ᠬᠢᠶ᠎ᠠ ᠪᠠᠭᠰᠢ ᠲᠤᠭᠤᠷᠢᠭ ᠤᠨ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠭᠦᠭᠵᠢᠬᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/11/11
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄        ︽ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠭᠦᠭᠵᠢᠬᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                              ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                       2022 ᠣᠨ ᠤ 9 ᠰᠠᠷ᠎ᠠ ᠶᠢᠨ 26              ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠶᠢ               ᠲᠦᠷᠭᠡᠳᠬᠡᠨ ᠭᠦᠭᠵᠢᠬᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ        ᠲᠣᠭᠠᠴᠢᠯᠠᠭᠰᠠᠨ ᠠᠵᠤ ᠠᠬᠤᠢ ᠶᠢᠨ ᠶᠡᠭᠡ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ︽ᠲᠣᠭᠠᠴᠢᠯᠠᠬᠤ᠂ ᠰᠦᠯᠵᠢᠶᠡᠵᠢᠭᠦᠯᠬᠦ᠂ ᠣᠶᠤᠨᠴᠢᠯᠠᠬᠤ︾ ᠪᠠᠷ ᠵᠢᠯᠣᠭᠤᠳᠤᠮᠵᠢ ᠪᠤᠯᠭᠠᠨ᠂ ᠣᠳᠣ ᠦᠶ᠎ᠡ ᠶᠢᠨ ᠮᠡᠳᠡᠭᠡ ᠵᠠᠩᠭᠢ ᠰᠦᠯᠵᠢᠶ᠎ᠡ ᠪᠠᠷ ᠠᠴᠢᠶᠠᠯᠠᠪᠤᠷᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠪᠠᠷ ᠭᠤᠣᠯᠳᠠᠯᠭ᠎ᠠ ᠪᠣᠯᠭᠠᠭᠰᠠᠨ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢᠶᠠᠷ ᠬᠢᠶ᠎ᠠ ᠪᠠᠭᠰᠢ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠠᠭᠤᠰᠣᠯᠴᠠᠭᠰᠠᠨ ᠬᠤᠰᠢᠭᠤᠴᠢ ᠣᠷᠣᠨ ᠪᠠᠶᠢᠭᠤᠯᠬᠤ ᠶᠢ ᠠᠬᠢᠭᠤᠯᠵᠤ᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 66 ᠳ᠋ᠤᠭᠠᠷ ᠲᠣᠭᠠᠲᠤ︶ ᠪᠠ ︽ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2019﹈ 23 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃        ᠨᠢᠭᠡ᠂ ᠭᠤᠣᠯᠳᠠᠯᠭ᠎ᠠ ᠲᠠᠢ ᠲᠥᠷᠥᠯ ᠵᠦᠢᠯ ᠢ ᠪᠣᠶᠢᠵᠢᠭᠤᠯᠤᠨ ᠣᠷᠣᠭᠤᠯᠬᠤ᠃ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠣᠷᠣᠨ ᠬᠡᠰᠡᠭ ᠤᠨ ᠬᠡᠯᠬᠢᠶ᠎ᠡ᠂ ᠬᠦᠮᠦᠨᠴᠢ ᠴᠢᠳᠠᠪᠤᠷᠢ ᠵᠡᠷᠭᠡ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠠᠵᠤ ᠦᠢᠯᠡᠰ ᠢ ᠣᠷᠣᠭᠤᠯᠬᠤ ᠶᠢ ᠳᠡᠮᠵᠢᠵᠦ᠂ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠬᠢᠶ᠎ᠠ ᠪᠠᠭᠰᠢ ᠲᠣᠭᠤᠷᠢᠭ ᠲᠤ ᠰᠢᠭᠤᠳ ᠪᠡᠯᠡ ᠣᠷᠣᠭᠤᠯᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠪᠠᠶᠢᠭᠤᠯᠬᠤ ᠶᠢ ᠵᠤᠷᠢᠭᠵᠢᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢ᠂ ᠲᠥᠷᠥᠯ ᠵᠦᠢᠯ ᠤᠨ ᠬᠡᠪ ᠤᠨ ᠡᠵᠡᠩᠨᠡᠯᠲᠡ ᠨᠢ ᠨᠢᠭᠡ ᠵᠢᠯ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠳᠤ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ  ᠨᠢ ᠲᠡᠭᠦᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠢᠴᠠᠯ ᠤᠨ 1% ᠪᠠᠷ ᠨᠢᠭᠡ ᠣᠳᠠᠭᠠᠨ ᠤ ᠴᠢᠨᠠᠷᠲᠠᠢ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃        ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠡᠭᠦᠯᠡᠨ ᠳᠤ ᠭᠠᠷᠬᠤ ᠭᠦᠭᠵᠢᠯᠳᠡ ᠶᠢ ᠳᠡᠮᠵᠢᠬᠦ᠃ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ᠂ ᠲᠠᠪᠴᠠᠩ ᠰᠢᠰᠲ᠋ᠧᠮ ᠪᠠ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠡᠭᠦᠯᠡᠨ ᠳᠤ ᠭᠠᠷᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ ᠵᠢᠯ ᠤᠨ ᠥᠪᠡᠰᠦᠪᠡᠨ ᠬᠡᠷᠡᠭᠯᠡᠬᠦ ᠡᠭᠦᠯᠡᠨ ᠦᠢᠯᠡᠴᠢᠯᠡᠭᠡᠨ ᠤ ᠵᠠᠷᠤᠳᠠᠯ ᠨᠢ 10 ᠲᠦᠮᠡᠨ ᠲᠥᠭᠦᠷᠢᠭ ᠢ ᠳᠠᠪᠠᠭᠰᠠᠨ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠳᠤ 20% ᠠᠴᠠ ᠬᠡᠲᠦᠷᠡᠭᠦᠯᠬᠦ ᠦᠭᠡᠢ ᠪᠠᠷ ᠡᠭᠦᠯᠡᠨ ᠳᠤ ᠭᠠᠷᠬᠤ ᠨᠥᠬᠦᠪᠦᠷᠢ ᠣᠯᠭᠤᠵᠤ᠂ ᠨᠢᠭᠡ ᠠᠵᠤ ᠠᠬᠤᠶᠢᠯᠠᠯ ᠳᠤ ᠥᠭᠬᠦ ᠵᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂  ᠥᠷᠭᠦᠯᠵᠢᠯᠡᠭᠰᠡᠨ ᠨᠦᠬᠦᠪᠦᠷᠢ ᠶᠢ 3 ᠵᠢᠯ ᠠᠴᠠ ᠬᠡᠲᠦᠷᠡᠭᠦᠯᠬᠦ ᠦᠭᠡᠢ᠃        ᠭᠤᠷᠪᠠ᠂ ᠠᠵᠤ ᠠᠬᠤᠶᠢᠯᠠᠯ ᠤᠨ ᠭᠠᠳᠠᠭᠰᠢ ᠥᠷᠭᠡᠳᠬᠡᠨ ᠬᠥᠭᠵᠢᠭᠦᠯᠬᠦ ᠶᠢ ᠵᠤᠷᠢᠭᠵᠢᠭᠤᠯᠬᠤ᠃ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ᠂ ᠪᠡᠭᠡᠵᠢᠩ᠂ ᠱᠠᠩᠬᠠᠢ᠂ ᠱᠧᠨᠵᠧᠨ᠂ ᠴᠧᠩᠳᠦ᠋᠂ ᠰᠦᠵᠧᠦ ᠵᠡᠷᠭᠡ ᠬᠥᠭᠵᠢᠭᠰᠡᠨ ᠬᠤᠲᠠ ᠳᠤ ᠰᠤᠳᠤᠯᠤᠨ ᠨᠡᠭᠡᠭᠡᠬᠦ ᠲᠥᠪ ᠪᠠᠶᠢᠭᠤᠯᠤᠭᠰᠠᠨ ᠪᠥᠭᠡᠳ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠳᠤ ᠵᠠᠰᠠᠭ ᠤᠨ ᠣᠷᠳᠣᠨ ᠠᠴᠠ ᠠᠯᠪᠠᠯᠠᠬᠤ ᠭᠡᠷ ᠪᠠᠶᠢᠰᠢᠩ᠂ ᠠᠯᠪᠠᠯᠠᠬᠤ ᠲᠥᠬᠦᠭᠡᠷᠦᠮᠵᠢ ᠶᠢᠨ ᠲᠠᠯ᠎ᠠ ᠪᠠᠷ ᠵᠣᠬᠢᠴᠠᠩᠭᠤᠢ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ ᠨᠢᠭᠡ ᠤᠳᠠᠭᠠᠨ ᠤ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃        ᠳᠥᠷᠪᠡ᠂ ᠠᠵᠤ ᠠᠬᠤᠶᠢᠯᠠᠯ ᠤᠨ ᠲᠠᠪᠴᠠᠩ ᠤᠨ ᠪᠠᠶᠢᠭᠤᠯᠤᠯᠲᠠ ᠶᠢ ᠵᠤᠷᠢᠭᠵᠢᠭᠤᠯᠬᠤ᠃ ᠰᠢᠨ᠎ᠡ ᠪᠠᠷ ᠰᠠᠭᠤᠷᠢᠰᠢᠭᠰᠠᠨ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ᠂ ᠲᠣᠭᠠᠴᠢᠯᠠᠭᠰᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠵᠡᠷᠭᠡ ᠣᠯᠠᠨ ᠨᠡᠶᠢᠲᠡ ᠶᠢᠨ ᠰᠤᠳᠤᠯᠤᠨ ᠨᠡᠭᠡᠭᠡᠬᠦ ᠲᠠᠪᠴᠠᠩ ᠳᠤ᠂ ᠵᠢᠩᠬᠢᠨᠢ ᠪᠠᠷ ᠨᠡᠶᠢᠲᠡᠯᠡᠭᠰᠡᠨ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠢᠶᠠᠨ ᠤᠯᠤᠰ ᠤᠨ ᠲᠠᠰ ᠤᠨ 80 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ 50 ᠲᠦᠮᠡᠨ ᠲᠥᠭᠦᠷᠢᠭ᠂ ᠬᠤᠲᠠ ᠶᠢᠨ ᠲᠠᠰ ᠤᠨ 20 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭᠠᠨ ᠤ ᠴᠢᠨᠠᠷᠲᠠᠢ ᠪᠡᠯᠡ ᠮᠥᠩᠭᠦ ᠶᠢᠨ ᠱᠠᠩᠨᠠᠯ ᠣᠯᠭᠤᠵᠤ᠂ ᠰᠤᠳᠤᠯᠤᠨ ᠨᠡᠭᠡᠭᠡᠬᠦ ᠲᠠᠪᠴᠠᠩ ᠤᠨ ᠬᠥᠭᠵᠢᠯᠲᠡ ᠳᠤ ᠬᠡᠷᠡᠭᠯᠡᠨ᠎ᠡ᠃ ᠰᠢᠨ᠎ᠡ ᠪᠠᠷ ᠰᠠᠭᠤᠷᠢᠰᠢᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠤᠨ ᠠᠵᠤ ᠠᠬᠤᠶᠢᠯᠠᠯ᠂ ᠲᠠᠪᠴᠠᠩ ᠤᠨ ᠠᠵᠤ ᠠᠬᠤᠢ ᠶᠢᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠂ ᠡᠰᠡᠬᠦᠯ᠎ᠡ ᠰᠢᠨ᠎ᠡ ᠪᠠᠷ ᠬᠥᠭᠵᠢᠭᠰᠡᠨ ᠲᠣᠭᠠᠴᠢᠯᠠᠭᠰᠠᠨ ᠠᠷᠠᠯᠵᠢᠶ᠎ᠠ ᠬᠤᠳᠠᠯᠳᠤᠭ᠎ᠠ᠂ ᠣᠶᠣᠨ ᠪᠢᠯᠢᠭ ᠤᠨ ᠡᠳ᠋ ᠪᠠᠷᠠᠭᠠᠨ ᠤ ᠭᠦᠢᠯᠭᠡᠭᠡ᠂ ᠲᠣᠭᠠᠴᠢᠯᠠᠭᠰᠠᠨ ᠰᠣᠶᠣᠯ ᠵᠢᠭᠤᠯᠴᠢᠯᠠᠯ᠂ ᠲᠣᠭᠠᠴᠢᠯᠠᠭᠰᠠᠨ ᠲᠠᠷᠢᠶᠠᠯᠠᠩ ᠵᠡᠷᠭᠡ ᠲᠠᠪᠴᠠᠩ ᠤᠨ ᠬᠡᠯᠪᠡᠷᠢ ᠶᠢᠨ ᠠᠵᠤ ᠠᠬᠤᠢ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃        ᠲᠠᠪᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠲᠡᠯᠠᠪᠤᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃  ᠬᠦᠮᠦᠨᠴᠢ ᠴᠢᠳᠠᠪᠤᠷᠢ᠂ ᠮᠠᠰᠢᠨ ᠲᠡᠷᠭᠡᠨ ᠤ ᠰᠦᠯᠵᠢᠶ᠎ᠡ᠂ ᠣᠷᠣᠨ ᠬᠡᠰᠡᠭ ᠤᠨ ᠬᠡᠯᠬᠢᠶ᠎ᠡ᠂  ᠭᠡᠶᠢᠰᠪᠤᠷᠢ ᠠᠬᠤᠢ᠂ ᠲᠣᠮᠣ ᠳ᠋ᠠᠶᠢᠲ᠋ᠠ᠂ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ᠂ ᠣᠶᠣᠨ ᠪᠢᠯᠢᠭ ᠤᠨ ᠠᠭᠤᠷᠬᠠᠢ᠂ ᠬᠤᠲᠠ ᠶᠢᠨ ᠬᠠᠮᠢᠶᠠᠷᠤᠯᠲᠠ ᠵᠡᠷᠭᠡ ᠬᠡᠷᠡᠭᠯᠡᠭᠡᠨ ᠤ ᠲᠡᠯᠠᠪᠤᠷ ᠵᠢᠴᠢ ᠬᠢᠶ᠎ᠠ ᠪᠠᠭᠰᠢ ᠲᠣᠭᠤᠷᠢᠭ ᠤᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠴᠢᠯᠦᠭᠡᠲᠡᠢ ᠪᠣᠯᠭᠠᠭᠰᠠᠨ ᠪᠤᠰᠤᠳ ᠲᠣᠭᠠᠴᠢᠯᠠᠭᠰᠠᠨ ᠲᠡᠯᠠᠪᠤᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ︔ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ ᠡᠮᠴᠢᠯᠡᠭᠡ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠡᠪᠴᠢᠶᠠᠨ ᠤ ᠲᠣᠭᠤᠷᠢᠨ ᠳᠤ 5G᠂ ᠰᠢᠨ᠎ᠡ ᠨᠢᠭᠡ ᠦᠶ᠎ᠡ ᠶᠢᠨ ᠢᠨᠲ᠋ᠧᠷ ᠰᠦᠯᠵᠢᠶ᠎ᠡ᠂ ᠪᠤᠳᠠᠰ ᠤᠨ ᠢᠨᠲ᠋ᠧᠷ ᠰᠦᠯᠵᠢᠶ᠎ᠡ ᠵᠡᠷᠭᠡ ᠲᠣᠭᠠᠴᠢᠯᠠᠭᠰᠠᠨ ᠰᠠᠭᠤᠷᠢ ᠪᠡᠯᠡᠳᠬᠡᠮᠵᠢ ᠳᠤ ᠰᠠᠭᠤᠷᠢᠯᠠᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠪᠠ ᠬᠡᠷᠡᠭᠯᠡᠭᠡᠨ ᠢ ᠥᠷᠨᠢᠭᠦᠯᠬᠦ ᠶᠢ ᠳᠡᠮᠵᠢᠨ᠎ᠡ᠃ ᠲᠤᠭᠤᠷᠢᠭ ᠤᠨ ᠵᠠᠰᠠᠭ ᠤᠨ ᠣᠷᠳᠣᠨ ᠡᠯ᠎ᠡ ᠲᠥᠷᠥᠯ ᠤᠨ ᠬᠡᠷᠡᠭᠯᠡᠭᠡᠨ ᠤ ᠲᠡᠯᠠᠪᠤᠷ ᠤᠨ ᠦᠢᠯᠡᠳᠦᠯᠭᠡ ᠳᠤ ᠴᠢᠬᠤᠯᠠ ᠪᠦᠬᠦᠢ ᠦᠢᠯᠡᠴᠢᠯᠡᠭᠡ ᠬᠠᠩᠭᠠᠵᠤ᠂ ᠰᠠᠭᠤᠷᠢᠰᠢᠭᠰᠠᠨ ᠵᠢᠩᠬᠢᠨᠢ ᠪᠠᠷ ᠠᠵᠢᠯᠯᠠᠵᠤ ᠪᠠᠶᠢᠭ᠎ᠠ ᠬᠡᠷᠡᠭᠯᠡᠭᠡᠨ ᠤ ᠲᠠᠯᠠᠪᠤᠷ ᠲᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃         ᠵᠢᠷᠭᠤᠭ᠎ᠠ᠂ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ᠃ ᠮᠠᠨ ᠤ ᠲᠤᠭᠤᠷᠢᠭ ᠲᠤ ᠵᠥᠭᠡᠯᠡᠨ ᠲᠣᠨᠤᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠥᠪ ︵ᠮᠡᠷᠭᠡᠵᠢᠯ ᠤᠨ ᠬᠤᠯᠪᠣᠭ᠎ᠠ︶ ᠳᠤ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠂ ᠨᠤᠲᠠᠯᠠᠬᠤ ᠪᠠᠷ ᠳᠡᠮᠵᠢᠨ᠂ ᠦᠨᠡᠨᠬᠦ ᠬᠥᠭᠵᠢᠯᠲᠡ ᠶᠢᠨ ᠳᠠᠯᠳᠠ ᠬᠦᠴᠦᠨ ᠲᠠᠢ ᠪᠤᠶᠤ ᠦᠷ᠎ᠡ ᠪᠦᠲᠦᠮᠵᠢ ᠨᠢ ᠢᠯᠡᠷᠬᠡᠢ ᠪᠠᠶᠢᠪᠠᠯ᠂ ᠠᠵᠢᠯᠯᠠᠬᠤ ᠲᠠᠯᠠᠪᠤᠷ ᠭᠠᠵᠠᠷ ᠪᠤᠶᠤ ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ ᠪᠥᠬᠦ ᠤᠯᠤᠰ ᠤᠨ ᠡᠯᠧᠺᠲᠷᠣᠨ ᠮᠡᠳᠡᠭᠡ ᠵᠠᠩᠭᠢ ᠶᠢᠨ ᠵᠠᠭᠤᠨ ᠬᠦᠴᠦᠷᠬᠡᠭ᠂ ᠢᠨᠲ᠋ᠧᠷ ᠰᠦᠯᠵᠢᠶᠠᠨ ᠤ ᠵᠠᠭᠤᠨ ᠬᠦᠴᠦᠷᠬᠡᠭ ᠲᠤ ᠠᠩᠬ᠎ᠠ ᠤᠳᠠᠭ᠎ᠠ ᠣᠷᠣᠭᠰᠠᠨ ᠮᠠᠨ ᠤ ᠲᠤᠭᠤᠷᠢᠭ ᠤᠨ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ ᠨᠢᠭᠡ ᠤᠳᠠᠭᠠᠨ ᠤ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃        ᠳᠣᠯᠤᠭ᠎ᠠ᠂ ᠠᠵᠤ ᠦᠢᠯᠡᠳᠪᠦᠷᠢ ᠶᠢᠨ ᠲᠣᠭᠠᠴᠢᠯᠠᠭᠰᠠᠨ ᠬᠥᠭᠵᠢᠯᠲᠡ ᠶᠢ ᠳᠡᠮᠵᠢᠬᠦ᠃ ᠮᠠᠨ ᠤ ᠲᠤᠭᠤᠷᠢᠭ ᠲᠤ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ ᠢᠯᠡᠷᠬᠡᠶᠢᠯᠡᠭᠴᠢ ᠶᠢᠨ ᠵᠠᠳᠠᠯᠤᠯᠲᠠ ᠶᠢᠨ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ᠂ ᠭᠤᠤᠯᠯᠠᠭᠴᠢ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠦᠶᠯᠡᠳᠬᠦ ᠦᠢᠯᠡᠰ ᠬᠢᠭᠡᠳ ᠢᠨᠲ᠋ᠧᠷ ᠰᠦᠯᠵᠢᠶ᠎ᠡ ᠶᠢ ᠠᠭᠤᠰᠤᠯᠴᠠᠭᠤᠯᠬᠤ ᠲᠤᠷᠰᠢᠯᠲᠠ ᠶᠢᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠢᠯ᠂ ᠤᠯᠤᠰ ᠤᠨ ᠲᠠᠰ ᠤᠨ ᠣᠷᠣᠨ ᠬᠡᠰᠡᠭ ᠤᠨ ᠬᠡᠯᠬᠢᠶᠠᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃        ᠨᠠᠢᠮᠠ᠂ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃ 5G ᠰᠦᠯᠵᠢᠶᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠠᠰ ᠳᠡᠪᠰᠢᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠠᠴᠠ ᠣᠷᠣᠨ ᠬᠡᠰᠡᠭ ᠤᠨ ᠬᠡᠯᠬᠢᠶᠠᠨ  ᠤ ᠰᠢᠨ᠎ᠡ ᠮᠡᠷᠭᠡᠵᠢᠯ ᠤᠨ ᠰᠠᠭᠤᠷᠢ ᠪᠡᠯᠡᠳᠬᠡᠮᠵᠢ᠂ ᠬᠡᠲᠦ ᠺᠣᠮᠫᠢᠦ᠋ᠲ᠋ᠧᠷ ᠤᠨ ᠲᠥᠪ ᠤᠨ ᠪᠤᠳᠤᠬᠤ ᠬᠦᠴᠦᠨ ᠤ ᠰᠠᠭᠤᠷᠢ ᠪᠡᠯᠡᠳᠬᠡᠮᠵᠢ᠂ 5G ᠶᠢᠨ ᠰᠠᠭᠤᠷᠢ ᠥᠷᠳᠡᠭᠡᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ᠂ ᠦᠢᠯᠡᠴᠢᠯᠡᠭᠡ ᠬᠠᠩᠭᠠᠨ᠎ᠠ᠃        ᠶᠢᠰᠦ᠂ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠃ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠣᠶᠢᠵᠢᠭᠤᠯᠵᠤ᠂ ᠬᠤᠲᠠ ᠶᠢᠨ ᠳᠡᠰ ᠵᠢᠴᠢ ᠬᠤᠲᠠ ᠶᠢᠨ ᠳᠡᠰ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠦᠨᠡᠮᠰᠢᠭᠰᠡᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠭᠦᠯᠬᠦ ᠰᠠᠭᠤᠷᠢᠨ ᠭᠠᠵᠠᠷ ᠪᠤᠶᠤ ᠠᠵᠤ ᠦᠢᠯᠡᠰ ᠤᠨ ᠬᠦᠷᠢᠶᠡᠯᠡᠩ ᠳᠤ ᠵᠢᠯ ᠪᠦᠷᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠱᠠᠩᠨᠠᠯ ᠢ ᠪᠡᠯᠡ ᠮᠥᠩᠭᠦ ᠪᠤᠶᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠨᠠᠶᠢᠳᠠᠪᠤᠷᠢᠵᠢᠭᠤᠯᠵᠤ᠂ ᠰᠠᠭᠤᠷᠢᠨ ᠭᠠᠵᠠᠷ ᠪᠤᠶᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠷᠢᠭᠵᠢᠭᠤᠯᠤᠨ᠎ᠠ᠃        ᠠᠷᠪᠠ᠂ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠲᠦᠷᠦᠭᠦᠴᠦᠳ ᠤᠨ ᠬᠤᠷᠠᠯ᠂ ᠦᠭᠦᠯᠡᠯ ᠤᠨ ᠲᠠᠪᠴᠠᠩ᠂ ᠤᠷᠤᠯᠳᠤᠭᠠᠨ ᠡᠷᠬᠢᠯᠡᠬᠦ ᠶᠢ ᠵᠤᠷᠢᠭᠵᠢᠭᠤᠯᠬᠤ᠃ ᠮᠠᠨ ᠤ ᠲᠤᠭᠤᠷᠢᠭ ᠲᠤ ᠲᠣᠭᠠᠴᠢᠯᠠᠭᠰᠠᠨ ᠠᠵᠤ ᠠᠬᠤᠢ ᠶᠢᠨ ᠬᠡᠪᠴᠢᠶᠠᠨ ᠤ ᠲᠦᠷᠦᠭᠦᠴᠦᠳ ᠤᠨ ᠬᠤᠷᠠᠯ᠂ ᠦᠭᠦᠯᠡᠯ ᠤᠨ ᠲᠠᠪᠴᠠᠩ᠂ ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠡᠷᠭᠢᠯᠡᠬᠦ ᠳᠤ᠂ ᠠᠵᠢᠯᠯᠠᠭ᠎ᠠ ᠶᠢᠨ ᠠᠭᠤᠯᠭ᠎ᠠ᠂ ᠬᠡᠪᠴᠢᠶ᠎ᠡ᠂ ᠵᠢᠱᠢᠭᠰᠡᠨ ᠦᠷ᠎ᠡ ᠪᠦᠲᠦᠮᠵᠢ ᠵᠡᠷᠭᠡ ᠶᠢ ᠦᠨᠳᠦᠰᠦᠯᠡᠨ᠂ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠨ ᠳᠡᠮᠵᠢᠯᠭᠡ ᠦᠵᠡᠭᠦᠯᠦᠨ᠎ᠡ᠃        ᠠᠷᠪᠠᠨ ᠨᠢᠭᠡ᠂ ᠲᠣᠭᠠᠴᠢᠯᠠᠭᠰᠠᠨ ᠠᠵᠤ ᠠᠬᠤᠢ ᠶᠢᠨ ᠴᠢᠳᠠᠪᠤᠷᠢᠲᠠᠨ ᠢ ᠣᠷᠣᠭᠤᠯᠬᠤ ᠬᠥᠮᠥᠵᠢᠭᠦᠯᠬᠦ ᠶᠢ  ᠴᠢᠩᠭᠠᠳᠬᠠᠬᠤ᠃ ᠴᠢᠳᠠᠪᠤᠷᠢᠲᠠᠨ ᠢ ᠣᠷᠣᠭᠤᠯᠬᠤ ᠬᠥᠮᠥᠵᠢᠭᠦᠯᠬᠦ ᠲᠠᠯ᠎ᠠ ᠪᠠᠷ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠣᠷᠳᠣᠰ ᠬᠤᠲᠠ ᠶᠢᠨ ᠲᠥᠷᠥ ᠶᠢᠨ ᠪᠣᠳᠣᠯᠭ᠎ᠠ ᠨᠤᠭᠤᠳ︾ ︵︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ︾ ᠭᠡᠵᠦ ᠲᠣᠪᠴᠢᠯᠠᠨ᠎ᠠ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠳᠡᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠠᠯ᠎ᠠ ᠪᠠᠷ ︽ᠣᠷᠳᠣᠰ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ ︶︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃       ᠠᠷᠪᠠᠨ ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠬᠤ᠃ ᠲᠤᠭᠤᠷᠢᠭ ᠤᠨ ᠵᠠᠰᠠᠭ ᠤᠨ ᠣᠷᠳᠣᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠢ ᠪᠣᠶᠢᠵᠢᠭᠤᠯᠬᠤ᠂ ᠤᠷᠤᠭᠤᠯᠬᠤ ᠵᠢᠴᠢ ᠲᠣᠭᠠᠴᠢᠯᠠᠭᠰᠠᠨ ᠠᠵᠤ ᠠᠬᠤᠢ ᠶᠢᠨ ᠬᠡᠷᠡᠭᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠰᠣᠯᠢᠯᠴᠠᠭ᠎ᠠ ᠰᠤᠷᠤᠯᠴᠠᠯᠭ᠎ᠠ ᠪᠣᠯᠪᠠᠰᠤᠷᠠᠭᠤᠯᠤᠯ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢ ᠭᠦᠨᠵᠡᠭᠡᠢ ᠠᠭᠤᠰᠤᠯᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠪᠠ ᠵᠦᠢᠯᠡᠰ ᠲᠤ ᠲᠤᠰᠬᠠᠢ ᠬᠡᠷᠡᠭᠯᠡᠨ᠎ᠡ᠃        ᠠᠷᠪᠠᠨ ᠭᠤᠷᠪᠠ᠂ ᠲᠣᠰ ᠠᠷᠭ᠎ᠠ ᠬᠡᠮᠵᠢᠶ᠎ᠡ ᠶᠢᠨ ᠳᠡᠮᠵᠢᠬᠦ ᠡᠲᠡᠭᠡᠳ ᠨᠢ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠮᠡᠷᠭᠡᠵᠢᠯ᠂ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠪᠠ ᠣᠶᠣᠨᠳᠣ ᠦᠶᠯᠡᠳᠬᠦ ᠵᠡᠷᠭᠡ ᠲᠣᠭᠠᠴᠢᠯᠠᠭᠰᠠᠨ ᠠᠵᠤ ᠠᠬᠤᠢ ᠶᠢᠨ ᠲᠥᠷᠥᠯ ᠪᠣᠯᠬᠤ ᠪᠥᠭᠡᠳ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ᠂ ᠬᠠᠤᠯᠢ ᠶᠣᠰᠣᠭᠠᠷ ᠭᠠᠶᠢᠯᠢ ᠲᠤᠰᠢᠶᠠᠭᠰᠠᠨ᠂ ᠪᠥᠬᠦᠳᠡ ᠶᠢ ᠲᠤᠰᠢᠶᠠᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠦᠭᠰᠡᠨ ᠠᠵᠤ ᠠᠬᠤᠶᠢᠯᠠᠯ ᠪᠣᠯᠣᠨ᠎ᠠ᠃ ᠲᠣᠰ ᠠᠷᠭ᠎ᠠ ᠬᠡᠮᠵᠢᠶ᠎ᠡ ᠶᠢ ᠬᠡᠷᠡᠭᠯᠡᠬᠦ ᠶᠢᠨ ᠬᠠᠮᠲᠤ ᠪᠠᠰᠠ ᠬᠢᠶ᠎ᠠ ᠪᠠᠭᠰᠢ ᠲᠣᠭᠤᠷᠢᠭ ᠤᠨ ᠪᠤᠰᠤᠳ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠬᠦ ᠳᠤ ᠭᠦᠷᠪᠡᠯ᠂ ᠰᠢᠯᠢᠳᠡᠭ ᠢ ᠨᠢ ᠰᠣᠩᠭᠤᠨ ᠥᠯᠥ ᠳᠠᠪᠬᠤᠷᠳᠠᠭᠤᠯᠬᠤ ᠵᠠᠷᠴᠢᠮ ᠶᠣᠰᠣᠭᠠᠷ ᠭᠦᠢᠴᠡᠳᠬᠡᠨ᠂ ᠳᠡᠮᠵᠢᠬᠦ᠂ ᠱᠠᠩᠨᠠᠬᠤ ᠪᠠ ᠲᠤᠰᠠᠯᠠᠬᠤ ᠳᠤ ᠬᠤᠯᠪᠣᠭᠳᠠᠬᠤ ᠪᠡᠯᠡ ᠮᠥᠩᠭᠦ ᠶᠢ ︽ᠨᠢᠭᠡ ᠬᠡᠷᠡᠭ ᠢ ᠨᠢᠭᠡ ᠵᠥᠪᠯᠡᠬᠦ︾ ᠲᠥᠷᠥᠯ ᠵᠦᠢᠯ ᠠᠴᠠ ᠪᠤᠰᠤᠳ ᠢ ᠨᠢ ᠴᠥᠮ ᠵᠥᠪᠰᠢᠶᠡᠷᠡᠯ ᠣᠯᠣᠭᠰᠠᠨ᠂ ᠰᠠᠭᠤᠷᠢᠰᠢᠭᠰᠠᠨ ᠤ ᠳᠠᠷᠠᠭ᠎ᠠ ᠵᠢᠯ ᠳᠤᠨᠢ ᠭᠦᠢᠴᠡᠳᠬᠡᠵᠦ᠂ ᠬᠤᠯᠪᠣᠭᠳᠠᠬᠤ ᠵᠣᠭᠤᠰ ᠤᠨ ᠲᠥᠷᠥᠯ ᠵᠦᠢᠯ ᠨᠢ ᠴᠥᠮ ᠠᠷᠠᠳ ᠤᠨ ᠵᠣᠭᠤᠰ ᠪᠠᠶᠢᠵᠤ᠂ ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ  ᠠᠴᠠ ᠡᠮᠦᠨᠡᠬᠢ ᠵᠣᠭᠤᠰ ᠤᠨ ᠲᠤᠭ᠎ᠠ ᠪᠣᠯᠣᠨ᠎ᠠ᠃ 5 ᠵᠢᠯ ᠤᠨ ᠳᠣᠲᠣᠷ᠎ᠠ ᠬᠢᠶ᠎ᠠ ᠪᠠᠭᠰᠢ ᠲᠣᠭᠤᠷᠢᠭ ᠠᠴᠠ ᠨᠡᠭᠦᠵᠦ ᠶᠠᠪᠤᠬᠤ ᠦᠭᠡᠢ ᠪᠠᠷ ᠠᠮᠠᠯᠳᠠᠵᠤ᠂ ᠬᠡᠷᠪᠡ ᠣᠨᠴᠠᠭᠠᠶ ᠪᠠᠶᠢᠳᠠᠯ ᠳᠣᠬᠢᠶᠠᠯᠳᠣᠨ ᠡᠷᠬᠡᠪᠰᠢ ᠨᠡᠭᠦᠵᠦ ᠶᠠᠪᠤᠬᠤ ᠬᠡᠷᠡᠭᠲᠡᠢ ᠪᠣᠯ ᠨᠢᠭᠡᠨᠲᠡ ᠣᠯᠣᠭᠰᠠᠨ ᠱᠠᠩᠨᠠᠯ ᠪᠤᠶᠤ ᠨᠥᠬᠦᠪᠦᠷᠢ  ᠶᠢ ᠪᠦᠬᠦᠨ  ᠢᠶᠠᠷ ᠨᠢ ᠪᠤᠴᠠᠭᠠᠵᠤ ᠥᠭᠬᠦ ᠬᠡᠷᠡᠭᠲᠡᠢ᠃        ᠠᠷᠪᠠᠨ ᠳᠥᠷᠪᠡ᠂ ᠲᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠵᠦ᠂ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠵᠠᠰᠠᠪᠤᠷᠢ ᠣᠷᠣᠭᠤᠯᠤᠨ᠎ᠠ᠃ ᠲᠣᠰ ᠠᠷᠭ᠎ᠠ ᠬᠡᠮᠵᠢᠶ᠎ᠡ ᠨᠢ ᠬᠠᠤᠯᠢ ᠲᠣᠭᠲᠠᠭᠠᠯ ᠵᠢᠴᠢ ᠳᠡᠭᠡᠳᠦ ᠵᠡᠷᠭᠡ ᠶᠢᠨ ᠲᠥᠷᠥ ᠶᠢᠨ ᠪᠣᠳᠣᠯᠭ᠎ᠠ ᠯᠤᠭ᠎ᠠ ᠮᠥᠷᠭᠦᠯᠳᠦᠪᠡᠯ᠂ ᠬᠠᠤᠯᠢ ᠲᠣᠭᠲᠠᠭᠠᠯ ᠪᠠ ᠳᠡᠭᠡᠳᠦ ᠵᠡᠷᠭᠡ ᠶᠢᠨ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠢᠶ᠎ᠠ ᠪᠠᠭᠰᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ ᠨᠢ ᠲᠣᠰ ᠠᠷᠭ᠎ᠠ ᠬᠡᠮᠵᠢᠶ᠎ᠡ ᠶᠢ ᠪᠣᠳᠠᠲᠠᠢ ᠪᠠᠷ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠠᠬᠢᠭᠤᠯᠬᠤ ᠶᠢᠨ ᠬᠠᠮᠲᠤ ᠪᠣᠳᠠᠲᠠᠢ ᠲᠠᠶᠢᠯᠪᠤᠷᠢᠯᠠᠬᠤ ᠠᠵᠢᠯ ᠢ ᠡᠭᠦᠷᠭᠡᠯᠡᠨ᠎ᠡ᠃ 
ᠢᠷᠡᠯᠲᠡ᠄ ᠳᠣᠰ ᠰᠦᠯᠵᠢᠶ᠎ᠡ