ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠣᠯᠳᠠᠭ᠃ | ᠮᠠᠨ ᠤ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠲᠣᠬᠢᠲᠠᠢ ᠠᠳᠬᠤᠨ ᠮᠠᠰᠢᠨ | ᠮᠧᠬᠠᠨᠢᠭ᠂ ᠬᠥᠮᠥᠨ ᠤ ᠬᠦᠴᠦ ᠪᠠ ᠠᠵᠢᠯᠲᠠᠨ ᠠᠵᠢᠯᠴᠢᠨ ᠢ ᠭᠦᠢᠴᠡᠳ ᠲᠣᠬᠢᠷᠠᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ | ᠪᠥᠬᠦ ᠬᠦᠴᠦᠨ ᠢᠶᠠᠷ ᠲᠦᠷᠭᠡᠳᠬᠡᠵᠦ ᠪᠠᠶᠢᠨ᠎ᠠ᠃ | | | | ᠰᠢᠷᠠᠤ᠋ᠰᠤᠨ ᠪᠠᠯᠭᠠᠰᠤᠨ ᠤ ᠪᠠᠲᠤ ᠶᠢᠨ ᠲᠣᠬᠤᠢ ᠲᠣᠰᠬᠤᠨ ᠳᠤ᠂ 9 ᠰᠠᠷ᠎ᠠ ᠶᠢᠨ ᠡᠬᠢ ᠪᠠᠷ ᠠᠵᠢᠯ ᠢᠶᠠᠨ ᠰᠡᠷᠭᠦᠭᠡᠭᠰᠡᠨ ᠮᠤᠵᠢ ᠶᠢᠨ ᠵᠠᠮ ᠤᠨ 215 | ᠱᠤᠭᠤᠮ ᠤᠨ ᠰᠦᠯᠳᠡ ᠰᠤᠮᠤᠨ ᠤ ᠲᠥᠩᠽᠢ ᠭᠠᠴᠠᠭ᠎ᠠ ᠠᠴᠠ ᠱᠠᠨᠰᠢ ᠮᠤᠵᠢ ᠶᠢᠨ ᠬᠠᠢ ᠽᠧ ᠫᠠᠨ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠨᠢ ᠪᠦᠬᠦ | ᠲᠠᠯ᠎ᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠱᠠᠲᠤᠨ ᠳᠤ ᠣᠷᠣᠵᠤ᠂ ᠵᠢᠯ ᠤᠨ ᠬᠠᠷᠠᠯᠲᠠ ᠪᠠᠨ ᠪᠡᠶᠡᠯᠡᠭᠦᠯᠬᠦ ᠪᠠᠷ ᠴᠢᠷᠮᠠᠶᠢᠨ ᠠᠵᠢᠯᠯᠠᠵᠤ ᠪᠠᠶᠢᠨ᠎ᠠ ᠃ | | | | | ᠮᠤᠵᠢ ᠶᠢᠨ ᠵᠠᠮ ᠤᠨ 215 ᠱᠤᠭᠤᠮ ᠤᠨ ᠰᠦᠯᠳᠡ ᠰᠤᠮᠤᠨ ᠤ ᠲᠥᠩᠽᠢ ᠭᠠᠴᠠᠭᠠᠨ ᠠᠴᠠ ᠱᠠᠨᠰᠢ ᠮᠤᠵᠢ ᠶᠢᠨ ᠬᠠᠢ ᠽᠧ ᠫᠠᠨ ᠬᠦᠷᠬᠦ ᠬᠡᠰᠡᠭ ᠤᠨ | ᠵᠠᠰᠠᠮᠠᠯ ᠵᠠᠮ ᠤᠨ ᠪᠠᠷᠢᠯᠭ᠎ᠠ ᠶᠢᠨ ᠶᠡᠷᠦᠩᠬᠡᠢ ᠪᠡᠯᠡ ᠣᠷᠣᠭᠤᠯᠤᠯᠲᠠ ᠨᠢ 25.5 ᠳ᠋ᠦᠩᠰᠢᠭᠤᠷ ᠲᠥᠭᠦᠷᠢᠭ᠂ ᠵᠠᠰᠠᠮᠠᠯ ᠵᠠᠮ ᠤᠨ ᠱᠤᠭᠤᠮ ᠤᠨ ᠪᠥᠬᠦ ᠣᠷᠳᠣ ᠨᠢ 69. | 2 ᠺᠢᠯᠣᠮᠧᠲᠷ ᠪᠠᠶᠢᠵᠤ ᠲᠥᠩᠽᠢ ᠭᠠᠴᠠᠭᠠᠨ ᠤ ᠡᠮᠦᠨ᠎ᠡ ᠲᠠᠯ᠎ᠠ ᠠᠴᠠ ᠡᠬᠢᠯᠡᠨ ᠮᠤᠵᠢ ᠶᠢᠨ ᠵᠠᠮ ᠤᠨ 215 ᠱᠤᠭᠤᠮ ᠤᠨ ᠭᠠᠯᠠᠭᠤᠲᠤ ᠠᠴᠠ ᠲᠥᠩᠽᠢ ᠬᠦᠷᠬᠦ | ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠰᠢᠭᠤᠳ ᠵᠠᠯᠭᠠᠯᠳᠤᠵᠤ ᠪᠠᠲᠤ ᠶᠢᠨ ᠲᠣᠬᠤᠢ ᠶᠢᠨ ᠤᠰᠤᠨ ᠴᠥᠭᠦᠷᠥᠮ᠂ ᠤᠷᠳᠤᠪᠠᠶᠠ ᠲᠣᠰᠬᠤᠨ᠂ ᠪᠠᠭ᠎ᠠ ᠰᠢᠪᠠᠷ | ᠲᠤᠰᠬᠤᠨ᠂ ᠶᠡᠭᠡ ᠰᠢᠪᠠᠷ ᠲᠤᠰᠬᠤᠨ᠂ ᠬᠤᠨᠵᠢᠨᠴᠠᠶᠢᠳᠠᠮ ᠲᠤᠰᠬᠤᠨ ᠢᠶᠠᠷ ᠥᠩᠭᠡᠷᠡᠵᠦ ᠲᠡᠮᠡᠭᠡᠲᠦ ᠬᠤᠲᠠ ᠶᠢᠨ ᠵᠠᠮᠪᠠ ᠶᠢᠨ ᠲᠠᠯ᠎ᠠ ᠰᠢᠶᠠᠨ ᠤ ᠬᠠᠢ ᠽᠧ ᠫᠠᠨ | ᠲᠣᠰᠬᠤᠨ ᠳᠤ ᠬᠦᠷᠴᠦ ᠪᠦᠲᠦᠭᠡᠨ ᠪᠠᠶᠢᠭᠤᠯᠵᠤ ᠪᠠᠶᠢᠭ᠎ᠠ ᠱᠠᠨᠰᠢ ᠮᠤᠵᠢ ᠶᠢᠨ ᠵᠠᠮ 204 ᠱᠤᠭᠤᠮ ᠤᠨ ᠲᠡᠮᠡᠭᠡᠲᠦ ᠬᠤᠲᠠ ᠠᠴᠠ ᠵᠠᠮᠪᠠ ᠶᠢᠨ ᠲᠠᠯ᠎ᠠ ᠰᠢᠶᠠᠨ ᠬᠦᠷᠬᠦ | ᠵᠠᠰᠠᠮᠠᠯ ᠵᠠᠮ ᠤᠨ ᠥᠪᠥᠷ ᠮᠣᠩᠭᠤᠯ ᠲᠠᠢ ᠵᠠᠯᠭᠠᠬᠤ ᠱᠤᠭᠤᠮ ᠲᠠᠢ ᠰᠢᠭᠤᠳ ᠵᠠᠯᠭᠠᠯᠳᠤᠬᠤ ᠪᠣᠯᠣᠨ᠎ᠠ᠃ ᠲᠣᠰ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠣᠷᠳᠣᠰ | ᠬᠤᠲᠠ ᠶᠢᠨ ᠳᠡᠭᠡᠳᠦ ᠲᠠᠰ ᠤᠨ ᠵᠠᠮ ᠤᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠦᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ | ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | | | ᠣᠶᠢᠯᠠᠭᠠᠭᠰᠠᠨ ᠢᠶᠠᠷ᠂ ᠲᠣᠰ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠣᠳᠣᠬᠠᠨ ᠳᠤ ᠪᠠᠨ ᠨᠢᠭᠡᠨᠲᠡ 6 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠡᠪᠡᠳᠴᠢᠨ ᠬᠢᠵᠢᠭ᠂ ᠠᠭᠤᠷ ᠠᠮᠢᠰᠬᠤᠯ᠂ | ᠡᠯᠡᠰᠦ ᠮᠠᠩᠬ᠎ᠠ᠂ ᠪᠠᠶᠢᠭᠠᠯᠢ ᠶᠢᠨ ᠣᠷᠴᠢᠨ ᠵᠡᠷᠭᠡ ᠡᠯ᠎ᠡ ᠲᠠᠯ᠎ᠠ ᠶᠢᠨ ᠠᠵᠢᠯ ᠤᠨ ᠬᠦᠴᠢᠷᠳᠡᠯ ᠵᠡᠷᠭᠡ ᠶᠢ ᠢᠯᠠᠨ ᠳᠠᠪᠠᠵᠤ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠪᠠᠨ ᠲᠦᠷᠭᠡᠳᠬᠡᠵᠦ ᠪᠠᠶᠢᠨ᠎ᠠ᠃ | | | | | ᠡᠭᠦᠨ ᠲᠠᠢ ᠠᠳᠠᠯᠢ ᠪᠠᠷ ᠨᠡᠶᠢᠲᠡ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠣᠷᠳᠣᠰ ᠬᠤᠲᠠ ᠶᠢᠨ ᠪᠠᠢ ᠶᠦᠨ ᠠᠶᠤᠯᠲᠠᠢ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠬᠢᠵᠠᠭᠠᠷᠲᠤ ᠺᠣᠮᠫᠠᠨᠢ ᠴᠦ ᠡᠯ᠎ᠡ ᠵᠦᠢᠯ ᠤᠨ ᠲᠣᠨᠤᠭ ᠲᠥᠬᠦᠭᠡᠷᠦᠮᠵᠢ ᠶᠢᠨ ᠤᠭᠰᠠᠷᠠᠬᠤ ᠠᠵᠢᠯ ᠢᠶᠠᠨ ᠱᠠᠯᠠᠪᠳᠠᠭᠤᠯᠤᠨ | ᠬᠢᠵᠦ ᠪᠠᠶᠢᠯ᠎ᠠ᠃ ᠣᠳᠣᠬᠠᠨ ᠳᠤ᠂ ᠲᠥᠷᠥᠯ ᠵᠦᠢᠯ ᠨᠢ ᠨᠢᠭᠡᠨᠲᠡ ᠠᠶᠤᠯᠲᠠᠢ ᠬᠠᠶᠠᠭᠳᠠᠮᠠᠯ ᠪᠣᠳᠠᠰ ᠢ ᠰᠢᠲᠠᠭᠠᠬᠤ ᠦᠢᠯᠡᠳᠪᠦᠷᠢᠯᠡᠯ ᠤᠨ ᠰᠢᠰᠲ᠋ᠧᠮ᠂ ᠪᠣᠬᠢᠷ ᠤᠰᠤ ᠶᠢ | ᠰᠢᠢᠳᠪᠦᠷᠢᠯᠡᠬᠦ ᠲᠠᠰᠤᠭ ᠵᠡᠷᠭᠡ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠲᠥᠷᠤᠯ ᠵᠦᠢᠯ ᠨᠢ ᠠᠰᠢᠭᠯᠠᠯᠲᠠ ᠳᠤ | ᠣᠷᠣᠭᠰᠠᠨ ᠤ ᠲᠠᠷᠠᠭ᠎ᠠ ᠪᠦᠬᠦ ᠬᠤᠳᠠ ᠶᠢᠨ ᠬᠢᠮᠢ ᠶᠢᠨ ᠦᠢᠯᠡᠳᠪᠦᠷᠢ ᠶᠢᠨ ᠭᠠᠷᠭᠠᠭᠰᠠᠨ ᠠᠶᠤᠯᠲᠠᠢ ᠬᠠᠶᠠᠭᠳᠠᠮᠠᠯ ᠪᠣᠳᠠᠰ ᠢ ᠠᠶᠤᠯᠭᠦᠢ ᠪᠥᠭᠡᠳ ᠪᠦᠲᠦᠮᠵᠢᠲᠡᠶ ᠪᠠᠷ | ᠰᠢᠢᠳᠪᠦᠷᠢᠯᠡᠨ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯᠣᠨ᠎ᠠ᠃ | ᠡᠨᠡ ᠵᠢᠯ᠂ ᠮᠠᠨ ᠤ ᠬᠤᠰᠢᠭᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 29 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ | ᠣᠷᠣᠭᠤᠯᠤᠯᠲᠠ ᠨᠢ 747 ᠳ᠋ᠦᠩᠰᠢᠭᠤᠷ ᠲᠥᠭᠦᠷᠢᠭ ᠲᠤ ᠬᠦᠷᠴᠦ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ 29 ᠭᠤᠣᠯᠳᠠᠯᠭ᠎ᠠ ᠲᠠᠢ ᠲᠥᠷᠥᠯ ᠵᠦᠢᠯ | ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ 89.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ ᠨᠣᠮᠢᠨ ᠲᠠᠩᠰᠤᠭ ᠦᠦᠰᠢᠨ ᠤ | ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠳᠤ ᠰᠠᠭᠤᠷᠢ ᠲᠠᠯᠪᠢᠵᠤ ᠪᠠᠶᠢᠨ᠎ᠠ᠃ | | | |