ᠮᠠᠨ ᠤ ᠤᠯᠤᠰ ᠤᠨ ᠵᠠᠬ᠎ᠠ ᠳᠡᠯᠭᠡᠭᠦᠷ ᠲᠤ ᠭᠠᠷᠤᠭᠰᠠᠨ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ 67 % ᠶᠢ ᠨᠢᠭᠡᠨᠲᠡ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠪᠠ
ᠨᠡᠶᠢᠲᠡᠯᠡᠭᠰᠡᠨ ᠴᠠᠭ᠄
2022/10/26
       ᠣᠲᠣ ᠪᠣᠯᠲᠠᠯ᠎ᠠ᠂ ᠨᠢᠭᠡᠨᠲᠡ 2860 ᠵᠦᠢᠯ ᠤᠨ ᠡᠮ ᠤᠨ ᠵᠦᠢᠯ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠣᠷᠣᠵᠤ᠂ ᠤᠯᠤᠰ ᠤᠨ  ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠤᠭᠰᠠᠨ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ 67 % ᠨᠢ ᠴᠥᠮ ᠡᠭᠦᠨ ᠳᠤ ᠬᠠᠮᠤᠷᠤᠭᠳᠠᠨ᠂  ᠡᠪᠡᠳᠴᠢᠲᠡᠨ ᠤ ᠡᠮ ᠬᠡᠷᠡᠭᠯᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ 10 ᠵᠢᠯ ᠤᠨ ᠬᠤᠭᠤᠴᠠᠭᠠᠨ ᠳᠤ ᠮᠠᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 5 . 4 ᠳ᠋ᠦᠩᠰᠢᠭᠤᠷ ᠪᠠᠶᠢᠭᠰᠠᠨ ᠠᠴᠠ ᠪᠠᠨ 13.6 ᠳ᠋ᠦᠩᠰᠢᠭᠤᠷ ᠪᠣᠯᠵᠤ ᠨᠡᠮᠡᠭᠳᠡᠭᠰᠡᠨ ᠪᠥᠭᠡᠳ ᠮᠠᠨ ᠤ ᠤᠯᠤᠰ ᠪᠦᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠦᠨᠳᠦᠰᠦᠨ  ᠡᠮ  ᠡᠮᠨᠡᠯᠭᠡ ᠶᠢᠨ ᠪᠠᠲᠤᠯᠠᠭ᠎ᠠ ᠶᠢᠨ ᠲᠣᠣᠷ ᠢ ᠪᠠᠶᠢᠭᠤᠯᠵᠠᠢ᠃ 
ᠢᠷᠡᠯᠲᠡ᠄ ᠠᠷᠠᠳ ᠤᠨ ᠰᠦᠯᠵᠢᠶ᠎ᠡ