ᠡᠵᠡᠨ ᠬᠤᠷᠤᠭ᠎ᠠ ᠬᠤᠰᠢᠭᠤᠨ ᠤ ᠳᠦᠭᠰᠢᠭᠦᠷᠢᠲᠦ ᠤᠷᠤᠨ ᠳᠤ ᠲᠤᠬᠢᠷᠠᠭᠤᠯᠤᠯᠳᠠ ᠬᠢᠬᠦ ᠳᠤᠬᠠᠢ ᠵᠠᠷᠯᠠᠯ
ᠨᠡᠶᠢᠲᠡᠯᠡᠭᠰᠡᠨ ᠴᠠᠭ᠄
2022/10/17
ᠡᠵᠡᠨ ᠬᠤᠷᠤᠭ᠎ᠠ ᠬᠤᠰᠢᠭᠤᠨ ᠤ ᠳᠦᠭᠰᠢᠭᠦᠷᠢᠲᠦ ᠤᠷᠤᠨ ᠳᠤ ᠲᠤᠬᠢᠷᠠᠭᠤᠯᠤᠯᠳᠠ ᠬᠢᠬᠦ ᠳᠤᠬᠠᠢ ᠵᠠᠷᠯᠠᠯ                       ﹇2022﹈ 82 ᠳ᠋ᠤᠭᠠᠷ ᠲᠣᠭᠠᠲᠤ          ᠡᠵᠡᠨ ᠬᠤᠷᠤᠭ᠎ᠠ ᠬᠤᠰᠢᠭᠤᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ᠂ ︽ᠰᠢᠨ᠎ᠡ ᠲᠢᠲᠢᠮᠯᠢᠭ ᠠᠭᠤᠰᠭᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠤᠳᠤᠬᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠪᠠᠶᠢᠴᠠᠭᠠᠯᠲᠠ ᠪᠠ ᠰᠤᠳᠤᠯᠤᠨ ᠮᠠᠭᠠᠳᠯᠠᠯᠲᠠ ᠪᠠᠷ ᠳᠡᠮᠵᠢᠨ᠂ ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠣᠭᠲᠠᠭᠠᠯ ᠭᠠᠷᠭᠠᠵᠤ᠂ 2022 ᠣᠨ ᠤ 10 ᠰᠠᠷ᠎ᠠ ᠶᠢᠨ 12 ᠤᠨ ᠡᠳᠦᠷ ᠠᠴᠠ ᠡᠬᠢᠯᠡᠨ᠂ ᠠᠯᠲᠠᠨᠰᠢᠷᠡᠭᠡᠳᠦ ᠪᠠᠯᠭᠠᠰᠤᠨ ᠤ ᠵᠢᠩ ᠬᠤᠩ ᠲᠢᠶᠠᠨ ᠴᠢᠩ ᠪᠠᠭᠤᠳᠠᠯ᠂ ᠨᠡᠷᠡᠨ ᠬᠤᠲᠠ ᠶᠢᠨ V — show KTV᠂ ᠤᠯᠠᠭᠠᠨᠮᠥ᠋ᠷᠡᠨ ᠪᠠᠯᠭᠠᠰᠤᠨ ᠤ ᠤᠯᠠᠭᠠᠨᠮᠥ᠋ᠷᠡᠨ ᠨᠡᠶᠢᠭᠡᠮ ᠲᠣᠭᠤᠷᠢᠭ ᠤᠨ ᠠᠬᠠᠮᠠᠳ ᠺᠠᠳ᠋ᠷᠴᠤᠳ ᠤᠨ ᠲᠣᠭᠤᠷᠢᠭ ᠤᠨ ᠭᠤᠷᠪᠠᠳᠤᠭᠠᠷ ᠮᠦᠷ ᠤᠨ ᠳᠥᠷᠪᠡᠳᠦᠭᠡᠷ ᠡ᠊ᠩᠨᠡᠭᠡ ᠶᠢᠨ 1᠂ 2 ᠂ 3᠂ 4 ᠳ᠋ᠤᠭᠡᠷ ᠨᠤᠮᠤᠷᠲᠤ ᠭᠡᠷ᠂ ᠲᠠᠪᠤᠳᠤᠭᠠᠷ ᠡ᠊ᠩᠨᠡᠭᠡ ᠶᠢᠨ 1᠂ 2᠂ 3 ᠳ᠋ᠤᠭᠠᠷ ᠨᠤᠮᠤᠷᠲᠤ ᠭᠡᠷ᠂ ᠵᠢᠷᠭᠤᠳᠤᠭᠠᠷ ᠡ᠊ᠩᠨᠡᠭᠡ ᠶᠢᠨ 1᠂ 2᠂ 3᠂ 4 ᠳ᠋ᠤᠭᠡᠷ ᠨᠤᠮᠤᠷᠲᠤ ᠭᠡᠷ᠂ ᠳᠣᠯᠣᠳᠤᠭᠠᠷ ᠡ᠊ᠩᠨᠡᠭᠡ ᠶᠢᠨ 1᠂ 2᠂ 3 ᠳ᠋ᠤᠭᠠᠷ ᠨᠤᠮᠤᠷᠲᠤ ᠭᠡᠷ ᠤᠨ ᠲᠦᠭᠰᠢᠭᠦᠷᠢᠳᠦ ᠣᠷᠣᠨ ᠤ ᠬᠠᠮᠢᠶᠠᠷᠤᠯᠲᠠ ᠶᠢ ᠬᠦᠴᠦᠨ ᠥᠬᠡᠶ ᠪᠤᠯᠭᠠᠪᠠ᠃ ᠬᠦᠴᠦᠨ ᠥᠬᠡᠶ ᠪᠣᠯᠭᠠᠭᠰᠠᠨ ᠤ ᠳᠠᠷᠠᠭ᠎ᠠ ᠡᠵᠡᠨ ᠬᠤᠷᠤᠭ᠎ᠠ ᠬᠤᠰᠢᠭᠤᠨ ᠳᠤ ᠦᠨᠳᠤᠷ ᠳᠤᠮᠳᠠ ᠲᠦᠭᠰᠢᠭᠦᠷᠢᠲᠦ ᠣᠷᠣᠨ ᠪᠠᠶᠢᠬᠤ ᠥᠬᠡᠶ ᠪᠤᠯᠪᠠ᠃          ᠥᠷᠭᠡᠨ ᠤᠯᠠᠨ ᠰᠠᠭᠤᠭᠠᠯᠢ ᠠᠷᠠᠳ ᠴᠠᠭ ᠢᠮᠠᠭᠳᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠲᠠᠢ ᠪᠠᠶᠢᠵᠤ᠂ ᠬᠤᠪᠢ ᠪᠡᠶ᠎ᠡ ᠶᠢᠨ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ︽ᠤᠷᠤᠨ ᠲᠠᠯᠠᠪᠤᠷ ᠤᠨ ᠺᠤᠳ᠋︾ ᠢᠶᠠᠷ ᠨᠡᠪᠲᠡᠷᠡᠭᠦ ᠶᠢ ᠪᠠᠷᠢᠮᠳᠠᠯᠠᠨ᠎ᠠ᠃ ᠤᠶᠢᠷ᠎ᠠ ᠶᠢᠨ 7 ᠡᠳᠦᠷ ᠤᠨ ᠲᠤᠷᠰᠢ ᠬᠢᠵᠢᠭ ᠲᠠᠢ ᠬᠤᠯᠪᠣᠭᠳᠠᠭᠰᠠᠨ ᠭᠠᠵᠠᠷ ᠣᠷᠣᠨ ᠳᠤ ᠤᠴᠢᠵᠤ ᠦᠩᠭᠡᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ︵ᠲᠣᠰᠬᠤᠨ︶᠂ ᠪᠠᠶᠢᠭᠤᠯᠭ᠎ᠠ ᠨᠢᠭᠡᠴᠢ ᠳᠤ ᠪᠠᠨ ᠮᠡᠳᠡᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠠᠵᠢᠯ ᠢ ᠰᠠᠶᠢᠲᠤᠷ ᠬᠠᠮᠵᠢᠯᠴᠠᠨ ᠬᠢᠬᠦ ᠬᠡᠷᠡᠭᠲᠡᠶ᠃ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠠᠴᠠ ᠪᠤᠯᠥ᠋ᠭᠠᠳ ᠬᠢᠵᠢᠭ ᠤᠨ ᠪᠠᠶᠢᠳᠠᠯ ᠢ ᠳᠡᠯᠭᠡᠷᠡᠭᠦᠯᠬᠦ ᠵᠡᠷᠭᠡ ᠬᠦᠨᠳᠦ ᠨᠣᠴᠢᠲᠠᠶ ᠦᠷ᠎ᠡ ᠳ᠋ᠦᠩ ᠢ ᠪᠣᠶ ᠪᠤᠯᠭᠠᠪᠠᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃          ᠬᠤᠰᠢᠭᠤ᠂ ᠪᠠᠯᠭᠠᠰᠤ ᠬᠤᠶᠠᠷ ᠱᠠᠲᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ          ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ         ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8691824          ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠄     0477-8681617          ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄     0477-8687110          ᠡᠵᠡᠨ ᠬᠤᠷᠤᠭ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0477-8684296          ᠠᠯᠲᠠᠨᠰᠢᠷᠡᠭᠡ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8969144          ᠤᠯᠠᠭᠠᠨᠮᠥ᠋ᠷᠡᠨ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8930203          ᠡᠵᠡᠨ ᠬᠤᠷᠤᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8961032     \     ᠵᠠᠰᠠᠭ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8951014         ᠨᠠᠷᠢᠨᠳᠤᠬᠤᠢ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8871099          ᠬᠤᠨᠢᠴᠢᠨᠭᠤᠤᠯ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477-8821337          ᠰᠤᠪᠤᠷᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄   0477-8831666                        ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                       2022 ᠣᠨ ᠤ 10 ᠰᠠᠷ᠎ᠠ ᠶᠢᠨ 12 ᠤᠨ ᠡᠳᠦᠷ      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ