ᠠᠰᠠᠷ ᠠᠪᠬᠤ ᠬᠥᠮᠦᠰ ᠠᠩᠬᠠᠷ︕
ᠨᠡᠶᠢᠲᠡᠯᠡᠭᠰᠡᠨ ᠴᠠᠭ᠄
2022/10/19
        10 ᠳ᠋ᠣᠭᠠᠷ ᠰᠠᠷ᠎ᠠ ᠶᠢᠨ 9 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠠᠴᠠ ᠡᠬᠢᠯᠡᠨ᠂ ᠪᠡᠭᠡᠵᠢᠩ ᠬᠤᠲᠠ ᠶᠢᠨ ᠬᠢᠨ ᠬᠤᠪᠢ ᠬᠥᠮᠥᠨ ᠤ ᠠᠩᠬᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠨᠣᠷᠮ᠎ᠠ ᠶᠢ ᠨᠢᠭᠡᠨᠲᠡ ᠵᠠᠭᠤᠨ ᠤ 0.15 ᠪᠠᠷ ᠪᠠᠭᠤᠷᠠᠭᠤᠯᠵᠤ᠂ 5 ᠵᠢᠯ ᠠᠴᠠ ᠳᠣᠷᠣᠭᠰᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢ ᠬᠦᠦ ᠨᠣᠷᠮ᠎ᠠ ᠶᠢ ᠲᠣᠰ ᠲᠣᠰ 2.6% ᠪᠠ 3.1% ᠪᠣᠯᠲᠠᠯ᠎ᠠ ᠪᠠᠭᠤᠷᠠᠭᠤᠯᠪᠠ᠃ 
1(1).jpg
        9 ᠳ᠋ᠣᠭᠡᠷ ᠰᠠᠷ᠎ᠠ ᠶᠢᠨ 30 ᠤ ᠡᠳᠦᠷ᠂ ᠲᠥᠪ ᠪᠠᠩᠬᠢ ᠶᠢᠨ ᠬᠢᠨ ᠮᠡᠳᠡᠭᠡ ᠨᠡᠶᠢᠲᠡᠯᠡᠵᠦ ᠳᠡᠮᠳᠡᠭᠯᠡᠬᠦ ᠳᠡᠭᠡᠨ᠂ 2022 ᠣᠨ ᠤ 10 ᠳ᠋ᠣᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠥᠨ ᠤ ᠠᠩᠬᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠨᠣᠷᠮ᠎ᠠ ᠶᠢ ᠪᠠᠭᠤᠷᠠᠭᠤᠯᠵᠤ᠂ 5 ᠵᠢᠯ ᠠᠴᠠ ᠳᠣᠷᠣᠭᠰᠢ ᠪᠤᠯ ︵5 ᠵᠢᠯ ᠪᠠᠭᠲᠠᠨ᠎ᠠ ︶ ᠬᠦᠦ ᠮᠥᠩᠭᠦ ᠶᠢᠨ ᠨᠣᠷᠮ᠎ᠠ ᠶᠢ 2.6% ᠪᠣᠯᠭᠠᠵᠤ᠂ 5 ᠵᠢᠯ ᠠᠴᠠ ᠳᠡᠭᠡᠭᠰᠢ ᠪᠤᠯ ᠬᠦᠦ ᠮᠥᠩᠭᠦ ᠶᠢᠨ ᠨᠣᠷᠮ᠎ᠠ ᠶᠢ 3.1% ᠪᠣᠯᠲᠠᠯ᠎ᠠ ᠪᠠᠭᠤᠷᠠᠭᠤᠯᠤᠨ᠎ᠠ ᠭᠡᠵᠡᠢ᠃              ᠠᠵᠢᠬᠯᠠᠭᠴᠢᠳ ᠤᠨ ᠦᠵᠡᠬᠦ ᠪᠠᠷ᠂ ᠡᠨᠡ ᠪᠣᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ 7 ᠵᠢᠯ ᠤᠨ ᠲᠤᠷᠰᠢ ᠠᠩᠬ᠎ᠠ ᠤᠳᠠᠭ᠎ᠠ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠮᠥᠨ᠂ ᠡᠨᠡ ᠨᠢ ᠣᠶᠢᠷ᠎ᠠ ᠶᠢᠨ 20 ᠵᠢᠯ ᠳᠤ ᠭᠡᠷ ᠪᠠᠶᠢᠰᠢᠩ ᠠᠪᠬᠤ ᠬᠦᠮᠦᠰ ᠤᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠬᠦ ᠪᠣᠯᠣᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ