1-9  ᠳ᠋ᠤᠭᠡᠷ ᠰᠠᠷ᠎ᠠ ᠳᠤ ᠰᠠᠭᠤᠭᠠᠯᠢ ᠠᠷᠠᠳ ᠤᠨ ᠣᠷᠣᠯᠭ᠎ᠠ  ᠲᠤᠭᠲᠠᠪᠤᠷᠢᠲᠠᠢ  ᠨᠡᠮᠡᠭᠳᠡᠪᠡ
ᠨᠡᠶᠢᠲᠡᠯᠡᠭᠰᠡᠨ ᠴᠠᠭ᠄
2022/11/21
       1 ︱9 ᠳ᠋ᠤᠭᠡᠷ  ᠰᠠᠷ᠎ᠠ ᠳᠤ᠂ ᠪᠥᠬᠦ  ᠲᠤᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  43269 ᠲᠥᠭᠦᠷᠢᠭ ᠪᠡᠶᠡᠯᠡᠭᠦᠯᠵᠦ᠂ 5.6% ᠪᠠᠷ ᠨᠡᠮᠡᠭᠳᠡᠨ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 0.1 ᠵᠠᠭᠤᠨ ᠤ ᠨᠢᠭᠡᠴᠢ ᠥᠨᠳᠥᠷ ᠪᠣᠯᠵᠤ᠂ ᠬᠤᠶᠠᠳᠤᠭᠠᠷ ᠤᠯᠠᠷᠢᠯ ᠤᠨ ᠬᠢ ᠠᠴᠠ 0.4 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ᠃ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 25133 ᠲᠥᠭᠦᠷᠢᠭ ᠲᠤ ᠬᠦᠷᠴᠦ᠂ 1.5% ᠪᠠᠷ ᠨᠡᠮᠡᠭᠳᠡᠨ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 0.4 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ 
ᠢᠷᠡᠯᠲᠡ᠄ ᠲᠤᠰ ᠰᠦᠯᠵᠢᠶ᠎ᠡ