ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠠᠨ ᠲᠡᠭᠡᠷᠡᠬᠢ ᠵᠢᠭᠠᠨ ᠰᠤᠷᠭᠠᠯᠳᠠ ᠶᠢᠨ ᠠᠵᠢᠯ ᠢ ᠰᠠᠶᠢᠳᠤᠷ ᠬᠢᠬᠦ ᠲᠤᠬᠠᠢ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/10/10
     ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠴᠠᠬᠢᠯᠭᠠᠴᠢᠯᠬᠠᠰᠠᠨ ᠰᠤᠷᠭᠠᠨ ᠬᠥᠮᠦᠵᠢᠯ ᠤᠨ ᠣᠷᠳᠣᠨ᠂ ᠵᠢᠭᠠᠨ ᠰᠤᠳᠤᠯᠬᠤ ᠲᠠᠰᠤᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠤᠷᠭᠠᠭᠤᠯᠢ ᠳᠤ᠄    ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︽ᠠᠵᠢᠯ ᠤᠨ ᠵᠢᠭᠠᠪᠤᠷᠢ ︵ᠠᠷᠪᠠᠨ ᠨᠢᠭᠡ︶ ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠠᠭᠰᠢ ᠰᠤᠷᠤᠭᠴᠢᠳ ᠤᠨ ᠡᠷᠡᠭᠦᠯ ᠮᠡᠨᠳᠦ᠂ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠦᠯᠦ᠋ᠭᠡ᠂ ᠡᠳᠦᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠴᠢᠶᠡᠯ ᠵᠣᠭᠰᠣᠬᠤ ᠬᠤᠭᠤᠴᠠᠭᠠᠨ ᠳᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠡᠬᠢᠯᠡᠨ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠬᠢᠵᠢᠭ ᠤᠨ ᠪᠠᠶᠢᠳᠠᠯ ᠤᠨ ᠵᠢᠭᠠᠨ ᠰᠤᠷᠭᠠᠯᠲᠠ ᠶᠢᠨ ᠠᠬᠢᠴᠠ ᠳᠤ ᠦᠵᠡᠭᠦᠯᠬᠦ ᠨᠥᠯᠥ᠋ᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠲᠤᠤᠷ᠎ᠠ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯ ᠤᠨ ᠱᠠᠭᠠᠷᠳᠠᠯᠭ᠎ᠠ ᠶᠢ ᠳᠤᠷᠠᠳᠤᠶ᠎ᠠ᠃           ᠨᠢᠭᠡ᠂ ᠰᠦᠯᠵᠢᠶᠡᠨ ᠳᠡᠭᠡᠷ᠎ᠠ ᠵᠢᠭᠠᠨ ᠰᠤᠷᠭᠠᠬᠤ ᠣᠨ ᠪᠠ ᠴᠠᠭ           ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠣᠨ ᠳᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠨᠢᠭᠡᠳᠦᠯᠲᠡᠶ ᠥᠷᠨᠢᠭᠦᠯᠬᠦ ᠥᠬᠡᠶ᠂ ᠬᠡᠷ ᠤᠨ ᠠᠬᠠᠮᠠᠳ ᠪᠣᠯᠤᠨ ᠰᠤᠷᠤᠭᠴᠢᠳ ᠰᠠᠶᠢᠨ ᠳᠤᠷ᠎ᠠ ᠠᠴᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠬᠠᠮᠢᠶ᠎ᠠ ᠪᠥᠬᠦᠶ ᠲᠠᠪᠴᠠᠩ ᠤᠨ ᠬᠠᠩᠭᠠᠭᠰᠠᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠡᠬᠢ ᠪᠠᠶᠠᠯᠢᠭ ᠢ ᠰᠣᠩᠭᠤᠵᠤ ᠪᠡᠶ᠎ᠡ ᠪᠠᠨ ᠳᠠᠭᠠᠭᠠᠵᠤ ᠰᠤᠷᠤᠯᠴᠠᠨ᠎ᠠ᠃ ᠪᠠᠭᠰᠢ ᠨᠠᠷ ᠬᠡᠷ ᠤᠨ ᠠᠬᠠᠮᠠᠳ ᠪᠤᠯᠤᠨ ᠰᠤᠷᠭᠠᠭᠤᠯᠢ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠰᠤᠷᠤᠭᠴᠢᠳ ᠢ ᠵᠢᠯᠣᠭᠤᠳᠤᠨ ᠰᠦᠯᠵᠢᠶᠡᠨ ᠠᠴᠠ ᠭᠠᠳᠠᠭᠤᠷ ᠪᠡᠶ᠎ᠡ ᠪᠠᠨ ᠳᠠᠭᠠᠭᠠᠨ ᠰᠤᠷᠤᠯᠴᠠᠬᠤ ᠶᠢ ᠰᠠᠶᠢᠲᠤᠷ ᠳᠣᠭᠢᠷᠠᠭᠤᠯᠬᠤ ᠬᠡᠷᠡᠭᠲᠡᠶ᠂ ᠪᠢᠴᠢᠬᠦ ᠬᠡᠷ ᠤᠨ ᠳᠠᠰᠬᠠᠯ ᠳᠠᠭᠠᠭᠠᠯᠭᠠᠵᠤ ᠪᠣᠯᠬᠤ ᠥᠬᠡᠶ᠃ ᠪᠠᠭ᠎ᠠ ᠰᠤᠷᠭᠠᠭᠤᠯᠢ ᠶᠢᠨ ᠳᠥᠷᠪᠡᠳᠦᠭᠡᠷ ᠤᠨ ᠠᠴᠠ ᠵᠢᠷᠭᠤᠳᠤᠭᠠᠷ ᠣᠨ ᠤ ᠡᠳᠦᠷ ᠪᠦᠷᠢ ᠶᠢᠨ ᠰᠦᠯᠵᠢᠶᠡᠨ ᠳᠡᠭᠡᠷ᠎ᠡ ᠰᠤᠷᠤᠯᠴᠠᠬᠤ ᠴᠠᠭ ᠢ ᠵᠠᠷᠴᠢᠮ ᠳᠡᠭᠡᠷ᠎ᠡ ᠪᠠᠨ 1 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠬᠡᠷ ᠤᠨ ᠳᠠᠰᠬᠠᠯ ᠢ 1 ᠴᠠᠭ ᠤᠨ ᠳᠣᠲᠣᠷ᠎ᠠ ᠬᠢᠵᠠᠭᠠᠷᠯᠠᠵᠤ᠂ ᠰᠣᠷᠣᠭᠴᠢᠳ ᠤᠨ ᠰᠦᠯᠵᠢᠶᠡᠨ ᠳᠡᠭᠡᠷ᠎ᠡ ᠰᠤᠷᠤᠯᠴᠠᠬᠤ ᠴᠠᠭ ᠬᠡᠲᠦ ᠣᠷᠳᠣ ᠪᠣᠯᠬᠤ ᠪᠠ ᠳᠠᠰᠬᠠᠯ ᠲᠠᠭᠠᠭᠠᠯᠭᠠᠪᠤᠷᠢ ᠶᠢᠨ ᠳᠠᠷᠤᠭᠠᠰᠤ ᠬᠡᠲᠦ ᠬᠦᠨᠳᠦᠷᠡᠬᠦ ᠠᠴᠠ ᠵᠠᠶᠢᠯᠠᠰᠭᠢᠬᠤ ᠬᠡᠷᠡᠭᠲᠡᠶ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠡᠳᠦᠷ ᠪᠦᠷᠢ ᠶᠢᠨ ᠰᠦᠯᠵᠢᠶᠡᠨ ᠳᠡᠭᠡᠷ᠎ᠡ ᠰᠤᠷᠤᠯᠴᠠᠬᠤ ᠴᠠᠭ ᠢ ᠵᠠᠷᠴᠢᠮ ᠳᠡᠭᠡᠷ᠎ᠡ ᠪᠠᠨ 2 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠬᠡᠷ ᠤᠨ ᠳᠠᠰᠬᠠᠯ ᠢ 1.5 ᠴᠠᠭ ᠤᠨ ᠳᠣᠲᠣᠷ᠎ᠠ ᠬᠢᠵᠠᠭᠠᠷᠯᠠᠨ᠎ᠠ ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠪᠠ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠯ᠎ᠡ ᠣᠨ ᠤ ᠡᠳᠦᠷ ᠪᠦᠷᠢ ᠶᠢᠨ ᠰᠦᠯᠵᠢᠶᠡᠨ ᠳᠡᠭᠡᠷ᠎ᠡ ᠰᠤᠷᠤᠯᠴᠠᠬᠤ ᠴᠠᠭ ᠢ ᠵᠠᠷᠴᠢᠮ ᠳᠡᠭᠡᠷ᠎ᠡ ᠪᠠᠨ 3 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠪᠠ ᠡᠩ ᠤᠨ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠬᠡᠷ ᠤᠨ ᠳᠠᠰᠬᠠᠯ ᠢ 2 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠲᠡᠭᠡᠳᠦ ᠵᠡᠷᠭᠡ ᠶᠢᠨ ᠭᠤᠷᠪᠠᠳᠤᠭᠠᠷ ᠣᠨ ᠤ ᠬᠡᠷ ᠤᠨ ᠳᠠᠰᠬᠠᠯ ᠢ 3 ᠴᠠᠭ ᠠᠴᠠ ᠬᠡᠲᠦᠷᠡᠭᠦᠯᠵᠦ ᠪᠣᠯᠬᠤ ᠥᠬᠡᠶ᠃ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠢᠴᠢᠶᠡᠯ ᠪᠦᠷᠢ ᠶᠢᠨ ᠵᠢᠭᠠᠨ ᠰᠤᠷᠭᠠᠯᠲᠠ ᠶᠢᠨ ᠴᠠᠭ ᠢ 30 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠯ᠎ᠡ ᠣᠨ ᠤ ᠬᠢᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠤᠷᠳᠤᠳᠬᠠᠨ᠎ᠠ᠃          ᠬᠤᠶᠠᠷ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠭᠤᠯᠭ᠎ᠠ ᠪᠠ ᠱᠠᠭᠠᠷᠳᠠᠯᠭ᠎ᠠ         ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠣᠷᠣᠨ ᠲᠤᠭᠤᠷᠢᠭ ᠢ ᠨᠢᠭᠡᠳᠦᠯᠲᠡᠶ ᠲᠥᠯᠥ᠋ᠪᠵᠢᠭᠦᠯᠬᠦ᠂ ᠰᠤᠷᠭᠠᠭᠤᠯᠢ ᠠᠴᠠ ᠬᠡᠷᠡᠭᠵᠢᠭᠦᠯᠬᠦ ᠵᠠᠷᠴᠢᠮ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ᠂ ᠰᠤᠷᠭᠠᠭᠤᠯᠢ ᠨᠤᠭᠤᠳ ᠰᠢᠯᠢᠳᠡᠭ ᠪᠠᠭᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠵᠢᠭᠠᠨ ᠰᠤᠷᠭᠠᠯᠲᠠ ᠶᠢᠨ ᠠᠬᠢᠴᠠ ᠪᠠ ᠠᠭᠤᠯᠭ᠎ᠠ ᠪᠠᠨ ᠥᠪᠡᠷ ᠢᠶᠠᠨ ᠲᠣᠭᠲᠠᠭᠠᠵᠤ᠂ ᠠᠵᠢᠯᠯᠠᠵᠤ ᠠᠮᠠᠷᠠᠬᠤ ᠴᠠᠭ ᠤᠨ ᠬᠦᠰᠦᠨᠦᠭᠲᠦ᠂ ᠵᠢᠭᠠᠨ ᠰᠤᠷᠭᠠᠯᠲᠠ ᠶᠢᠨ ᠲᠥᠯᠥ᠋ᠪᠯᠡᠭᠡ ᠪᠠ ᠬᠢᠴᠢᠶᠡᠯ ᠤᠨ ᠬᠦᠰᠦᠨᠦᠭᠲᠦ ᠶᠢ ᠲᠣᠭᠲᠠᠭᠠᠵᠤ᠂ ᠰᠦᠯᠵᠢᠶᠡᠨ ᠳᠡᠭᠡᠷᠡᠬᠢ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠶᠠᠪᠤᠴᠠ ᠳᠤ ᠬᠢᠵᠢᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠬᠤᠯᠠᠴᠢᠯᠠᠵᠤ᠂ ᠡᠬᠡ ᠣᠷᠣᠨᠴᠢ ᠦᠵᠡᠯ ᠤᠨ ᠬᠥᠮᠦᠵᠢᠯ᠂ ᠠᠮᠢ ᠨᠠᠰᠤᠨ ᠤ ᠬᠥᠮᠦᠵᠢᠯ ᠂ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠶᠡᠷᠦᠩᠬᠡᠶᠢᠯᠡᠭᠰᠡᠨ ᠦᠶ᠋ᠯᠡᠳᠦᠯᠭᠡ ᠶᠢᠨ ᠬᠥᠮᠦᠵᠢᠯ ᠢ ᠴᠢᠬᠤᠯᠠᠴᠢᠯᠠᠨ ᠴᠢᠩᠭᠠᠳᠬᠠᠵᠤ᠂ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠯᠭ᠎ᠠ ᠶᠢ ᠵᠢᠭᠠᠨ ᠵᠢᠯᠤᠭᠤᠳᠤᠨ ᠥᠷᠨᠢᠭᠦᠯᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠨ ᠰᠤᠷᠤᠯᠴᠠᠬᠤ ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠᠴᠢᠯᠠᠬᠤ ᠬᠡᠷᠡᠭᠲᠡᠶ᠃ ᠪᠠᠭᠰᠢ ᠨᠠᠷ ᠰᠤᠷᠤᠭᠴᠢᠳ ᠢ ᠵᠢᠯᠣᠭᠤᠳᠤᠨ ᠺᠣᠮᠫᠢᠦ᠋ᠲ᠋ᠧᠷ ᠤᠨ ᠨᠢᠳᠦ ᠬᠠᠮᠠᠭᠠᠯᠠᠬᠤ ᠵᠠᠭᠪᠤᠷ ᠢ ᠰᠤᠩᠭᠤᠵᠤ᠂ ᠬᠠᠷᠠᠭᠠᠨ ᠤ ᠡᠷᠡᠭᠦᠯᠵᠢᠯ ᠤᠨ ᠲᠠᠮᠢᠷ ᠬᠢᠬᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠷᠠᠭ᠎ᠠ ᠪᠠᠨ ᠬᠠᠮᠠᠭᠠᠯᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠨ᠂ ᠪᠡᠶ᠎ᠡ ᠰᠡᠳᠭᠢᠴᠡ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃    ᠡᠯ᠎ᠡ ᠬᠤᠰᠢᠭᠤ ᠲᠣᠭᠤᠷᠢᠭ᠂ ᠰᠤᠷᠭᠠᠭᠤᠯᠢ ᠨᠤᠭᠤᠳ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠬᠠᠮᠢᠶ᠎ᠠ ᠪᠥᠬᠦᠶ ᠲᠠᠪᠴᠠᠩ ᠤᠨ ᠬᠠᠩᠭᠠᠭᠰᠠᠨ ᠰᠦᠯᠵᠢᠶᠡᠨ ᠳᠡᠭᠡᠷ᠎ᠡ ᠰᠤᠷᠤᠯᠴᠠᠬᠤ ᠡᠬᠢ ᠪᠠᠶᠠᠯᠢᠭ ᠢ ᠭᠦᠶ᠋ᠴᠡᠳ ᠠᠰᠢᠭᠯᠠᠵᠤ᠂ ᠰᠣᠷᠣᠭᠴᠢ ᠶᠢᠨ ᠣᠨᠴᠠᠯᠢᠭ ᠲᠠᠢ ᠤᠶᠠᠯᠳᠤᠭᠤᠯᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠣᠩᠭᠤᠵᠤ ᠪᠣᠯᠤᠨ᠎ᠠ᠃ ᠪᠠᠭᠰᠢ ᠨᠠᠷ ᠤᠨ ᠰᠦᠯᠵᠢᠶᠡᠨ ᠳᠡᠭᠡᠷ᠎ᠡ ᠳᠠᠭᠠᠭᠤᠯᠤᠨ ᠰᠤᠷᠤᠯᠴᠠᠬᠤ ᠪᠠ ᠰᠤᠷᠤᠭᠴᠢᠳ ᠤᠨ ᠬᠡᠷ ᠲᠡᠭᠡᠨ ᠰᠠᠭᠤᠵᠤ ᠪᠡᠶ᠎ᠡ ᠪᠠᠨ ᠳᠠᠭᠠᠭᠠᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠵᠤ᠂ ᠴᠠᠭ ᠪᠠ ᠬᠡᠮᠵᠢᠶ᠎ᠡ ᠶᠢ ᠬᠢᠵᠠᠭᠠᠷᠯᠠᠨ ᠰᠤᠷᠤᠯᠴᠠᠯᠭ᠎ᠠ ᠶᠢ ᠵᠦᠶ ᠵᠣᠬᠢᠰᠲᠠᠶ ᠳᠣᠭᠢᠷᠠᠭᠤᠯᠤᠨ᠎ᠠ᠃ ᠶᠠᠮᠠᠷᠪᠠ ᠰᠤᠷᠭᠠᠭᠤᠯᠢ ᠪᠠ ᠪᠠᠭᠰᠢ ᠭᠡᠳ ᠲᠣᠭᠲᠠᠭᠠᠭᠰᠠᠨ ᠬᠡᠪᠴᠢᠶᠡᠨ ᠠᠴᠠ ᠭᠠᠳᠠᠨᠠᠬᠢ ᠰᠦᠯᠵᠢᠶᠡᠨ ᠳᠡᠭᠡᠷ᠎ᠡ ᠰᠤᠷᠤᠯᠴᠠᠬᠤ ᠡᠬᠢ ᠪᠠᠶᠠᠯᠢᠭ ᠢ ᠲᠠᠨᠢᠯᠴᠠᠭᠤᠯᠵᠤ ᠪᠣᠯᠬᠤ ᠥᠬᠡᠶ ᠃           ᠭᠤᠷᠪᠠ᠂ ᠣᠨᠴᠠᠭᠠᠢ ᠰᠣᠷᠣᠭᠴᠢᠳ ᠢ ᠬᠥᠮᠦᠵᠢᠭᠦᠯᠦ᠋ᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ         ᠡᠯ᠎ᠡ ᠬᠤᠰᠢᠭᠤ ᠲᠣᠭᠤᠷᠢᠭ᠂ ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠢᠵᠢᠭ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠤ ᠡᠮᠦᠨ᠎ᠡ ᠹᠷᠣᠨᠲ ᠲᠠᠬᠢ ᠬᠥᠮᠦᠰ ᠤᠨ ᠦᠷ᠎ᠡ ᠬᠡᠸ᠋ᠬᠡᠳ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠸ᠋ᠬᠡᠳ ᠪᠣᠯᠤᠨ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠵᠡᠷᠭᠡ ᠬᠦᠮᠦᠰ ᠤᠨ ᠰᠤᠷᠤᠯᠴᠠᠯᠭ᠎ᠠ ᠶᠢ ᠬᠠᠯᠠᠮᠵᠢᠯᠠᠨ ᠬᠠᠶᠢᠷᠠᠯᠠᠬᠤ ᠪᠠ  ᠵᠢᠯᠤᠭᠤᠤᠬᠤ ᠠᠵᠢᠯ ᠢ ᠴᠢᠩᠭᠠᠳᠬᠠᠬᠤ ᠬᠡᠷᠡᠭᠲᠡᠶ᠃ ᠰᠦᠯᠵᠢᠶ᠎ᠡ ᠨᠡᠪᠳᠡᠷᠡᠬᠦ ᠪᠠᠷ ᠮᠠᠭᠤ᠂ ᠬᠢᠵᠢᠭ ᠤᠨ ᠣᠷᠣᠨ ᠳᠤ ᠲᠦᠷ ᠦᠯᠡᠳᠡᠵᠦ ᠪᠠᠶᠢᠭ᠎ᠠ᠂ ᠶᠠᠭ ᠪᠤᠴᠠᠵᠤ ᠪᠠᠶᠢᠭ᠎ᠠ᠂ ᠡᠪᠡᠳᠴᠢᠯᠡᠭᠰᠡᠨ᠂ ᠰᠤᠷᠤᠯᠴᠠᠬᠤ ᠠᠴᠠ ᠬᠠᠯᠠᠰᠢᠷᠠᠭᠰᠠᠨ᠂ ᠣᠨᠴᠠᠭᠠᠶ ᠤᠴᠢᠷ ᠶᠠᠪᠤᠳᠠᠯ ᠲᠠᠢ ᠵᠡᠷᠭᠡ ᠰᠢᠯᠲᠠᠭᠠᠨ ᠠᠴᠠ ᠪᠣᠯᠵᠣ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠳᠤ ᠣᠷᠣᠯᠴᠠᠵᠤ ᠳᠡᠶᠢᠯᠬᠦ ᠥᠬᠡᠶ ᠰᠣᠷᠣᠭᠴᠢ ᠳᠤ ᠠᠩᠭᠢ ᠶᠢᠨ ᠡᠷᠬᠢᠯᠡᠭᠴᠢ ᠪᠣᠯᠤᠨ ᠬᠢᠴᠢᠶᠡᠯᠯᠡᠭᠴᠢ ᠪᠠᠭᠰᠢ ᠶᠢ ᠱᠠᠯᠠᠪᠳᠠᠭᠤᠯᠵᠤ ᠪᠠᠶᠢᠭᠠᠳ ᠤᠳᠠᠰᠤ᠂ ᠵᠢᠷᠬᠢᠶ᠎ᠠ ᠵᠡᠷᠭᠡ ᠠᠷᠭ᠎ᠠ  ᠮᠠᠶᠠᠭ ᠢᠶᠠᠷ ᠳᠠᠮᠵᠢᠭᠤᠯᠤᠨ ᠴᠠᠭ ᠲᠤᠬᠠᠶ ᠳᠤᠨᠢ ᠬᠠᠷᠢᠯᠴᠠᠭᠤᠯᠵᠤ᠂ ᠰᠣᠷᠣᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠰᠠᠶᠢᠲᠤᠷ ᠵᠢᠯᠣᠭᠤᠳᠬᠤ ᠬᠡᠷᠡᠭᠲᠡᠶ᠃      ᠳᠥᠷᠪᠡ᠂ ᠪᠤᠰᠤᠳ ᠱᠠᠭᠠᠷᠳᠠᠯᠭ᠎ᠠ         1. ᠡᠯ᠎ᠡ ᠬᠤᠰᠢᠭᠤ ᠲᠣᠭᠤᠷᠢᠭ᠂ ᠰᠤᠷᠭᠠᠭᠤᠯᠢ ᠨᠤᠭᠤᠳ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠵᠤ᠂ ᠰᠣᠷᠣᠭᠴᠢ ᠨᠢᠭᠡ ᠪᠦᠷᠢ ᠳᠤ ᠤᠷᠢᠳᠴᠢᠯᠠᠨ ᠮᠡᠳᠡᠭᠳᠡᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠡᠯ᠎ᠡ  ᠵᠦᠢᠯ ᠤᠨ ᠪᠡᠯᠡᠳᠭᠡᠯ ᠠᠵᠢᠯ ᠢ ᠰᠠᠶᠢᠲᠤᠷ ᠬᠢᠬᠦ ᠬᠡᠷᠡᠭᠲᠡᠶ᠃         2. ᠬᠤᠲᠠ᠂ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠭᠠᠨ ᠰᠤᠳᠤᠯᠬᠤ ᠪᠠ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠵᠡᠷᠭᠡ ᠨᠢᠭᠡᠴᠢ ᠨᠦᠭᠦᠳ ᠬᠦᠴᠦ ᠪᠠᠨ ᠬᠠᠮᠲᠤᠳᠬᠠᠨ ᠠᠬᠢᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠭᠤᠯᠭ᠎ᠠ ᠪᠠ ᠬᠡᠯᠪᠡᠷᠢ ᠶᠢᠨ ᠬᠠᠮᠢᠶᠠᠷᠤᠯᠲᠠ ᠪᠠ ᠵᠢᠯᠣᠭᠤᠳᠣᠯᠭ᠎ᠠ ᠶᠢ ᠴᠢᠩᠭᠠᠳᠬᠠᠨ᠂ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠣᠷᠣᠭᠴᠢ ᠨᠢᠭᠡ ᠪᠦᠷᠢ ᠶᠢᠨ ᠬᠡᠷ ᠲᠡᠭᠡᠨ ᠰᠦᠯᠵᠢᠶᠡᠨ ᠳᠡᠭᠡᠷ᠎ᠡ ᠰᠤᠷᠤᠯᠴᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠰᠤᠷᠤᠭᠴᠢᠳ ᠤᠨ ᠰᠤᠷᠤᠯᠭ᠎ᠠ ᠳᠤ ᠦᠵᠡᠭᠦᠯᠬᠦ ᠨᠥᠯᠥ᠋ᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃           3. ᠡᠯ᠎ᠡ ᠬᠤᠰᠢᠭᠤ ᠲᠣᠭᠤᠷᠢᠭ ᠬᠠᠷᠢᠶᠠᠳᠤ ᠰᠤᠷᠭᠠᠠᠭᠤᠯᠢ ᠶᠢᠨ ᠢᠶᠠᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠢ ᠴᠢᠩᠭᠠᠳᠬᠠᠵᠤ᠂ ᠬᠢᠴᠢᠶᠡᠯ ᠵᠣᠭᠰᠣᠭᠰᠠᠨ ᠴᠤ ᠰᠤᠷᠤᠯᠴᠠᠯᠭ᠎ᠠ ᠵᠤᠨᠨᠰᠤᠬᠤ ᠦᠬᠡᠢ᠂ ᠰᠤᠷᠭᠠᠭᠤᠯᠢ ᠠᠴᠠ ᠪᠠᠨ ᠰᠠᠯᠤᠭᠰᠠᠨ ᠴᠤ ᠵᠢᠭᠠᠨ ᠰᠤᠷᠭᠠᠯᠲᠠ ᠠᠴᠠ ᠪᠠᠨ ᠰᠠᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠳᠤ ᠰᠤᠭᠤᠴᠢᠨ ᠪᠠᠶᠢᠴᠠᠭᠠᠯᠲᠠ ᠬᠢᠨ᠎ᠠ᠃     ᠤᠷᠳᠤᠰ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                  2022 ᠣᠨ ᠤ 10 ᠰᠠᠷ᠎ᠠ ᠶᠢᠨ 7
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ