠳᠤ ᠦᠷᠭᠦᠯᠵᠢ ᠬᠡᠷᠡᠭᠯᠡᠳᠡᠭ᠃            ᠲᠣᠭᠲᠠᠭᠠᠯ ᠳᠤ ᠲᠣᠭᠲᠠᠭᠠᠭᠰᠠᠨ ᠠᠵᠤ ᠠᠬᠤᠶᠢᠯᠠᠯ ᠤᠨ ᠭᠤᠷᠪᠠ  ᠦᠭᠡᠢ᠄ ᠡᠨᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠰᠤᠳᠤᠯᠤᠨ ᠨᠡᠭᠡᠭᠡᠬᠦ  ᠪᠡᠯᠡ ᠣᠷᠣᠭᠤᠯᠤᠯᠲᠠ ᠥᠬᠡᠶ᠂ ᠰᠤᠳᠤᠯᠤᠨ ᠨᠡᠭᠡᠭᠡᠬᠦ ᠪᠠᠶᠢᠭᠤᠯᠤᠮᠵᠢ ᠥᠬᠡᠶ᠂ ᠡᠭᠦᠳᠦᠯᠲᠡ ᠶᠢᠨ ᠲᠤᠰᠬᠠᠶ ᠠᠰᠢᠭ ᠤᠨ ᠡᠷᠭᠡ ᠥᠬᠡᠶ ︽ᠭᠤᠷᠪᠠ  ᠦᠭᠡᠢ ︾  ᠪᠤᠯᠬᠤ ᠶᠢ ᠪᠡᠶᠡᠯᠡᠭᠦᠯᠬᠦ ᠶᠢ ᠵᠢᠭᠠᠵᠤ ᠪᠣᠶ᠃           ᠭᠤᠷᠪᠠᠨ ᠬᠡᠮᠵᠢᠯᠳᠦ ᠪᠡᠶᠡᠲᠦ ᠬᠤᠲᠠ ᠶᠢᠨ ᠵᠠᠭᠪᠤᠷ᠄ ᠭᠤᠷᠪᠠᠨ ᠬᠡᠮᠵᠢᠯᠳᠦ ᠵᠠᠭᠪᠤᠷ ᠪᠠᠶᠢᠭᠤᠯᠬᠤ ᠵᠡᠷᠭᠡ ᠲᠡᠷᠢᠭᠦᠨ ᠤ ᠮᠡᠷᠭᠡᠵᠢᠯ ᠢ ᠠᠰᠢᠭᠯᠠᠨ ᠪᠠᠶᠢᠭᠤᠯᠤᠭᠰᠠᠨ ᠬᠤᠲᠠ ᠶᠢᠨ ᠪᠣᠳᠠᠲᠤ ᠦᠵᠡᠮᠵᠢ ᠶᠢᠨ ᠭᠤᠷᠪᠠᠨ ᠬᠡᠮᠵᠢᠯᠳᠦ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠵᠠᠭᠪᠤᠷ ᠨᠢ ᠬᠤᠲᠠ ᠶᠢᠨ ᠠᠬᠤᠶ ᠪᠠᠶᠢᠳᠠᠯ ᠢ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠣᠯᠠᠨ ᠡᠬᠢᠲᠦ ᠣᠯᠠᠨ ᠲᠥᠷᠥᠯ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠤᠷᠠᠮᠳᠤᠭᠤᠯᠵᠤ ᠂ ᠡᠯ᠎ᠡ ᠬᠡᠷᠡᠭᠯᠡᠭᠡᠨ ᠤ ᠬᠦᠷᠢᠶ᠎ᠡ ᠴᠠᠷᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠶᠢ ᠵᠢᠭᠠᠵᠤ ᠪᠣᠶ᠃           ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ᠄ ᠡᠨᠡ ᠨᠢ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠶᠢ ᠣᠷᠭᠠᠨᠢᠭ ᠢᠶᠠᠷ ᠤᠶᠠᠯᠳᠤᠭᠤᠯᠵᠤ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ ᠵᠠᠰᠠᠭ ᠵᠠᠬᠢᠷᠭᠠᠨ ᠤ  ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠂ ᠵᠥᠪᠳᠡᠯᠴᠡᠬᠦ᠂  ᠬᠦᠳᠤᠯᠤᠨ ᠵᠢᠯᠣᠭᠤᠳᠬᠤ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠥᠷᠢᠴᠡᠯ ᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ  ᠰᠢᠢᠳᠪᠤᠷᠢᠯᠡᠬᠦ‍ ᠨᠢᠭᠡ ᠵᠦᠢᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠵᠢᠭᠠᠵᠤ ᠪᠠᠶᠢᠨ᠎ᠠ᠃         
ᠢᠷᠡᠯᠲᠡ᠄ ᠳᠣᠰ ᠰᠦᠯᠵᠢᠶ᠎ᠡ