ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠦᠭᠰᠢᠭᠦᠷᠢᠳᠠᠢ ᠣᠷᠣᠨ ᠲᠣᠭᠤᠷᠢᠭ ᠢ ᠲᠣᠭᠲᠠᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/22
                                                    ﹇2022﹈ 113 ᠳ᠋ᠦ᠋ᠭᠠᠷ ᠲᠣᠭᠠᠲᠤ         ᠡᠵᠡᠨ ᠬᠤᠷᠤᠭ᠎ᠠ ᠬᠤᠰᠢᠭᠤᠨ ᠤ ᠣᠳᠣᠬᠠᠨ ᠤ ᠬᠢᠵᠢᠭ ᠤᠨ ᠪᠠᠶᠢᠳᠠᠯ ᠢ ᠦᠨᠳᠥᠰᠦᠯᠡᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠪᠠᠷ ᠳᠠᠮᠵᠢᠨ᠂ 2022 ᠣᠨ ᠤ 11 ᠰᠠᠷ᠎ᠠ ᠶᠢ 19 ᠤ ᠡᠳᠥᠷ ᠠᠴᠠ ᠡᠬᠢᠯᠡᠨ ᠡᠵᠡᠨ ᠬᠤᠷᠤᠭ᠎ᠠ ᠬᠤᠰᠢᠭᠤᠨ ᠤ ᠳᠣᠣᠷᠠᠬᠢ ᠭᠠᠵᠠᠷ ᠤᠳ ᠢ ᠥᠨᠳᠥᠷ ᠲᠦᠭᠰᠢᠭᠦᠷᠢᠲᠠᠢ ᠣᠷᠣᠨ ᠲᠣᠭᠤᠷᠢᠭ ᠢᠶᠠᠷ ᠲᠣᠭᠲᠠᠭᠠᠪᠠ᠄         ᠫᠦ᠋ ᠶᠤᠸᠠᠨ ᠲᠣᠭᠤᠷᠢᠭ ᠤᠨ 12 ᠳ᠋ᠤᠭᠠᠷ ᠠᠰᠠᠷ︔ ᠮᠢᠨ ᠶᠤᠸᠠᠢ B ᠲᠣᠭᠤᠷᠢᠭ ᠤᠨ 4 ᠳ᠋ᠦ᠋ᠭᠡᠷ ᠠᠰᠠᠷ᠂ 11 ᠳ᠋ᠦ᠋ᠭᠡᠷ ᠠᠰᠠᠷ᠂ ᠰᠠᠨ ᠾᠧ ᠲᠠᠩ ᠺᠠᠩ ᠰᠢᠨ ᠡᠮ ᠤᠨ ᠳᠡᠯᠭᠡᠭᠦᠷ᠂ ᠴᠢᠨ ᠸᠧᠨ ᠯᠢᠶᠠᠩ ᠬᠢᠲᠠᠳ ᠡᠮᠨᠡᠯᠭᠡ ᠶᠢ ᠡᠭᠦᠳᠡᠨ ᠡᠮᠨᠡᠯᠭᠡ᠂ ᠲᠤ ᠰᠢ ᠲᠦᠷᠭᠡᠨ ᠬᠦᠷᠭᠡᠯᠳᠡ᠂  ᠺᠠᠨᠩ ᠾᠧ ᠴᠢᠯᠤᠬᠡᠳᠤ ᠳᠡᠯᠭᠡᠭᠦᠷ︔ ᠮᠢᠨ ᠶᠤᠸᠠᠢ C ᠲᠣᠭᠤᠷᠢᠭ ᠤᠨ 7 ᠳ᠋ᠤᠭᠠᠷ ᠠᠰᠠᠷ︔ ᠶᠢᠨ ᠸᠧᠢ ᠠᠳᠠᠯ ᠠᠬᠤᠢ ᠶᠢ ᠸᠧᠨ ᠯᠠᠨ ᠰᠢᠤᠸᠠᠢ ᠹᠦ ᠳᠠᠬᠢ ᠲᠥᠷᠥᠯ ᠵᠦᠢᠯ ᠤᠨ ᠬᠡᠯᠳᠡᠰ︔ ᠰᠦᠨ ᠶᠠᠨ ᠪᠢᠩ ᠴᠢᠯᠥ᠋ᠭᠡᠲᠦ ᠳᠡᠯᠭᠡᠭᠦᠷ᠃     ᠥᠨᠳᠥᠷ ᠲᠦᠭᠰᠢᠭᠦᠷᠢᠲᠠᠢ ᠣᠷᠣᠨ ᠳᠤ ︽ᠭᠡᠷ ᠠᠴᠠ ᠭᠠᠷᠬᠤ ᠦᠭᠡᠢ᠂ ᠡᠭᠦᠳᠡᠨ ᠳᠤᠨᠢ ᠬᠦᠷᠴᠦ ᠦᠢᠯᠡᠴᠢᠯᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦ᠋ᠨ᠎ᠡ᠃ ᠳᠡᠭᠡᠷᠡᠬᠢ ᠣᠷᠣᠨ ᠲᠣᠭᠤᠷᠢᠭ ᠤᠨ ᠬᠡᠪᠴᠢᠶ᠎ᠡ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠦᠨᠳᠥᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠪᠣᠯᠤᠨ᠎ᠠ᠃        ᠥᠷᠭᠡᠨ ᠣᠯᠠᠨ ᠰᠠᠭᠤᠭᠠᠯᠢ ᠠᠷᠠᠳ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠤᠪᠢ ᠬᠥᠮᠦᠨ ᠤ ᠬᠢᠵᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠬᠠᠤᠯᠢ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠨᠡᠶᠢᠭᠡᠮ ᠲᠣᠭᠤᠷᠢᠭ ︵ᠲᠣᠰᠬᠤᠨ︶ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠳᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ᠃              ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ              ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                          2022 ᠣᠨ ᠤ 11 ᠰᠠᠷ᠎ᠠ ᠶᠢ 19 ᠤ ᠡᠳᠥᠷ
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ