1-9  ᠳ᠋ᠤᠭᠡᠷ ᠰᠠᠷ᠎ᠠ ᠳᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2022/11/21
       1 ︱ 9  ᠳ᠋ᠤᠭᠡᠷ ᠰᠠᠷ᠎ᠠ ᠳᠤ᠂ ᠪᠥᠬᠦ  ᠲᠤᠭᠤᠷᠢᠭ  ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 51.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠡᠷᠢᠭᠦᠯᠡᠪᠡ ᠃ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠨᠢ 48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.3% ᠨᠡᠮᠡᠭᠳᠡᠵᠡᠢ᠂ ᠡᠭᠦᠨ ᠳᠤ ︽ᠬᠤᠶᠠᠷ ᠰᠠᠭᠤᠯᠠᠭ᠎ᠠ ᠲᠣᠰᠣ︾ ᠶᠢᠨ ᠵᠢᠵᠢᠭᠯᠡᠨ ᠬᠤᠳᠠᠯᠳᠤᠭᠰᠠᠨ  ᠨᠢ 45.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠨᠡᠮᠡᠭᠳᠡᠵᠡᠢ᠂ ︽ᠬᠤᠶᠠᠷ ᠰᠠᠭᠤᠯᠠᠭ᠎ᠠ ᠲᠣᠰᠣ︾ ᠶᠢ ᠭᠠᠷᠭᠠᠪᠠᠯ ᠪᠥᠬᠦ ᠲᠠᠸᠠᠷ ᠤᠨ ᠵᠢᠵᠢᠭᠯᠡᠨ ᠬᠤᠳᠠᠯᠳᠤᠭᠰᠠᠨ ᠨᠢ 6.54 ᠳ᠋ᠦᠩᠰᠢᠭᠤᠷ ᠲᠥᠭᠦᠷᠢᠭ ᠲᠤ ᠬᠦᠷᠴᠦ᠂  ᠴᠠᠭᠠᠷᠢᠭ ᠬᠠᠷᠢᠴᠠᠯ ᠤᠨ ᠦᠰᠦᠯᠲᠡ ᠨᠢ 39% ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 3.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠨᠡᠮᠡᠭᠳᠡᠵᠡᠢ᠃
ᠢᠷᠡᠯᠲᠡ᠄ ᠲᠤᠰ ᠰᠦᠯᠵᠢᠶ᠎ᠡ