ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 2022 ᠣᠨ ᠤ 25 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
1.jpg
        11 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 25 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠸᠠᠩ ᠵᠢᠶᠣᠣ᠂ ᠶᠠᠩ ᠱᠦ ᠸᠧᠢ᠂ ᠼᠦᠢ ᠬᠤᠤ᠂ ᠠᠶᠣᠰᠢ᠂ ᠯᠢ ᠬᠠᠢ ᠮᠢᠨ᠂ ᠳ᠋ᠦ᠋ ᠵᠢᠶᠠ ᠪᠢᠨ᠂ ᠰᠦᠨ ᠷᠦᠩ᠂ ᠬᠤᠤ ᠵᠢᠢ ᠵᠦᠩ᠂ ᠯᠢᠦ  ᠱᠦ ᠴᠢᠤᠸᠠᠨ ᠬᠤᠷᠠᠯ ᠳᠤ ᠣᠷᠣᠯᠴᠠᠪᠠ᠃        ᠸᠠᠩ ᠰᠢᠤᠸᠠᠢ ᠹᠧᠩ᠂ ︽ᠬᠤᠷᠢᠨ ᠵᠤᠷᠪᠤᠰ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠲᠠᠢ  ᠬᠠᠷᠢᠴᠠᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠰᠢᠨ᠎ᠡ ᠶᠢ ᠡᠭᠦᠳᠬᠦ ᠪᠠᠷ ᠰᠢᠪᠲᠤᠯᠤᠯᠲᠠ ᠭᠠᠷᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠳᠠᠢ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠂ ᠪᠥᠭᠡᠮ ᠬᠦᠴᠢᠯ ᠤᠨ ᠪᠠᠶᠢᠴᠠᠭᠠᠯᠳᠠ᠂ ︽ᠲᠠᠯᠠᠪᠤᠷ ᠭᠠᠵᠠᠷ ᠤᠨ ᠺᠤᠳ᠋︾ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ ᠰᠢᠢᠳᠪᠦᠷᠢᠯᠡᠬᠦ ᠶᠠᠪᠤᠴᠠ ᠶᠢ ᠴᠢᠩᠭ᠎ᠠ ᠵᠢᠷᠣᠮᠵᠢᠭᠤᠯᠣᠨ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠲᠦᠷᠦᠯ ᠬᠤᠪᠢᠶᠠᠨ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠵᠢᠯᠤᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠭᠠᠨ ᠢ ᠪᠠᠲᠤᠯᠠᠵᠤ᠂ ᠮᠡᠳᠡᠭᠡ ᠵᠠᠩᠭᠢ ᠶᠢ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠭᠦᠯᠬᠦ ᠶᠢ ᠠᠬᠢᠭᠤᠯᠤᠨ᠂ ᠮᠡᠳᠡᠭᠡ ᠵᠠᠩᠭᠢ ᠶᠢᠨ ᠬᠠᠷᠢᠯᠴᠠᠨ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠣᠶᠤᠨᠴᠢᠯᠠᠭᠰᠠᠨ ᠠᠷᠭ᠎ᠠ ᠪᠠᠷᠢᠯ ᠢ ᠳᠡᠯᠭᠡᠷᠡᠭᠦᠯᠦᠨ ᠬᠡᠷᠡᠭᠯᠡᠬᠦ ᠶᠢ  ᠳᠡᠭᠡᠭᠰᠢᠯᠡᠭᠦᠯᠦᠨ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠵᠡᠢ᠃
2.jpg
3.jpg
        ᠬᠤᠷᠠᠯ ᠠᠴᠠ ᠡᠮᠦᠨ᠎ᠡ᠂ ᠸᠠᠩ ᠰᠢᠤᠸᠠᠢ ᠹᠧᠩ ᠤᠷᠢᠳ ᠬᠤᠵᠢᠳ ᠷᠦᠩ ᠦ᠋ ᠳᠡᠭᠡᠳᠦ ᠬᠤᠷᠳᠤᠨ ᠲᠡᠷᠭᠡᠨ ᠤ ᠵᠠᠮ ᠤᠨ ᠵᠠᠮ ᠬᠠᠷᠢᠯᠴᠠᠭᠠᠨ ᠤ ᠪᠣᠭᠤᠮᠲᠠ᠂ ᠺᠠᠩ ᠰᠢᠨ ᠵᠡᠭᠡᠯᠢ ᠭᠤᠳᠤᠮᠵᠢ ᠶᠢᠨ ᠶᠤᠸᠠᠢ ᠾᠧ ᠨᠡᠶᠢᠭᠡᠮ ᠲᠣᠭᠤᠷᠢᠭ ᠤᠨ L1 ᠭᠠᠵᠠᠷ᠂ ᠭᠤᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠭᠠᠳᠠᠨ᠎ᠠ ᠠᠴᠠ ᠢᠷᠡᠭᠰᠡᠨ ᠬᠥᠮᠥᠰ ᠢ ᠪᠠᠶᠢᠴᠠᠭᠠᠨ ᠰᠢᠯᠭᠠᠬᠤ᠂ ᠳᠣᠰᠠᠭᠠᠷᠯᠠᠭᠰᠠᠨ ᠬᠦᠮᠦᠰ ᠤᠨ ᠬᠠᠮᠢᠶᠠᠷᠤᠨ ᠡᠵᠡᠮᠳᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠪᠠ᠃
ᠢᠷᠡᠯᠲᠡ᠄ ᠳᠣᠰ ᠰᠦᠯᠵᠢᠶ᠎ᠡ