︽Museum100︾  ᠳ᠋ᠥᠸᠧ ᠳ᠋ᠥᠸᠧ ᠭᠤᠸᠠᠨ-- ᠣᠷᠳᠣᠰ ᠣᠲᠣ ᠦᠶ᠎ᠡ  ᠶᠢᠨ ᠤᠷᠠᠨ ᠵᠢᠷᠤᠭ ᠤᠨ ᠣᠷᠳᠣᠨ ᠢ ᠤᠶᠢᠯᠠᠭᠠᠶ᠎ᠠ
ᠨᠡᠶᠢᠲᠡᠯᠡᠭᠰᠡᠨ ᠴᠠᠭ᠄
2022/11/23
        ᠣᠷᠳᠣᠰ ᠣᠲᠣ ᠦᠶ᠎ᠡ ᠶᠢᠨ ᠤᠷᠠᠨ ᠵᠢᠷᠤᠭ ᠤᠨ ᠣᠷᠳᠣᠨ ᠤ ᠪᠠᠷᠢᠯᠭ᠎ᠠ ᠨᠢ ᠴᠢᠯᠢ  ᠶᠢᠨ ᠪᠠᠷᠢᠯᠭᠠᠴᠢᠨ ᠵᠢᠷᠤᠵᠤ ᠲᠥᠯᠥᠪᠯᠠᠨ᠂ ᠪᠠᠷᠢᠯᠭ᠎ᠠ  ᠶᠢᠨ ᠲᠠᠯᠠᠪᠠᠶ  ᠨᠢ 1200 ᠲᠡᠭᠰᠢ ᠳᠥᠷᠪᠡᠯᠵᠢᠨ ᠮᠧᠲᠷ᠂ ᠦᠵᠡᠭᠦᠯᠦᠯᠭᠡ  ᠶᠢᠨ ᠱᠤᠭᠤᠮ ᠨᠢ 350 ᠮᠧᠲᠷ ᠪᠠᠶᠢᠳᠠᠭ᠃ ᠤᠷᠠᠨ ᠵᠢᠷᠤᠭ ᠤᠨ ᠣᠷᠳᠣᠨ ᠤ ᠭᠠᠳᠠᠷ ᠬᠡᠯᠪᠡᠷᠢ ᠨᠢ ᠳᠤᠪᠴᠢ  ᠳᠥᠭᠦᠮ ᠭᠤᠸ᠎ᠠ ᠰᠠᠶᠢᠬᠠᠨ ᠢ ᠡᠷᠬᠢᠮᠨᠡᠨ᠂ ᠣᠷᠳᠣᠨ ᠤ ᠭᠠᠳᠠᠨᠠᠬᠢ ᠴᠢᠯᠠᠭᠤᠨ ᠬᠠᠪᠲᠠᠰᠤ ᠪᠠ ᠨᠣᠭᠤᠭᠠᠨ ᠤᠷᠭᠤᠮᠠᠯ ᠢ ᠠᠪᠴᠠᠯᠳᠤᠭᠤᠯᠤᠨ᠂ ᠴᠡᠪᠡᠷ ᠴᠡᠮᠴᠡᠭᠡᠷ  ᠡᠷᠬᠢᠮᠰᠦᠭ  ᠪᠠᠶᠢᠳᠠᠭ᠃ ᠪᠦᠬᠦᠶᠢᠯᠡ ᠤᠷᠠᠨ ᠵᠢᠷᠤᠭ ᠤᠨ ᠣᠷᠳᠣᠨ ᠤ ᠣᠷᠣᠢ ᠨᠢ ᠨᠢᠭᠡᠨ ᠱᠠᠲᠤᠯᠢᠭ ᠲᠠᠪᠴᠠᠩ᠂ ᠨᠠᠷᠠᠨ ᠤ ᠭᠡᠷᠡᠯ ᠰᠢᠯ  ᠢᠶᠠᠷ ᠥᠷᠥᠭᠡᠨ ᠳᠤ ᠳᠣᠰᠴᠤ᠂ ᠴᠠᠭ ᠪᠠ ᠣᠷᠣᠨ ᠵᠠᠢ ᠶᠢᠨ ᠬᠤᠪᠢᠷᠠᠯᠲᠠ ᠶᠢ ᠳᠠᠭᠠᠯᠳᠤᠨ᠂ ᠥᠩᠭᠡ ᠪᠤᠳᠤᠭ ᠭᠡᠭᠡᠨ ᠬᠠᠷᠠᠩᠭᠤᠢ ᠢᠶᠠᠷ ᠰᠤᠯᠢᠯᠴᠠᠨ᠂  ᠪᠠᠰᠠ ᠨᠢᠭᠡ ᠵᠦᠢᠯ ᠤᠨ  ᠭᠤᠶᠤ ᠦᠵᠡᠮᠵᠢ ᠪᠠᠶᠢᠳᠠᠭ᠃        ᠣᠷᠳᠣᠰ ᠣᠲᠣ ᠦᠶ᠎ᠡ ᠶᠢᠨ ᠤᠷᠠᠨ ᠵᠢᠷᠤᠭ ᠤᠨ ᠣᠷᠳᠣᠨ ᠨᠢ ᠣᠲᠣ ᠦᠶ᠎ᠡ ᠶᠢᠨ ᠤᠷᠠᠯᠢᠭᠴᠢᠳ ᠤᠨ ᠵᠢᠷᠤᠭ᠂ ᠱᠤᠭᠤᠮᠠᠯ ᠤᠨ ᠪᠦᠲᠦᠭᠡᠯ ᠢ ᠳᠡᠯᠭᠡᠨ ᠦᠵᠡᠭᠦᠯᠬᠦ ᠪᠠᠷ ᠭᠤᠣᠯ ᠪᠣᠯᠭᠠᠵᠤ᠂ ᠣᠷᠣᠨ ᠨᠣᠳᠤᠭ ᠤᠨ ᠣᠨᠴᠠᠯᠢᠭ ᠲᠠᠢ ᠤᠷᠠᠯᠢᠭ ᠤᠨ ᠦᠵᠡᠰᠬᠦᠯᠡᠩ ᠤᠨ ᠣᠷᠳᠣᠨ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠭᠰᠠᠨ ᠶᠤᠮ᠃ ᠭᠤᠣᠯᠳᠠᠭᠤ ᠪᠠᠶᠠᠯᠢᠭ ᠰᠠᠶᠢᠬᠠᠨ ᠰᠣᠶᠣᠯ ᠤᠷᠠᠯᠢᠭ ᠤᠨ ᠪᠦᠲᠦᠭᠡᠯ ᠢ ᠣᠬᠠᠭᠤᠯᠤᠨ᠂ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ  ᠠᠬᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ