ᠰᠢᠩ ᠵᠧᠩ ᠨᠡᠶᠢᠭᠡᠮ ᠲᠣᠭᠤᠷᠢᠭ ᠤᠨ ᠭᠡᠷ  ᠲᠡᠭᠡᠨ  ᠲᠤᠰᠠᠭᠠᠷᠯᠠᠬᠤ ᠠᠵᠢᠯ ᠤᠨ ᠪᠡᠯᠡᠳᠬᠡᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/18
       微信图片_20221117174307.jpg
       11 ᠳ᠋ᠤᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠨᠡᠶᠢᠭᠡᠮ ᠲᠣᠭᠤᠷᠢᠭ ᠤᠨ ᠭᠡᠷ  ᠲᠡᠭᠡᠨ ᠲᠤᠰᠠᠭᠠᠷᠯᠠᠬᠤ ᠠᠵᠢᠯ ᠤᠨ ᠪᠡᠯᠡᠳᠬᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃
微信图片_20221117174315.jpg
       ᠪᠢᠨ ᠾᠧ ᠵᠡᠭᠡᠯᠢ ᠭᠤᠳᠤᠮᠵᠢ᠂ ᠴᠢᠩ ᠴᠦᠨ ᠱᠠᠨ ᠵᠡᠭᠡᠯᠢ ᠭᠤᠳᠤᠮᠵᠢ ᠳᠤ᠂ ᠰᠢᠩ ᠵᠧᠩ ᠲᠤᠬᠠᠢ ᠶᠢᠨ ᠭᠠᠵᠠᠷ ᠲᠤᠨᠢ ᠭᠡᠷ  ᠲᠡᠭᠡᠨ ᠲᠤᠰᠠᠭᠠᠷᠯᠠᠬᠤ ᠪᠠᠷᠢᠮᠵᠢᠶᠠᠲᠤ ᠡᠷᠦᠬᠡ ᠶᠢ ᠪᠠᠶᠢᠴᠠᠭᠠᠨ ᠦᠵᠡᠵᠦ᠂ ᠡᠭᠦᠨ ᠤ ᠬᠠᠮᠲᠤ  ᠲᠤᠤᠷᠵᠢᠯ ᠤᠨ ᠬᠠᠮᠢᠶᠠᠷᠤᠭᠴᠢ ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠡᠷ  ᠲᠡᠭᠡᠨ ᠲᠤᠰᠠᠭᠠᠷᠯᠠᠵᠤ ᠪᠠᠶᠢᠭ᠎ᠠ ᠪᠠᠶᠢᠳᠠᠯ ᠤᠨ ᠳᠣᠣᠷᠠᠬᠢ ᠬᠤᠭᠤᠯᠠ  ᠤᠤᠭᠤᠬᠤ ᠤᠰᠤ᠂ ᠬᠢᠲᠠᠳ ᠡᠮ ᠤᠨ ᠬᠠᠩᠭᠠᠯᠭ᠎ᠠ᠂ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠭᠦᠳᠡᠨ  ᠤ ᠰᠣᠷᠢᠨᠵᠢᠨ ᠲᠤᠬᠢᠶ᠎ᠠ ᠶᠢ ᠤᠭᠰᠠᠷᠠᠵᠤ ᠬᠡᠷᠡᠭᠯᠡᠬᠦ᠂  ᠤᠶᠢᠷ᠎ᠠ ᠬᠠᠪᠢ ᠶᠢᠨ  ᠣᠷᠴᠢᠨ ᠲᠣᠭᠤᠷᠢᠨ ᠢ  ᠠᠷᠢᠭᠤᠳᠬᠠᠨ ᠴᠡᠪᠡᠷᠯᠡᠬᠦ ᠂ ᠴᠠᠪᠠᠤᠯᠢᠭ  ᠮᠠᠨᠠᠨ ᠢᠶᠠᠷ ᠳᠠᠮᠵᠢᠨ ᠬᠠᠯᠳᠠᠪᠤᠷᠢᠯᠠᠬᠤ  ᠵᠠᠮ ᠢ ᠲᠠᠰᠤᠯᠬᠤ ᠵᠡᠷᠭᠡ ᠪᠣᠳᠠᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠲᠠᠯᠠᠪᠤᠷ ᠲᠤ ᠵᠢᠯᠣᠭᠤᠳᠪᠠ᠃      ᠰᠢᠩ ᠵᠧᠩ ᠂ ᠠᠷᠠᠳ ᠲᠦᠮᠡᠨ  ᠢ ᠳᠡᠭᠡᠳᠦᠯᠡᠬᠦ᠂ ᠠᠮᠢ ᠨᠠᠰᠤ  ᠶᠢ ᠳᠡᠭᠡᠳᠦᠯᠡᠬᠦ  ᠶᠢ ᠢᠮᠠᠭᠲᠠ ᠪᠠᠷᠢᠮᠲᠠᠯᠠᠵᠤ᠂ ᠲᠥᠷᠥ  ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ  ᠶᠢᠨ ︽ᠬᠤᠷᠢᠨ ᠵᠦᠢᠯ ᠤᠨ ᠠᠷᠭ᠎ᠠ ᠬᠡᠮᠵᠢᠶ᠎ᠡ︾  ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠷ    ᠲᠡᠭᠡᠨ ᠲᠤᠰᠠᠭᠠᠷᠯᠠᠬᠤ ᠬᠥᠮᠥᠰ ᠤᠨ ᠪᠥᠬᠦ ᠶᠠᠪᠤᠴᠠ  ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡ  ᠶᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠨᠠᠰᠤᠲᠠᠶᠢᠴᠤᠳ᠂ ᠬᠡᠦᠬᠡᠳ᠂ ᠡᠪᠡᠳᠴᠢᠲᠡᠨ ᠵᠡᠷᠭᠡ ᠣᠨᠴᠠᠭᠠᠶ ᠬᠠᠮᠲᠤᠯᠢᠭ ᠤᠨ ᠡᠷᠡᠭᠦᠯ ᠮᠡᠨᠳᠦ  ᠶᠢᠨ ᠪᠠᠶᠢᠳᠠᠯ  ᠢ ᠨᠢᠭᠲᠠ ᠠᠩᠬᠠᠷᠴᠤ᠂ ᠲᠤᠰᠠᠭᠠᠷᠯᠠᠬᠤ ᠬᠥᠮᠥᠰ ᠤᠨ ᠲᠤᠰᠠᠭᠠᠷᠯᠠᠬᠤ ᠬᠤᠭᠤᠴᠠᠭ᠎ᠠ  ᠶᠢ  ᠲᠤᠬᠢᠯᠢᠭ  ᠥᠩᠭᠡᠷᠡᠭᠦᠯᠬᠦ  ᠶᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠤᠯᠠᠨ ᠲᠦᠮᠡᠨ ᠤ ᠡᠷᠡᠭᠡᠯᠵᠡᠭᠡ ᠶᠢ ᠠᠷᠢᠯᠭᠠᠵᠤ᠂ ᠭᠡᠷ   ᠲᠡᠭᠡᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠰᠠᠭᠤᠭᠠᠯᠢ ᠲᠣᠭᠤᠷᠢᠭ ᠤᠨ ᠪᠤᠰᠤᠳ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠠᠯᠢ ᠴᠢᠳᠠᠬᠤ ᠪᠠᠷ ᠬᠠᠷᠰᠢᠯᠠᠬᠤ ᠦᠭᠡᠢ ᠪᠠᠶᠢᠬᠤ ᠬᠡᠷᠡᠭᠲᠡᠢ᠃ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠥᠰ ᠢ ᠬᠠᠯᠠᠮᠵᠢᠯᠠᠨ ᠬᠠᠶᠢᠷᠠᠯᠠᠵᠤ᠂ ᠪᠠᠶᠢᠭᠤᠯᠤᠯᠭ᠎ᠠ ᠶᠢᠨ ᠺᠠᠳ᠋ᠷ ᠤᠨ ᠨᠢᠭᠡᠳᠦᠭᠡᠷ ᠹᠷᠣᠨᠲ ᠲᠤ ᠪᠠᠭᠤᠬᠤ ᠶᠢ ᠠᠬᠢᠭᠤᠯᠵᠤ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠬᠦᠴᠦᠨ ᠢ ᠴᠢᠨᠠᠭᠰᠢᠳᠠ ᠲᠡᠭᠦᠯᠳᠡᠷᠵᠢᠭᠦᠯᠦᠨ ᠴᠢᠩᠭᠠᠳᠬᠠᠬᠤ ᠬᠡᠷᠡᠭᠲᠡᠢ ᠭᠡᠵᠦ ᠬᠡᠯᠡᠪᠡ᠃      ᠲᠤᠭᠤᠷᠢᠭ ᠤᠨ ᠤᠳᠤᠷᠢᠳᠤᠯᠭ᠎ᠠ ᠾᠧᠦ ᠮᠧᠩ᠂ ᠺᠠᠩ ᠫᠢᠩ᠂ ᠶᠠᠩ ᠴᠠᠩ ᠴᠢᠩ᠂ ᠰᠦᠨ ᠷᠦᠩ ᠣᠷᠣᠯᠴᠠᠵᠠᠢ᠃ 
ᠢᠷᠡᠯᠲᠡ᠄ ᠲᠤᠰ ᠰᠦᠯᠵᠢᠶ᠎ᠡ