ᠡᠶᠢᠮᠤ ᠵᠢᠮᠢᠰ ᠶᠢ ᠬᠢᠴᠢᠶᠡ︕
ᠨᠡᠶᠢᠲᠡᠯᠡᠭᠰᠡᠨ ᠴᠠᠭ᠄
2022/10/26
     ᠠᠯᠲᠠᠨ ᠨᠠᠮᠤᠷ ᠤᠨ ᠤᠯᠠᠷᠢᠯ ᠳᠤ᠂ ᠱᠠᠪᠲᠠᠯ᠎ᠠ ᠨᠢ ᠡᠯ᠎ᠡ ᠵᠣᠶᠢᠯ ᠤᠨ ᠤᠮᠳᠠᠭᠠᠨ᠂ ᠪᠣᠭᠤᠷᠰᠤᠭ ᠵᠡᠷᠭᠡ ᠢᠳᠡᠭᠡᠨ ᠳᠤ ᠶᠡᠬᠡᠪᠡᠷ ᠬᠡᠷᠡᠭᠯᠡᠭᠳᠡᠵᠤ ᠁ ᠱᠠᠪᠲᠠᠯ᠎ᠠ ᠶᠢᠨ ᠲᠥᠷᠥᠯ ᠵᠦᠢᠯ ᠪᠠ ᠢᠳᠡᠬᠦ ᠠᠷᠭ᠎ᠠ ᠨᠢ ᠴᠦ ᠮᠠᠰᠢ ᠪᠠᠶᠠᠯᠢᠭ ᠪᠠᠶᠢᠳᠠᠭ᠂ ᠡᠶᠢᠮᠦ ᠠᠴᠠ ᠱᠠᠪᠲᠠᠯ᠎ᠠ ᠨᠢ ᠰᠢᠨ᠎ᠡ ︽ᠰᠦᠯᠵᠢᠶᠡᠨ ᠤ ᠴᠤᠤᠲᠠᠨ︾ ᠪᠣᠯᠤᠭᠰᠠᠨ ᠪᠠᠶᠢᠨ᠎ᠠ᠃ ᠭᠡᠪᠡᠴᠦ ᠱᠠᠪᠲᠠᠯ᠎ᠠ ᠢᠳᠡᠬᠦ ᠳᠤ ᠵᠣᠬᠢᠬᠤ ᠬᠡᠮᠵᠢᠶ᠎ᠡ ᠶᠢ ᠠᠩᠬᠠᠷᠬᠤ ᠬᠡᠷᠡᠭᠲᠡᠶ᠂ ᠵᠠᠷᠢᠮ ᠬᠥᠮᠦᠨ ᠬᠤᠶᠠᠷ ᠭᠤᠷᠪᠠᠨ ᠡᠳᠦᠷ ᠤᠨ ᠳᠣᠲᠣᠷ᠎ᠠ 20 ᠭᠠᠷᠤᠶ ᠱᠠᠪᠲᠠᠯ᠎ᠠ ᠢᠳᠡᠭᠰᠡᠨ ᠠᠴᠠ ᠪᠣᠯᠵᠤ ᠭᠡᠳᠡᠰᠦ ᠨᠢ ᠡᠪᠡᠳᠦᠭᠰᠡᠨ ᠤᠴᠢᠷ ᠭᠠᠷᠴᠠᠢ᠂ ᠤᠤᠯ ᠨᠢ ᠱᠠᠪᠲᠠᠯ᠎ᠠ ᠢᠳᠡᠭᠰᠡᠨ ᠠᠴᠠ ᠪᠣᠯᠵᠤ ᠭᠡᠳᠡᠰᠦᠨ ᠤ ᠲᠦᠭᠵᠢᠷᠡᠯ ᠪᠣᠯᠣᠭᠰᠠᠨ ᠪᠠᠶᠢᠨ᠎ᠠ᠃         ᠡᠮᠴᠢ ᠶᠢᠨ ᠲᠠᠨᠢᠯᠴᠠᠭᠤᠯᠤᠭᠰᠠᠨ ᠢᠶᠠᠷ᠂ ᠱᠠᠪᠲᠠᠯ᠎ᠠ ᠳᠤ ᠬᠠᠷᠢᠴᠠᠩᠭᠤᠶ ᠪᠠᠷ ᠨᠡᠯᠢᠶᠡᠳ ᠠᠷᠪᠢᠨ ᠲᠠᠨᠨᠢᠨ ᠬᠦᠴᠢᠯ ᠪᠠ ᠵᠢᠮᠢᠰ ᠤᠨ ᠴᠠᠪᠠᠤ ᠠᠭᠤᠯᠵᠤ᠂ ᠵᠣᠬᠢᠬᠤ ᠨᠥᠬᠦᠴᠡᠯ ᠳᠤᠤᠷ᠎ᠠ ᠢᠯᠭᠠᠷᠠᠭᠤᠯᠤᠨ ᠭᠠᠷᠭᠠᠵᠤ᠂ ᠬᠤᠳᠣᠭᠤᠳᠣᠨ ᠳᠣᠲᠣᠷᠠᠬᠢ ᠤᠭᠤᠷᠠᠭ ᠵᠡᠷᠭᠡ ᠲᠠᠢ ᠬᠠᠮᠲᠤ ᠲᠣᠨᠣᠳᠠᠰᠤ ᠡᠭᠦᠰᠳᠡᠭ᠂ ᠲᠤᠬᠠᠶᠢᠯᠠᠪᠠᠯ ︽ᠬᠤᠳᠣᠭᠤᠳᠣᠨ ᠤ ᠴᠢᠯᠠᠭᠤᠵᠢᠯ︾ ᠨᠢ ᠬᠥᠮᠦᠨ ᠢ ᠬᠡᠪᠡᠯᠢ ᠡᠪᠡᠳᠬᠦ᠂ ᠭᠡᠳᠡᠰᠦ ᠬᠥᠭᠡᠭᠡᠬᠦ᠂ ᠳᠤᠷ᠎ᠠ ᠪᠤᠯᠭᠢᠵᠤ ᠪᠥᠭᠡᠯᠵᠢᠬᠦ ᠵᠡᠷᠭᠡ ᠰᠢᠩᠭᠡᠭᠡᠯᠲᠡ ᠶᠢᠨ ᠵᠠᠮ ᠤᠨ ᠡᠪᠡᠳᠴᠢᠨ ᠤ ᠢᠯᠡᠷᠡᠯ ᠲᠠᠢ ᠪᠣᠯᠭᠠᠵᠤ᠂ ᠴᠢᠨᠠᠭᠰᠢᠯᠠᠪᠠᠯ ᠭᠡᠳᠡᠰᠦᠨ ᠤ ᠲᠦᠭᠵᠢᠷᠡᠯ ᠪᠤᠶᠤ ᠰᠢᠩᠭᠡᠭᠡᠯᠲᠡ ᠶᠢᠨ ᠵᠠᠮ ᠠᠴᠠ ᠴᠢᠰᠤ  ᠭᠠᠷᠬᠤ ᠡᠪᠡᠳᠴᠢᠨ ᠪᠣᠯᠵᠦ᠂ ᠬᠦᠨᠳᠦ ᠨᠣᠴᠢᠲᠠᠶ ᠨᠢ ᠮᠡᠰᠡ ᠵᠠᠰᠠᠯ ᠢᠶᠠᠷ ᠳᠡᠮᠵᠢᠨ ᠡᠮᠨᠡᠨ ᠵᠠᠰᠠᠬᠤ ᠬᠡᠷᠡᠭᠲᠡᠶ ᠪᠠᠶᠢᠳᠠᠭ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ