ᠬᠢᠶ᠎ᠠ ᠪᠠᠭᠰᠢ ᠲᠣᠭᠤᠷᠢᠭ ᠬᠠᠤᠯᠢ ᠶᠢ ᠵᠥᠷᠢᠴᠡᠨ ᠭᠠᠵᠠᠷ ᠰᠢᠷᠣᠢ ᠭᠡᠷᠡᠭᠯᠡᠭᠰᠡᠨ ᠢ ᠲᠤᠰᠬᠠᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠪᠠᠨ ᠨᠢᠭᠡᠳᠦᠭᠡᠷ ᠣᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/23
        11 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠠᠤᠯᠢ ᠶᠢ ᠵᠥᠷᠢᠴᠡᠨ ᠭᠠᠵᠠᠷ ᠰᠢᠷᠣᠢ ᠭᠡᠷᠡᠭᠯᠡᠭᠰᠡᠨ ᠢ ᠲᠤᠰᠬᠠᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠪᠠᠨ ᠨᠢᠭᠡᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠬᠢᠭᠤᠯᠬᠤ ᠠᠷᠭ᠎ᠠ ᠬᠡᠮᠵᠢᠶ᠎ᠡ ᠶᠢ ᠰᠣᠳᠣᠯᠣᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃
1.jpg       
        ᠸᠠᠩ ᠰᠢᠤᠸᠠᠢ ᠹᠧᠩ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂  ᠴᠡᠭᠴᠡᠯᠡᠨ ᠵᠠᠰᠠᠬᠤ ᠴᠠᠭ ᠤᠨ ᠬᠢᠵᠠᠭᠠᠷ ᠢ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠵᠢᠯ  ᠤᠨ ᠳᠣᠮᠳᠠ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠬᠠᠤᠯᠢ ᠶᠢ ᠵᠥᠷᠢᠴᠡᠨ ᠭᠠᠵᠠᠷ ᠰᠢᠷᠤᠢ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠲᠦᠷᠭᠡᠪᠴᠢᠯᠡᠨ ᠠᠬᠢᠭᠤᠯᠬᠤ ᠬᠡᠷᠡᠭᠲᠡᠢ᠃ ᠬᠡᠷᠡᠭ ᠢ ᠳᠠᠭᠠᠭᠠᠴᠢᠯᠠᠭᠰᠠᠨ ᠡᠯ᠎ᠡ ᠤᠳᠤᠷᠢᠳᠤᠯᠭ᠎ᠠ ᠡᠷᠬᠡᠪᠰᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠤᠭᠤᠳᠤᠨ᠂ ᠭᠦᠢᠴᠡᠳᠬᠡᠬᠦ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ   ᠪᠦᠷᠢᠯᠳᠦᠭᠦᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃        ᠲᠣᠭᠤᠷᠢᠭ ᠤᠨ ᠳᠡᠳ᠋ ᠳᠠᠷᠤᠭ᠎ᠠ ᠸᠠᠩ ᠷᠦᠢ ᠰᠢᠶᠠᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ