ᠰᠤᠷᠪᠤᠯᠵᠢᠯᠠᠭᠴᠢ ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠢᠳᠡᠭᠡᠨ ᠤ ᠬᠤᠯᠪᠣᠭᠳᠠᠯ ᠪᠥᠬᠦᠶ ᠣᠶᠢᠯᠡᠳᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠲᠦᠷ ᠬᠡᠷᠡᠭᠵᠢᠭᠦᠯᠬᠦ ᠠᠷᠭ᠎ᠠ ᠳᠤ ᠲᠤᠲᠤᠷᠬᠠᠢ ᠲᠤᠷᠠᠳᠤᠭᠰᠠᠨ ᠨᠢ᠂ ᠦᠢᠯᠡᠳᠪᠤᠷᠢᠯᠡᠭᠴᠢ ᠪᠣᠷᠣᠯᠠᠭᠤᠯᠤᠭᠴᠢ ᠶᠢᠨ ︽ᠨᠢᠭᠡᠳᠦᠭᠡᠷ ᠬᠠᠷᠢᠭᠤᠴᠠᠯᠭ᠎ᠠ | ᠡᠭᠦᠷᠭᠡᠯᠡᠭᠴᠢ︾ ᠶᠢᠨ ᠭᠤᠣᠯ ᠬᠠᠷᠢᠭᠤᠴᠠᠯᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠷᠢᠶ᠎ᠠ ᠭᠠᠵᠠᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠢᠯᠡᠳᠪᠦᠷᠢᠯᠡᠭᠴᠢ ᠳᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠯᠲᠠ ᠲᠠᠯᠪᠢᠭᠴᠢ ᠪᠠ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠭᠴᠢ ᠲᠣᠬᠢᠷᠠᠭᠤᠯᠬᠤ ᠶᠢ ᠱᠠᠭᠠᠷᠳᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠂ ᠶᠡᠷᠦᠩᠬᠡᠶᠢᠯᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠳᠡᠭᠡᠨ ᠤ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠭᠦᠢᠴᠡᠳ | ᠪᠠᠲᠤᠯᠠᠬᠤ ᠬᠡᠷᠡᠭᠲᠡᠶ ᠃ ᠣᠶᠢᠯᠡᠳᠪᠣᠷᠢᠯᠡᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠲᠠᠯ᠎ᠠ ᠪᠠᠷ᠂ ᠲᠦᠷ ᠬᠡᠷᠡᠭᠵᠢᠭᠦᠯᠬᠦ ᠠᠷᠭ᠎ᠠ ᠳᠤ | ᠣᠶᠢᠯᠡᠳᠪᠣᠷᠢᠯᠡᠬᠦ᠂ ᠬᠠᠳᠠᠭᠠᠯᠠᠬᠤ᠂ ᠪᠣᠭᠤᠳᠠᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠤ | ᠣᠶᠢᠯᠡᠳᠪᠣᠷᠢᠯᠡᠯ ᠤᠨ ᠪᠥᠬᠦ ᠶᠠᠪᠤᠴᠠ ᠳᠤ ᠡᠵᠡᠮᠳᠡᠬᠦ ᠲᠦᠷᠢᠮ ᠢ ᠪᠠᠶᠢᠭᠤᠯᠤᠨ᠎ᠠ᠃ ᠣᠶᠢᠯᠡᠳᠪᠣᠷᠢᠯᠡᠭᠴᠢ ᠳᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ | ᠬᠠᠮᠢᠶᠠᠷᠤᠯᠲᠠ᠂ ᠣᠶᠢᠯᠡᠳᠪᠣᠷᠢᠯᠡᠯ ᠤᠨ ᠵᠠᠩᠭᠢᠯᠠᠭ᠎ᠠ ᠶᠢᠨ ᠴᠡᠭ ᠢ ᠡᠵᠡᠮᠳᠡᠬᠦ᠂ ᠣᠶᠢᠯᠡᠳᠪᠣᠷᠢ ᠠᠴᠠ ᠭᠠᠷᠬᠤ ᠶᠢ ᠰᠢᠯᠭᠠᠨ ᠪᠠᠶᠢᠴᠠᠭᠠᠵᠤ ᠡᠵᠡᠮᠳᠡᠬᠦ ᠵᠡᠷᠭᠡ | ᠬᠠᠮᠢᠶᠠᠷᠤᠯᠲᠠ ᠶᠢᠨ ᠲᠦᠷᠢᠮ ᠵᠢᠴᠢ ᠡᠵᠡᠮᠳᠡᠬᠦ ᠠᠷᠭ᠎ᠠ ᠬᠡᠮᠵᠢᠶ᠎ᠡ ᠭᠠᠷᠭᠠᠬᠤ ᠶᠢ ᠱᠠᠭᠠᠷᠳᠠᠵᠤ᠂ ᠢᠳᠡᠭᠡᠨ ᠤ ᠬᠠᠮᠢᠶ᠎ᠠ ᠪᠥᠬᠦᠶ ᠣᠶᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠮᠥᠷᠳᠡᠨ ᠪᠠᠶᠢᠴᠠᠭᠠᠯᠲᠠ ᠶᠢ ᠪᠡᠶᠡᠯᠡᠭᠦᠯᠵᠦ᠂ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠨᠡᠮᠡᠯᠲᠡ ᠡᠳ᠋ ᠢ ᠬᠤᠳᠠᠯᠳᠤᠨ ᠠᠪᠬᠤ ᠠᠴᠠ | ᠣᠶᠢᠯᠡᠳᠬᠦᠨ ᠢ ᠪᠣᠷᠣᠯᠠᠭᠤᠯᠬᠤ ᠪᠣᠯᠲᠠᠯᠠᠬᠢ ᠪᠣᠶ ᠪᠥᠬᠦᠶ ᠭᠤᠭᠴᠤᠭ᠎ᠠ ᠶᠢ ᠴᠥᠮ ᠪᠦᠲᠦᠮᠵᠢᠲᠡᠶ ᠡᠵᠡᠮᠳᠡᠬᠦ ᠶᠢ ᠪᠠᠲᠤᠯᠠᠬᠤ ᠶᠢᠨ ᠬᠠᠮᠲᠤ᠂ ᠣᠶᠢᠯᠡᠳᠪᠣᠷᠢᠯᠡᠯ ᠤᠨ | ᠶᠠᠪᠤᠴᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠬᠡᠷᠡᠭᠲᠡᠢ ᠭᠡᠵᠡᠢ᠃ | |