︽Museum100︾ ᠳ᠋ᠥᠸᠧ ᠳ᠋ᠥᠸᠧ ᠭᠤᠸᠠᠨ-- ᠬᠢᠶ᠎ᠠ ᠪᠠᠭᠰᠢ ᠲᠣᠭᠤᠷᠢᠭ ᠤᠨ ᠣᠶᠤᠨᠴᠢ ᠬᠠᠤᠯᠢ ᠪᠠᠷ ᠵᠠᠰᠠᠬᠤ ᠰᠣᠷᠭᠠᠨ ᠬᠥᠮᠦᠵᠢᠯ ᠦᠢᠯᠡᠳᠦᠯᠭᠡ ᠶᠢᠨ ᠣᠷᠳᠣᠨ ᠢ ᠤᠶᠢᠯᠠᠭᠠᠶ᠎ᠠ
ᠨᠡᠶᠢᠲᠡᠯᠡᠭᠰᠡᠨ ᠴᠠᠭ᠄
2022/11/23
        ᠬᠢᠶ᠎ᠠ ᠪᠠᠭᠰᠢ ᠲᠣᠭᠤᠷᠢᠭ ᠤᠨ ᠣᠶᠤᠨᠴᠢ ᠬᠠᠤᠯᠢ ᠪᠠᠷ ᠵᠠᠰᠠᠬᠤ ᠰᠣᠷᠭᠠᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠨᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠲᠠᠪᠤᠳᠤᠭᠠᠷ  ᠳᠠᠪᠬᠤᠷ ᠲᠤ ᠪᠠᠶᠢᠷᠢᠯᠠᠵᠤ᠂ ᠠᠳᠡ ᠡᠬᠢᠯᠡᠯᠳᠡ ᠶᠢᠨ ᠲᠢᠩᠬᠢᠮ᠂ ᠣᠶᠤᠨᠴᠢ ᠬᠠᠤᠯᠢ ᠪᠠᠷ ᠵᠠᠰᠠᠬᠤ ᠰᠤᠷᠤᠯᠴᠠᠯᠭ᠎ᠠ ᠶᠢᠨ ᠲᠣᠭᠤᠷᠢᠭ᠂ ᠦᠢᠯᠡᠳᠦᠯᠴᠡᠨ ᠣᠶᠢᠯᠠᠭᠠᠬᠤ ᠲᠣᠭᠤᠷᠢᠭ ᠵᠡᠷᠭᠡ ᠨᠠᠢᠮᠠᠨ ᠦᠵᠡᠭᠦᠯᠦᠯᠭᠡ ᠶᠢᠨ ᠲᠢᠩᠬᠢᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠵᠦᠢᠯ ᠤᠨ ᠬᠡᠯᠪᠡᠷᠢ ᠪᠠᠷ ᠢᠯᠡᠷᠡᠭᠦᠯᠵᠦ᠂ ᠤᠯᠠᠨ ᠵᠦᠢᠯ ᠤᠨ ᠦᠢᠯᠡᠳᠦᠯᠴᠠᠬᠦ ᠲᠥᠬᠦᠭᠡᠷᠦᠮᠵᠢ ᠪᠠᠷ ᠳᠠᠮᠵᠢᠨ ᠲᠣᠭᠤᠷᠢᠨ ᠦᠵᠡᠭᠴᠢᠳ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠠᠤᠯᠢ ᠪᠠᠷ ᠵᠠᠰᠠᠬᠤ ᠰᠣᠷᠭᠠᠨ ᠬᠥᠮᠦᠵᠢᠯ ᠤᠨ ᠰᠠᠭᠤᠷᠢᠨ ᠭᠠᠵᠠᠷ ᠨᠢ ᠭᠤᠣᠯᠳᠠᠭᠤ ᠵᠠᠯᠠᠭᠤᠴᠤᠳ ᠪᠠᠭᠠᠴᠤᠳ ᠲᠤ ᠬᠠᠨᠳᠣᠭᠤᠯᠬᠤ ᠶᠢᠨ ᠬᠠᠮᠲᠤ ᠪᠠᠰᠠ ᠨᠠᠮ ᠤᠨ ᠭᠡᠰᠢᠭᠦᠨ᠂ ᠠᠯᠪᠠᠲᠠᠨ ᠪᠠ ᠠᠵᠤ ᠠᠬᠤᠶᠢᠯᠠᠯ ᠤᠨ ᠠᠵᠢᠯᠳᠠᠨ ᠳᠤ ᠬᠠᠤᠯᠢ ᠪᠠᠷ ᠵᠠᠰᠠᠬᠤ ᠦᠢᠯᠡᠴᠢᠯᠡᠭᠡ ᠬᠠᠩᠭᠠᠨ᠎ᠠ᠃        ᠬᠢᠯᠪᠠᠷ ᠣᠶᠢᠯᠠᠭᠠᠮᠵᠢᠲᠠᠢ ᠬᠡᠷᠡᠭ ᠤᠨ ᠵᠢᠱᠢᠶ᠎ᠡ᠂ ᠭᠤᠣᠯ ᠰᠡᠳᠦᠪ ᠨᠢ ᠢᠯᠡ ᠲᠣᠳᠣ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠶᠢᠨ ᠳᠡᠯᠭᠡᠴᠡ᠂ ᠬᠥᠮᠥᠰ ᠤᠨ ᠠᠩᠬᠠᠷᠤᠯ ᠢ ᠲᠠᠲᠠᠵᠤ᠂ ᠭᠥᠯᠢᠶᠡᠨ ᠠᠪᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠢ ᠦᠯᠦ ᠮᠡᠳᠡᠭᠴᠢ ᠪᠠᠷ ᠳᠡᠭᠡᠭᠰᠢᠯᠡᠭᠦᠯᠪᠡ᠃        ᠨᠠᠮ ᠵᠠᠰᠠᠭ ᠴᠡᠷᠢᠭ ᠠᠷᠠᠳ ᠤᠨ ᠬᠠᠤᠯᠢ ᠪᠠᠷ ᠵᠠᠰᠠᠬᠤ ᠰᠣᠶᠣᠯ ᠢ ᠶᠡᠭᠡ ᠪᠠᠷ ᠠᠭᠤᠰᠤᠯᠴᠠᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠬᠥᠮᠦᠵᠢᠯ ᠤᠨ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠦᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠣᠨᠣᠪᠴᠢᠲᠠᠢ ᠤᠯᠠᠮᠵᠢᠯᠠᠵᠤ᠂ ᠤᠯᠠᠨ ᠲᠦᠮᠡᠨ ᠢ ᠦᠢᠯᠡᠳᠦᠯᠭᠡ ᠶᠢᠨ ᠳᠤᠮᠳᠠ ᠬᠠᠤᠯᠢ ᠶᠢ ᠰᠠᠬᠢᠬᠤ ᠵᠣᠷᠢᠭ ᠰᠠᠨᠠᠭ᠎ᠠ ᠲᠠᠢ ᠪᠤᠯᠭᠠᠪᠠ᠃        ᠵᠠᠭᠤᠨ ᠲᠦᠮᠡᠨ ᠡᠯᠧᠺᠲᠷᠣᠨ ᠬᠠᠤᠯᠢ ᠲᠦᠭᠡᠮᠡᠯᠵᠢᠭᠦᠯᠬᠦ ᠨᠣᠮ ᠪᠢᠴᠢᠭ᠂ ᠣᠯᠠᠨ ᠵᠠᠭᠤᠴᠢᠳᠤ ᠰᠢᠨ᠎ᠡ ᠶᠢ ᠡᠭᠦᠳᠦᠭᠰᠡᠨ ᠬᠡᠷᠡᠭᠯᠡᠭᠡ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠪᠥᠬᠦ ᠠᠷᠠᠳ ᠤᠨ ᠬᠠᠤᠯᠢ ᠪᠠᠷ ᠵᠠᠰᠠᠬᠤ ᠤᠩᠰᠢᠯᠭ᠎ᠠ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠤᠨ ︽ᠴᠠᠬᠢᠯᠭᠠᠨ ᠴᠡᠨᠡᠭᠯᠡᠬᠦ ᠥᠷᠲᠡᠭᠡ︾ ᠶᠢ ᠪᠣᠶ ᠪᠣᠯᠭᠠᠵᠤ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠤᠨ ᠬᠡᠷᠡᠯ ᠭᠢᠯᠪᠠᠭ᠎ᠠ ᠪᠠᠷ ᠬᠥᠮᠥᠨ ᠤ ᠠᠮᠢᠳᠤᠷᠠᠯ ᠤᠨ ᠤᠷᠤᠭᠰᠢᠯᠠᠯᠲᠠ ᠶᠢᠨ ᠵᠠᠮ ᠢ ᠭᠡᠷᠡᠯᠲᠦᠭᠦᠯᠦᠨ᠎ᠡ᠃        ᠬᠠᠤᠯᠢ ᠪᠠᠷ ᠵᠠᠰᠠᠬᠤ ᠤᠬᠠᠭᠤᠯᠭ᠎ᠠ ᠪᠠ ᠦᠢᠯᠡᠳᠦᠯᠴᠡᠨ ᠣᠶᠢᠯᠠᠭᠠᠬᠤ ᠶᠢ ᠴᠣᠭᠴᠠᠵᠢᠭᠤᠯᠵᠤ᠂ ᠰᠤᠷᠭᠠᠨ ᠬᠥᠮᠥᠵᠢᠭᠦᠯᠬᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠤᠷᠠᠯᠢᠭᠴᠢ ᠴᠢᠨᠠᠷ ᠢ ᠬᠠᠪᠰᠤᠷᠭᠠᠨ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠢᠯᠡᠳᠦᠯᠭᠡᠵᠢᠳᠦ ᠴᠢᠨᠠᠷ ᠢ ᠴᠢᠩᠭᠠᠳᠬᠠᠨ᠎ᠠ᠃
 
ᠢᠷᠡᠯᠲᠡ᠄ ᠲᠤᠰ ᠰᠦᠯᠵᠢᠶ᠎ᠡ