ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠭᠦᠭᠵᠢᠬᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2022 ᠣᠨ ᠤ 9 ᠰᠠᠷ᠎ᠠ ᠶᠢᠨ 26 | | | | | | ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠶᠢ | ᠲᠦᠷᠭᠡᠳᠬᠡᠨ ᠭᠦᠭᠵᠢᠬᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ | | | ᠲᠣᠭᠠᠴᠢᠯᠠᠭᠰᠠᠨ ᠠᠵᠤ ᠠᠬᠤᠢ ᠶᠢᠨ ᠶᠡᠭᠡ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ | ᠲᠣᠭᠠᠴᠢᠯᠠᠯᠲᠠ ᠶᠢ ᠠᠬᠢᠭᠤᠯᠵᠤ᠂ ︽ᠲᠣᠭᠠᠴᠢᠯᠠᠬᠤ᠂ ᠰᠦᠯᠵᠢᠶᠡᠵᠢᠭᠦᠯᠬᠦ᠂ ᠣᠶᠤᠨᠴᠢᠯᠠᠬᠤ︾ ᠪᠠᠷ ᠵᠢᠯᠣᠭᠤᠳᠤᠮᠵᠢ ᠪᠤᠯᠭᠠᠨ᠂ ᠣᠳᠣ ᠦᠶ᠎ᠡ ᠶᠢᠨ ᠮᠡᠳᠡᠭᠡ ᠵᠠᠩᠭᠢ | ᠰᠦᠯᠵᠢᠶ᠎ᠡ ᠪᠠᠷ ᠠᠴᠢᠶᠠᠯᠠᠪᠤᠷᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠪᠠᠷ ᠭᠤᠣᠯᠳᠠᠯᠭ᠎ᠠ ᠪᠣᠯᠭᠠᠭᠰᠠᠨ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢᠶᠠᠷ ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠠᠭᠤᠰᠣᠯᠴᠠᠭᠰᠠᠨ ᠬᠤᠰᠢᠭᠤᠴᠢ ᠣᠷᠣᠨ ᠪᠠᠶᠢᠭᠤᠯᠬᠤ ᠶᠢ ᠠᠬᠢᠭᠤᠯᠵᠤ᠂ ︽ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 66 ᠳ᠋ᠤᠭᠠᠷ ᠲᠣᠭᠠᠲᠤ︶ ᠪᠠ ︽ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2019﹈ | 23 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ | ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠭᠤᠣᠯᠳᠠᠯᠭ᠎ᠠ ᠲᠠᠢ ᠲᠥᠷᠥᠯ ᠵᠦᠢᠯ ᠢ ᠪᠣᠶᠢᠵᠢᠭᠤᠯᠤᠨ ᠣᠷᠣᠭᠤᠯᠬᠤ᠃ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠣᠷᠣᠨ ᠬᠡᠰᠡᠭ ᠤᠨ ᠬᠡᠯᠬᠢᠶ᠎ᠡ᠂ | ᠬᠦᠮᠦᠨᠴᠢ ᠴᠢᠳᠠᠪᠤᠷᠢ ᠵᠡᠷᠭᠡ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠠᠵᠤ ᠦᠢᠯᠡᠰ ᠢ ᠣᠷᠣᠭᠤᠯᠬᠤ ᠶᠢ ᠳᠡᠮᠵᠢᠵᠦ᠂ ᠲᠣᠭᠠᠴᠢᠯᠠᠭᠰᠠᠨ ᠠᠵᠤ | ᠠᠬᠤᠢ ᠶᠢᠨ ᠠᠵᠤ ᠠᠬᠤᠶᠢᠯᠠᠯ ᠤᠨ ᠬᠢᠶ᠎ᠠ ᠪᠠᠭᠰᠢ ᠲᠣᠭᠤᠷᠢᠭ ᠲᠤ ᠰᠢᠭᠤᠳ ᠪᠡᠯᠡ ᠣᠷᠣᠭᠤᠯᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ | ᠠᠵᠤ ᠠᠬᠤᠶᠢᠯᠠᠯ ᠪᠠᠶᠢᠭᠤᠯᠬᠤ ᠶᠢ ᠵᠤᠷᠢᠭᠵᠢᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢ᠂ | ᠲᠥᠷᠥᠯ ᠵᠦᠢᠯ ᠤᠨ ᠬᠡᠪ ᠤᠨ ᠡᠵᠡᠩᠨᠡᠯᠲᠡ ᠨᠢ ᠨᠢᠭᠡ ᠵᠢᠯ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠳᠤ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ | ᠨᠢ ᠲᠡᠭᠦᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠢᠴᠠᠯ ᠤᠨ 1% ᠪᠠᠷ ᠨᠢᠭᠡ ᠣᠳᠠᠭᠠᠨ ᠤ ᠴᠢᠨᠠᠷᠲᠠᠢ ᠱᠠᠩᠨᠠᠯ ᠣᠯᠭᠤᠵᠤ᠂ ᠬᠠᠮᠤᠭ ᠤᠨ | ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠡᠭᠦᠯᠡᠨ ᠳᠤ ᠭᠠᠷᠬᠤ ᠭᠦᠭᠵᠢᠯᠳᠡ ᠶᠢ ᠳᠡᠮᠵᠢᠬᠦ᠃ ᠠᠵᠤ ᠠᠬᠤᠶᠢᠯᠠᠯ ᠤᠨ ᠰᠠᠭᠤᠷᠢ | ᠪᠡᠯᠡᠳᠬᠡᠮᠵᠢ᠂ ᠲᠠᠪᠴᠠᠩ ᠰᠢᠰᠲ᠋ᠧᠮ ᠪᠠ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠡᠭᠦᠯᠡᠨ ᠳᠤ ᠭᠠᠷᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠶ᠎ᠠ | ᠪᠠᠭᠰᠢ ᠲᠣᠭᠤᠷᠢᠭ ᠲᠤ ᠳᠠᠩᠰᠠᠯᠠᠭᠤᠯᠤᠭᠰᠠᠨ ᠵᠢᠯ ᠤᠨ ᠥᠪᠡᠰᠦᠪᠡᠨ ᠬᠡᠷᠡᠭᠯᠡᠬᠦ ᠡᠭᠦᠯᠡᠨ ᠦᠢᠯᠡᠴᠢᠯᠡᠭᠡᠨ ᠤ ᠵᠠᠷᠤᠳᠠᠯ ᠨᠢ 10 ᠲᠦᠮᠡᠨ ᠲᠥᠭᠦᠷᠢᠭ ᠢ ᠳᠠᠪᠠᠭᠰᠠᠨ | ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠳᠤ 20% ᠠᠴᠠ ᠬᠡᠲᠦᠷᠡᠭᠦᠯᠬᠦ ᠦᠭᠡᠢ ᠪᠠᠷ ᠡᠭᠦᠯᠡᠨ ᠳᠤ ᠭᠠᠷᠬᠤ ᠨᠥᠬᠦᠪᠦᠷᠢ ᠣᠯᠭᠤᠵᠤ᠂ ᠨᠢᠭᠡ ᠠᠵᠤ | ᠠᠬᠤᠶᠢᠯᠠᠯ ᠳᠤ ᠥᠭᠬᠦ ᠵᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠥᠷᠭᠦᠯᠵᠢᠯᠡᠭᠰᠡᠨ | ᠨᠦᠬᠦᠪᠦᠷᠢ ᠶᠢ 3 ᠵᠢᠯ ᠠᠴᠠ ᠬᠡᠲᠦᠷᠡᠭᠦᠯᠬᠦ ᠦᠭᠡᠢ᠃ | ᠭᠤᠷᠪᠠ᠂ ᠠᠵᠤ ᠠᠬᠤᠶᠢᠯᠠᠯ ᠤᠨ ᠭᠠᠳᠠᠭᠰᠢ ᠥᠷᠭᠡᠳᠬᠡᠨ ᠬᠥᠭᠵᠢᠭᠦᠯᠬᠦ ᠶᠢ ᠵᠤᠷᠢᠭᠵᠢᠭᠤᠯᠬᠤ᠃ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ᠂ | ᠪᠡᠭᠡᠵᠢᠩ᠂ ᠱᠠᠩᠬᠠᠢ᠂ ᠱᠧᠨᠵᠧᠨ᠂ ᠴᠧᠩᠳᠦ᠋᠂ ᠰᠦᠵᠧᠦ ᠵᠡᠷᠭᠡ ᠬᠥᠭᠵᠢᠭᠰᠡᠨ ᠬᠤᠲᠠ ᠳᠤ ᠰᠤᠳᠤᠯᠤᠨ ᠨᠡᠭᠡᠭᠡᠬᠦ ᠲᠥᠪ ᠪᠠᠶᠢᠭᠤᠯᠤᠭᠰᠠᠨ ᠪᠥᠭᠡᠳ ᠬᠢᠶ᠎ᠠ ᠪᠠᠭᠰᠢ | ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ ᠲᠣᠭᠠᠴᠢᠯᠠᠭᠰᠠᠨ ᠠᠵᠤ | ᠠᠬᠤᠢ ᠶᠢᠨ ᠠᠵᠤ ᠠᠬᠤᠶᠢᠯᠠᠯ ᠳᠤ ᠵᠠᠰᠠᠭ ᠤᠨ ᠣᠷᠳᠣᠨ ᠠᠴᠠ ᠠᠯᠪᠠᠯᠠᠬᠤ ᠭᠡᠷ ᠪᠠᠶᠢᠰᠢᠩ᠂ ᠠᠯᠪᠠᠯᠠᠬᠤ ᠲᠥᠬᠦᠭᠡᠷᠦᠮᠵᠢ ᠶᠢᠨ ᠲᠠᠯ᠎ᠠ ᠪᠠᠷ ᠵᠣᠬᠢᠴᠠᠩᠭᠤᠢ ᠳᠡᠮᠵᠢᠯᠭᠡ | ᠦᠵᠡᠭᠦᠯᠵᠦ᠂ ᠬᠠᠮᠤᠭ ᠤᠨ ᠥᠨᠳᠥᠷ ᠲᠡᠭᠡᠨ ᠨᠢᠭᠡ ᠤᠳᠠᠭᠠᠨ ᠤ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠳᠥᠷᠪᠡ᠂ ᠠᠵᠤ ᠠᠬᠤᠶᠢᠯᠠᠯ ᠤᠨ ᠲᠠᠪᠴᠠᠩ ᠤᠨ ᠪᠠᠶᠢᠭᠤᠯᠤᠯᠲᠠ ᠶᠢ ᠵᠤᠷᠢᠭᠵᠢᠭᠤᠯᠬᠤ᠃ ᠰᠢᠨ᠎ᠡ ᠪᠠᠷ ᠰᠠᠭᠤᠷᠢᠰᠢᠭᠰᠠᠨ ᠦᠶᠯᠡᠳᠬᠦ ᠦᠢᠯᠡᠰ ᠤᠨ | ᠰᠢᠨ᠎ᠡ ᠶᠢ ᠡᠭᠦᠳᠬᠦ ᠲᠥᠪ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ︵ | ᠮᠡᠷᠭᠡᠵᠢᠯ︶ ᠤᠨ ᠰᠤᠳᠤᠯᠭᠠᠨ ᠤ ᠲᠥᠪ᠂ ᠲᠣᠭᠠᠴᠢᠯᠠᠭᠰᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠵᠡᠷᠭᠡ ᠣᠯᠠᠨ ᠨᠡᠶᠢᠲᠡ ᠶᠢᠨ ᠰᠤᠳᠤᠯᠤᠨ ᠨᠡᠭᠡᠭᠡᠬᠦ | ᠲᠠᠪᠴᠠᠩ ᠳᠤ᠂ ᠵᠢᠩᠬᠢᠨᠢ ᠪᠠᠷ ᠨᠡᠶᠢᠲᠡᠯᠡᠭᠰᠡᠨ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠢᠶᠠᠨ ᠤᠯᠤᠰ ᠤᠨ ᠲᠠᠰ ᠤᠨ 80 ᠲᠦᠮᠡᠨ ᠲᠥᠭᠦᠷᠢᠭ᠂ | ᠥᠪᠡᠷᠲᠡᠭᠡᠨ ᠵᠠᠰᠠᠬᠤ ᠣᠷᠣᠨ ᠤ ᠲᠠᠰ ᠤᠨ 50 ᠲᠦᠮᠡᠨ ᠲᠥᠭᠦᠷᠢᠭ᠂ ᠬᠤᠲᠠ ᠶᠢᠨ ᠲᠠᠰ ᠤᠨ 20 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭᠠᠨ ᠤ | ᠴᠢᠨᠠᠷᠲᠠᠢ ᠪᠡᠯᠡ ᠮᠥᠩᠭᠦ ᠶᠢᠨ ᠱᠠᠩᠨᠠᠯ ᠣᠯᠭᠤᠵᠤ᠂ ᠰᠤᠳᠤᠯᠤᠨ ᠨᠡᠭᠡᠭᠡᠬᠦ ᠲᠠᠪᠴᠠᠩ ᠤᠨ ᠬᠥᠭᠵᠢᠯᠲᠡ ᠳᠤ ᠬᠡᠷᠡᠭᠯᠡᠨ᠎ᠡ᠃ ᠰᠢᠨ᠎ᠡ ᠪᠠᠷ ᠰᠠᠭᠤᠷᠢᠰᠢᠭᠰᠠᠨ | ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠤᠨ ᠠᠵᠤ ᠠᠬᠤᠶᠢᠯᠠᠯ᠂ | ᠲᠠᠪᠴᠠᠩ ᠤᠨ ᠠᠵᠤ ᠠᠬᠤᠢ ᠶᠢᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠂ ᠡᠰᠡᠬᠦᠯ᠎ᠡ ᠰᠢᠨ᠎ᠡ ᠪᠠᠷ ᠬᠥᠭᠵᠢᠭᠰᠡᠨ ᠲᠣᠭᠠᠴᠢᠯᠠᠭᠰᠠᠨ ᠠᠷᠠᠯᠵᠢᠶ᠎ᠠ ᠬᠤᠳᠠᠯᠳᠤᠭ᠎ᠠ᠂ | ᠣᠶᠣᠨ ᠪᠢᠯᠢᠭ ᠤᠨ ᠡᠳ᠋ ᠪᠠᠷᠠᠭᠠᠨ ᠤ ᠭᠦᠢᠯᠭᠡᠭᠡ᠂ ᠲᠣᠭᠠᠴᠢᠯᠠᠭᠰᠠᠨ ᠰᠣᠶᠣᠯ ᠵᠢᠭᠤᠯᠴᠢᠯᠠᠯ᠂ ᠲᠣᠭᠠᠴᠢᠯᠠᠭᠰᠠᠨ ᠲᠠᠷᠢᠶᠠᠯᠠᠩ ᠵᠡᠷᠭᠡ ᠲᠠᠪᠴᠠᠩ ᠤᠨ ᠬᠡᠯᠪᠡᠷᠢ ᠶᠢᠨ | ᠠᠵᠤ ᠠᠬᠤᠢ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | ᠲᠠᠪᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠲᠡᠯᠠᠪᠤᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃ ᠬᠦᠮᠦᠨᠴᠢ ᠴᠢᠳᠠᠪᠤᠷᠢ᠂ ᠮᠠᠰᠢᠨ | ᠲᠡᠷᠭᠡᠨ ᠤ ᠰᠦᠯᠵᠢᠶ᠎ᠡ᠂ ᠣᠷᠣᠨ ᠬᠡᠰᠡᠭ ᠤᠨ ᠬᠡᠯᠬᠢᠶ᠎ᠡ᠂ ᠭᠡᠶᠢᠰᠪᠤᠷᠢ ᠠᠬᠤᠢ᠂ ᠲᠣᠮᠣ ᠳ᠋ᠠᠶᠢᠲ᠋ᠠ᠂ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠦᠢᠯᠡᠴᠢᠯᠡᠭᠡ᠂ | ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ᠂ ᠣᠶᠣᠨ ᠪᠢᠯᠢᠭ ᠤᠨ ᠠᠭᠤᠷᠬᠠᠢ᠂ ᠬᠤᠲᠠ ᠶᠢᠨ ᠬᠠᠮᠢᠶᠠᠷᠤᠯᠲᠠ ᠵᠡᠷᠭᠡ ᠬᠡᠷᠡᠭᠯᠡᠭᠡᠨ ᠤ | ᠲᠡᠯᠠᠪᠤᠷ ᠵᠢᠴᠢ ᠬᠢᠶ᠎ᠠ ᠪᠠᠭᠰᠢ ᠲᠣᠭᠤᠷᠢᠭ ᠤᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠴᠢᠯᠦᠭᠡᠲᠡᠢ ᠪᠣᠯᠭᠠᠭᠰᠠᠨ ᠪᠤᠰᠤᠳ ᠲᠣᠭᠠᠴᠢᠯᠠᠭᠰᠠᠨ ᠲᠡᠯᠠᠪᠤᠷ ᠤᠨ | ᠪᠦᠲᠦᠭᠡᠨ ᠪᠠᠶᠢᠭᠤᠯᠤᠯᠲᠠ ᠶᠢ ᠳᠡᠮᠵᠢᠨ᠎ᠡ︔ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ ᠡᠮᠴᠢᠯᠡᠭᠡ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠰᠣᠶᠣᠯ | ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠡᠪᠴᠢᠶᠠᠨ ᠤ ᠲᠣᠭᠤᠷᠢᠨ ᠳᠤ 5G᠂ ᠰᠢᠨ᠎ᠡ ᠨᠢᠭᠡ ᠦᠶ᠎ᠡ ᠶᠢᠨ ᠢᠨᠲ᠋ᠧᠷ ᠰᠦᠯᠵᠢᠶ᠎ᠡ᠂ ᠪᠤᠳᠠᠰ ᠤᠨ | ᠢᠨᠲ᠋ᠧᠷ ᠰᠦᠯᠵᠢᠶ᠎ᠡ ᠵᠡᠷᠭᠡ ᠲᠣᠭᠠᠴᠢᠯᠠᠭᠰᠠᠨ ᠰᠠᠭᠤᠷᠢ ᠪᠡᠯᠡᠳᠬᠡᠮᠵᠢ ᠳᠤ ᠰᠠᠭᠤᠷᠢᠯᠠᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠪᠠ ᠬᠡᠷᠡᠭᠯᠡᠭᠡᠨ ᠢ ᠥᠷᠨᠢᠭᠦᠯᠬᠦ ᠶᠢ | ᠳᠡᠮᠵᠢᠨ᠎ᠡ᠃ ᠲᠤᠭᠤᠷᠢᠭ ᠤᠨ ᠵᠠᠰᠠᠭ ᠤᠨ ᠣᠷᠳᠣᠨ ᠡᠯ᠎ᠡ ᠲᠥᠷᠥᠯ ᠤᠨ ᠬᠡᠷᠡᠭᠯᠡᠭᠡᠨ ᠤ ᠲᠡᠯᠠᠪᠤᠷ ᠤᠨ ᠦᠢᠯᠡᠳᠦᠯᠭᠡ ᠳᠤ ᠴᠢᠬᠤᠯᠠ ᠪᠦᠬᠦᠢ ᠦᠢᠯᠡᠴᠢᠯᠡᠭᠡ ᠬᠠᠩᠭᠠᠵᠤ᠂ | ᠰᠠᠭᠤᠷᠢᠰᠢᠭᠰᠠᠨ ᠵᠢᠩᠬᠢᠨᠢ ᠪᠠᠷ ᠠᠵᠢᠯᠯᠠᠵᠤ ᠪᠠᠶᠢᠭ᠎ᠠ ᠬᠡᠷᠡᠭᠯᠡᠭᠡᠨ ᠤ ᠲᠠᠯᠠᠪᠤᠷ ᠲᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠪᠡᠯᠡ | ᠮᠥᠩᠭᠦ ᠶᠢᠨ ᠳᠡᠮᠵᠢᠯᠭᠡ ᠦᠵᠡᠭᠦᠯᠦᠨ᠎ᠡ᠃ | ᠵᠢᠷᠭᠤᠭ᠎ᠠ᠂ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ᠃ ᠮᠠᠨ ᠤ ᠲᠤᠭᠤᠷᠢᠭ ᠲᠤ | ᠵᠥᠭᠡᠯᠡᠨ ᠲᠣᠨᠤᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠥᠪ ︵ᠮᠡᠷᠭᠡᠵᠢᠯ ᠤᠨ ᠬᠤᠯᠪᠣᠭ᠎ᠠ︶ ᠳᠤ ᠪᠡᠯᠡ ᠣᠷᠣᠭᠤᠯᠤᠨ ᠪᠦᠲᠦᠭᠡᠨ | ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠂ ᠨᠤᠲᠠᠯᠠᠬᠤ ᠪᠠᠷ ᠳᠡᠮᠵᠢᠨ᠂ ᠦᠨᠡᠨᠬᠦ ᠬᠥᠭᠵᠢᠯᠲᠡ ᠶᠢᠨ ᠳᠠᠯᠳᠠ ᠬᠦᠴᠦᠨ ᠲᠠᠢ ᠪᠤᠶᠤ ᠦᠷ᠎ᠡ | ᠪᠦᠲᠦᠮᠵᠢ ᠨᠢ ᠢᠯᠡᠷᠬᠡᠢ ᠪᠠᠶᠢᠪᠠᠯ᠂ ᠠᠵᠢᠯᠯᠠᠬᠤ ᠲᠠᠯᠠᠪᠤᠷ ᠭᠠᠵᠠᠷ ᠪᠤᠶᠤ ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ ᠪᠥᠬᠦ ᠤᠯᠤᠰ ᠤᠨ ᠡᠯᠧᠺᠲᠷᠣᠨ ᠮᠡᠳᠡᠭᠡ | ᠵᠠᠩᠭᠢ ᠶᠢᠨ ᠵᠠᠭᠤᠨ ᠬᠦᠴᠦᠷᠬᠡᠭ᠂ ᠢᠨᠲ᠋ᠧᠷ ᠰᠦᠯᠵᠢᠶᠠᠨ ᠤ ᠵᠠᠭᠤᠨ ᠬᠦᠴᠦᠷᠬᠡᠭ ᠲᠤ ᠠᠩᠬ᠎ᠠ ᠤᠳᠠᠭ᠎ᠠ ᠣᠷᠣᠭᠰᠠᠨ ᠮᠠᠨ ᠤ ᠲᠤᠭᠤᠷᠢᠭ ᠤᠨ ᠠᠵᠤ ᠠᠬᠤᠶᠢᠯᠠᠯ ᠳᠤ | ᠬᠠᠮᠤᠭ ᠤᠨ ᠥᠨᠳᠥᠷ ᠲᠡᠭᠡᠨ ᠨᠢᠭᠡ ᠤᠳᠠᠭᠠᠨ ᠤ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠳᠣᠯᠤᠭ᠎ᠠ᠂ ᠠᠵᠤ ᠦᠢᠯᠡᠳᠪᠦᠷᠢ ᠶᠢᠨ ᠲᠣᠭᠠᠴᠢᠯᠠᠭᠰᠠᠨ ᠬᠥᠭᠵᠢᠯᠲᠡ ᠶᠢ ᠳᠡᠮᠵᠢᠬᠦ᠃ ᠮᠠᠨ ᠤ ᠲᠤᠭᠤᠷᠢᠭ ᠲᠤ ᠤᠯᠤᠰ ᠤᠨ ᠪᠤᠶᠤ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ ᠢᠯᠡᠷᠬᠡᠶᠢᠯᠡᠭᠴᠢ ᠶᠢᠨ ᠵᠠᠳᠠᠯᠤᠯᠲᠠ ᠶᠢᠨ ᠵᠠᠩᠭᠢᠶᠠᠰᠤ ᠶᠢᠨ ᠪᠦᠲᠦᠭᠡᠨ | ᠪᠠᠶᠢᠭᠤᠯᠤᠯᠲᠠ᠂ ᠭᠤᠤᠯᠯᠠᠭᠴᠢ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠦᠶᠯᠡᠳᠬᠦ ᠦᠢᠯᠡᠰ ᠬᠢᠭᠡᠳ ᠢᠨᠲ᠋ᠧᠷ ᠰᠦᠯᠵᠢᠶ᠎ᠡ ᠶᠢ | ᠠᠭᠤᠰᠤᠯᠴᠠᠭᠤᠯᠬᠤ ᠲᠤᠷᠰᠢᠯᠲᠠ ᠶᠢᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠢᠯ᠂ ᠤᠯᠤᠰ ᠤᠨ ᠲᠠᠰ ᠤᠨ ᠣᠷᠣᠨ ᠬᠡᠰᠡᠭ ᠤᠨ ᠬᠡᠯᠬᠢᠶᠠᠨ ᠤ ᠬᠡᠷᠡᠭᠯᠡᠭᠡᠨ ᠤ | ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 200 ᠲᠦᠮᠡᠨ | ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | ᠨᠠᠢᠮᠠ᠂ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃ 5G ᠰᠦᠯᠵᠢᠶᠠᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠠᠰ ᠳᠡᠪᠰᠢᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠠᠴᠠ ᠣᠷᠣᠨ ᠬᠡᠰᠡᠭ ᠤᠨ ᠬᠡᠯᠬᠢᠶᠠᠨ | ᠤ ᠰᠢᠨ᠎ᠡ ᠮᠡᠷᠭᠡᠵᠢᠯ ᠤᠨ ᠰᠠᠭᠤᠷᠢ ᠪᠡᠯᠡᠳᠬᠡᠮᠵᠢ᠂ ᠬᠡᠲᠦ ᠺᠣᠮᠫᠢᠦ᠋ᠲ᠋ᠧᠷ ᠤᠨ ᠲᠥᠪ ᠤᠨ ᠪᠤᠳᠤᠬᠤ ᠬᠦᠴᠦᠨ ᠤ ᠰᠠᠭᠤᠷᠢ ᠪᠡᠯᠡᠳᠬᠡᠮᠵᠢ᠂ 5G ᠶᠢᠨ ᠰᠠᠭᠤᠷᠢ | ᠥᠷᠳᠡᠭᠡᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ᠂ ᠦᠢᠯᠡᠴᠢᠯᠡᠭᠡ ᠬᠠᠩᠭᠠᠨ᠎ᠠ᠃ | ᠶᠢᠰᠦ᠂ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃ ᠲᠣᠭᠠᠴᠢᠯᠠᠭᠰᠠᠨ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠣᠶᠢᠵᠢᠭᠤᠯᠵᠤ᠂ ᠬᠤᠲᠠ ᠶᠢᠨ ᠳᠡᠰ ᠵᠢᠴᠢ ᠬᠤᠲᠠ ᠶᠢᠨ ᠳᠡᠰ ᠠᠴᠠ ᠳᠡᠭᠡᠭᠰᠢᠬᠢ ᠵᠠᠰᠠᠭ ᠤᠨ ᠣᠷᠳᠣᠨ ᠠᠴᠠ | ᠦᠨᠡᠮᠰᠢᠭᠰᠡᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠭᠦᠯᠬᠦ ᠰᠠᠭᠤᠷᠢᠨ ᠭᠠᠵᠠᠷ ᠪᠤᠶᠤ ᠠᠵᠤ ᠦᠢᠯᠡᠰ ᠤᠨ ᠬᠦᠷᠢᠶᠡᠯᠡᠩ ᠳᠤ ᠵᠢᠯ ᠪᠦᠷᠢ ᠬᠠᠮᠤᠭ ᠤᠨ | ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠱᠠᠩᠨᠠᠯ ᠢ ᠪᠡᠯᠡ ᠮᠥᠩᠭᠦ ᠪᠤᠶᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠨᠠᠶᠢᠳᠠᠪᠤᠷᠢᠵᠢᠭᠤᠯᠵᠤ᠂ ᠰᠠᠭᠤᠷᠢᠨ ᠭᠠᠵᠠᠷ ᠪᠤᠶᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ | ᠵᠣᠷᠢᠭᠵᠢᠭᠤᠯᠤᠨ᠎ᠠ᠃ | ᠠᠷᠪᠠ᠂ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠲᠦᠷᠦᠭᠦᠴᠦᠳ ᠤᠨ ᠬᠤᠷᠠᠯ᠂ ᠦᠭᠦᠯᠡᠯ ᠤᠨ ᠲᠠᠪᠴᠠᠩ᠂ ᠤᠷᠤᠯᠳᠤᠭᠠᠨ ᠡᠷᠬᠢᠯᠡᠬᠦ ᠶᠢ | ᠵᠤᠷᠢᠭᠵᠢᠭᠤᠯᠬᠤ᠃ ᠮᠠᠨ ᠤ ᠲᠤᠭᠤᠷᠢᠭ ᠲᠤ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠲᠦᠷᠦᠭᠦᠴᠦᠳ ᠤᠨ ᠬᠤᠷᠠᠯ᠂ ᠦᠭᠦᠯᠡᠯ ᠤᠨ ᠲᠠᠪᠴᠠᠩ᠂ | ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠡᠷᠭᠢᠯᠡᠬᠦ ᠳᠤ᠂ ᠠᠵᠢᠯᠯᠠᠭ᠎ᠠ ᠶᠢᠨ ᠠᠭᠤᠯᠭ᠎ᠠ᠂ ᠬᠡᠪᠴᠢᠶ᠎ᠡ᠂ ᠵᠢᠱᠢᠭᠰᠡᠨ ᠦᠷ᠎ᠡ ᠪᠦᠲᠦᠮᠵᠢ ᠵᠡᠷᠭᠡ ᠶᠢ | ᠦᠨᠳᠦᠰᠦᠯᠡᠨ᠂ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠨ ᠳᠡᠮᠵᠢᠯᠭᠡ ᠦᠵᠡᠭᠦᠯᠦᠨ᠎ᠡ᠃ | ᠠᠷᠪᠠᠨ ᠨᠢᠭᠡ᠂ ᠲᠣᠭᠠᠴᠢᠯᠠᠭᠰᠠᠨ ᠠᠵᠤ ᠠᠬᠤᠢ ᠶᠢᠨ ᠴᠢᠳᠠᠪᠤᠷᠢᠲᠠᠨ ᠢ ᠣᠷᠣᠭᠤᠯᠬᠤ ᠬᠥᠮᠥᠵᠢᠭᠦᠯᠬᠦ ᠶᠢ ᠴᠢᠩᠭᠠᠳᠬᠠᠬᠤ᠃ ᠴᠢᠳᠠᠪᠤᠷᠢᠲᠠᠨ ᠢ | ᠣᠷᠣᠭᠤᠯᠬᠤ ᠬᠥᠮᠥᠵᠢᠭᠦᠯᠬᠦ ᠲᠠᠯ᠎ᠠ ᠪᠠᠷ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠣᠷᠳᠣᠰ ᠬᠤᠲᠠ ᠶᠢᠨ ᠲᠥᠷᠥ ᠶᠢᠨ ᠪᠣᠳᠣᠯᠭ᠎ᠠ ᠨᠤᠭᠤᠳ︾ ︵︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ︾ ᠭᠡᠵᠦ | ᠲᠣᠪᠴᠢᠯᠠᠨ᠎ᠠ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠳᠡᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠠᠯ᠎ᠠ ᠪᠠᠷ ︽ᠣᠷᠳᠣᠰ ᠬᠤᠲᠠ ᠶᠢᠨ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ | ︶︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠠᠷᠪᠠᠨ ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠬᠤ᠃ ᠲᠤᠭᠤᠷᠢᠭ ᠤᠨ ᠵᠠᠰᠠᠭ ᠤᠨ ᠣᠷᠳᠣᠨ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠲᠣᠭᠠᠴᠢᠯᠠᠭᠰᠠᠨ ᠠᠵᠤ | ᠠᠬᠤᠢ ᠶᠢᠨ ᠠᠵᠤ ᠠᠬᠤᠶᠢᠯᠠᠯ ᠢ ᠪᠣᠶᠢᠵᠢᠭᠤᠯᠬᠤ᠂ ᠤᠷᠤᠭᠤᠯᠬᠤ ᠵᠢᠴᠢ ᠲᠣᠭᠠᠴᠢᠯᠠᠭᠰᠠᠨ ᠠᠵᠤ ᠠᠬᠤᠢ ᠶᠢᠨ ᠬᠡᠷᠡᠭᠯᠡᠭᠡᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠰᠣᠯᠢᠯᠴᠠᠭ᠎ᠠ ᠰᠤᠷᠤᠯᠴᠠᠯᠭ᠎ᠠ ᠪᠣᠯᠪᠠᠰᠤᠷᠠᠭᠤᠯᠤᠯ᠂ ᠲᠣᠭᠠᠴᠢᠯᠠᠭᠰᠠᠨ | ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢ ᠭᠦᠨᠵᠡᠭᠡᠢ ᠠᠭᠤᠰᠤᠯᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠪᠠ ᠵᠦᠢᠯᠡᠰ ᠲᠤ ᠲᠤᠰᠬᠠᠢ | ᠬᠡᠷᠡᠭᠯᠡᠨ᠎ᠡ᠃ | ᠠᠷᠪᠠᠨ ᠭᠤᠷᠪᠠ᠂ ᠲᠣᠰ ᠠᠷᠭ᠎ᠠ ᠬᠡᠮᠵᠢᠶ᠎ᠡ ᠶᠢᠨ ᠳᠡᠮᠵᠢᠬᠦ ᠡᠲᠡᠭᠡᠳ ᠨᠢ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠮᠡᠷᠭᠡᠵᠢᠯ᠂ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠪᠠ ᠣᠶᠣᠨᠳᠣ ᠦᠶᠯᠡᠳᠬᠦ ᠵᠡᠷᠭᠡ ᠲᠣᠭᠠᠴᠢᠯᠠᠭᠰᠠᠨ ᠠᠵᠤ | ᠠᠬᠤᠢ ᠶᠢᠨ ᠲᠥᠷᠥᠯ ᠪᠣᠯᠬᠤ ᠪᠥᠭᠡᠳ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ᠂ ᠬᠠᠤᠯᠢ ᠶᠣᠰᠣᠭᠠᠷ ᠭᠠᠶᠢᠯᠢ ᠲᠤᠰᠢᠶᠠᠭᠰᠠᠨ᠂ ᠪᠥᠬᠦᠳᠡ ᠶᠢ | ᠲᠤᠰᠢᠶᠠᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠦᠭᠰᠡᠨ ᠠᠵᠤ | ᠠᠬᠤᠶᠢᠯᠠᠯ ᠪᠣᠯᠣᠨ᠎ᠠ᠃ ᠲᠣᠰ ᠠᠷᠭ᠎ᠠ ᠬᠡᠮᠵᠢᠶ᠎ᠡ ᠶᠢ ᠬᠡᠷᠡᠭᠯᠡᠬᠦ ᠶᠢᠨ ᠬᠠᠮᠲᠤ ᠪᠠᠰᠠ ᠬᠢᠶ᠎ᠠ ᠪᠠᠭᠰᠢ ᠲᠣᠭᠤᠷᠢᠭ ᠤᠨ ᠪᠤᠰᠤᠳ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠬᠦ ᠳᠤ ᠭᠦᠷᠪᠡᠯ᠂ ᠰᠢᠯᠢᠳᠡᠭ ᠢ ᠨᠢ ᠰᠣᠩᠭᠤᠨ ᠥᠯᠥ ᠳᠠᠪᠬᠤᠷᠳᠠᠭᠤᠯᠬᠤ ᠵᠠᠷᠴᠢᠮ ᠶᠣᠰᠣᠭᠠᠷ ᠭᠦᠢᠴᠡᠳᠬᠡᠨ᠂ ᠳᠡᠮᠵᠢᠬᠦ᠂ | ᠱᠠᠩᠨᠠᠬᠤ ᠪᠠ ᠲᠤᠰᠠᠯᠠᠬᠤ ᠳᠤ ᠬᠤᠯᠪᠣᠭᠳᠠᠬᠤ ᠪᠡᠯᠡ ᠮᠥᠩᠭᠦ ᠶᠢ ︽ᠨᠢᠭᠡ ᠬᠡᠷᠡᠭ ᠢ ᠨᠢᠭᠡ ᠵᠥᠪᠯᠡᠬᠦ︾ ᠲᠥᠷᠥᠯ ᠵᠦᠢᠯ ᠠᠴᠠ ᠪᠤᠰᠤᠳ ᠢ ᠨᠢ ᠴᠥᠮ ᠵᠥᠪᠰᠢᠶᠡᠷᠡᠯ | ᠣᠯᠣᠭᠰᠠᠨ᠂ ᠰᠠᠭᠤᠷᠢᠰᠢᠭᠰᠠᠨ ᠤ ᠳᠠᠷᠠᠭ᠎ᠠ ᠵᠢᠯ ᠳᠤᠨᠢ ᠭᠦᠢᠴᠡᠳᠬᠡᠵᠦ᠂ ᠬᠤᠯᠪᠣᠭᠳᠠᠬᠤ ᠵᠣᠭᠤᠰ ᠤᠨ ᠲᠥᠷᠥᠯ ᠵᠦᠢᠯ ᠨᠢ ᠴᠥᠮ ᠠᠷᠠᠳ ᠤᠨ ᠵᠣᠭᠤᠰ ᠪᠠᠶᠢᠵᠤ᠂ | ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ ᠠᠴᠠ ᠡᠮᠦᠨᠡᠬᠢ ᠵᠣᠭᠤᠰ ᠤᠨ ᠲᠤᠭ᠎ᠠ ᠪᠣᠯᠣᠨ᠎ᠠ᠃ 5 ᠵᠢᠯ ᠤᠨ ᠳᠣᠲᠣᠷ᠎ᠠ ᠬᠢᠶ᠎ᠠ ᠪᠠᠭᠰᠢ ᠲᠣᠭᠤᠷᠢᠭ ᠠᠴᠠ | ᠨᠡᠭᠦᠵᠦ ᠶᠠᠪᠤᠬᠤ ᠦᠭᠡᠢ ᠪᠠᠷ ᠠᠮᠠᠯᠳᠠᠵᠤ᠂ ᠬᠡᠷᠪᠡ ᠣᠨᠴᠠᠭᠠᠶ ᠪᠠᠶᠢᠳᠠᠯ ᠳᠣᠬᠢᠶᠠᠯᠳᠣᠨ ᠡᠷᠬᠡᠪᠰᠢ ᠨᠡᠭᠦᠵᠦ ᠶᠠᠪᠤᠬᠤ ᠬᠡᠷᠡᠭᠲᠡᠢ ᠪᠣᠯ ᠨᠢᠭᠡᠨᠲᠡ ᠣᠯᠣᠭᠰᠠᠨ ᠱᠠᠩᠨᠠᠯ | ᠪᠤᠶᠤ ᠨᠥᠬᠦᠪᠦᠷᠢ ᠶᠢ ᠪᠦᠬᠦᠨ ᠢᠶᠠᠷ ᠨᠢ ᠪᠤᠴᠠᠭᠠᠵᠤ ᠥᠭᠬᠦ ᠬᠡᠷᠡᠭᠲᠡᠢ᠃ | ᠠᠷᠪᠠᠨ ᠳᠥᠷᠪᠡ᠂ ᠲᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠵᠦ᠂ ᠬᠡᠷᠡᠭᠵᠢᠭᠦᠯᠦᠭᠰᠡᠨ | ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠵᠠᠰᠠᠪᠤᠷᠢ ᠣᠷᠣᠭᠤᠯᠤᠨ᠎ᠠ᠃ ᠲᠣᠰ ᠠᠷᠭ᠎ᠠ ᠬᠡᠮᠵᠢᠶ᠎ᠡ ᠨᠢ ᠬᠠᠤᠯᠢ ᠲᠣᠭᠲᠠᠭᠠᠯ ᠵᠢᠴᠢ ᠳᠡᠭᠡᠳᠦ ᠵᠡᠷᠭᠡ ᠶᠢᠨ | ᠲᠥᠷᠥ ᠶᠢᠨ ᠪᠣᠳᠣᠯᠭ᠎ᠠ ᠯᠤᠭ᠎ᠠ ᠮᠥᠷᠭᠦᠯᠳᠦᠪᠡᠯ᠂ ᠬᠠᠤᠯᠢ ᠲᠣᠭᠲᠠᠭᠠᠯ ᠪᠠ ᠳᠡᠭᠡᠳᠦ ᠵᠡᠷᠭᠡ ᠶᠢᠨ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠬᠢᠶ᠎ᠠ ᠪᠠᠭᠰᠢ | ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠢᠶ᠎ᠠ ᠪᠠᠭᠰᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︶ ᠨᠢ ᠲᠣᠰ ᠠᠷᠭ᠎ᠠ ᠬᠡᠮᠵᠢᠶ᠎ᠡ ᠶᠢ ᠪᠣᠳᠠᠲᠠᠢ ᠪᠠᠷ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠠᠬᠢᠭᠤᠯᠬᠤ ᠶᠢᠨ ᠬᠠᠮᠲᠤ ᠪᠣᠳᠠᠲᠠᠢ ᠲᠠᠶᠢᠯᠪᠤᠷᠢᠯᠠᠬᠤ ᠠᠵᠢᠯ ᠢ | ᠡᠭᠦᠷᠭᠡᠯᠡᠨ᠎ᠡ᠃ | | | | | | | |