ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/3
                       ᠯᠢ ᠯᠢ ᠬᠤᠷᠠᠯ ᠢ ᠡᠷᠬᠢᠯᠡᠵᠦ ᠳ᠋ᠦ᠋ ᠬᠤᠢ ᠯᠢᠶᠠᠩ ᠬᠤᠷᠠᠯ ᠳᠤ ᠣᠷᠣᠯᠴᠠᠵᠠᠢ       ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠯᠢ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠪᠠ᠃ᠬᠤᠲᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠰᠦ᠋ ᠼᠦᠢ ᠹᠠᠩ᠂ ᠵᠠᠩ ᠸᠧᠢ᠂ ᠸᠠᠩ ᠰᠢᠨ ᠢᠦᠢ᠂ ᠭᠤᠣ ᠸᠧᠨ ᠾᠧ᠂ ᠮᠢᠶᠤᠤ ᠴᠧᠩ ᠢᠦᠢ ᠬᠤᠷᠠᠯ ᠳᠤᠣᠷᠣᠯᠴᠠᠪᠠ᠃      ᠯᠢ ᠯᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠵᠠᠷᠢᠮ ᠬᠤᠰᠢᠭᠤᠲᠣᠭᠤᠷᠢᠭ ᠲᠤ ᠬᠢᠵᠢᠭ ᠤᠨ ᠪᠠᠶᠢᠳᠠᠯ ᠣᠯᠠᠨ ᠴᠡᠭ ᠲᠤ ᠲᠠᠷᠬᠠᠵᠤ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ᠂ ︽ᠡᠪᠡᠳᠴᠢᠨ ᠤ ᠵᠢᠱᠢᠶ᠎ᠡ ᠶᠢ ᠦᠭᠡᠢᠪᠣᠯᠭᠠᠬᠤ︾ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠮᠠᠨ ᠤ ᠬᠤᠲᠠ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠳᠠᠭᠠᠭᠤᠯᠤᠭᠴᠢ ᠪᠣᠯᠤᠭᠰᠠᠨ ᠤᠬᠤᠪᠢ ᠳᠤ᠂ ᠶᠡᠭᠡ ᠲᠠᠯ᠎ᠠ ᠳᠤ ᠦᠢᠯᠡᠴᠢᠯᠡᠨ᠂ ᠵᠣᠭᠰᠣᠴᠠ ᠪᠠᠨ ᠪᠠᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠴᠠᠭ ᠢᠮᠠᠭᠲᠠ ᠰᠡᠷᠭᠡᠭ ᠲᠠᠨᠢᠯᠲᠠ ᠲᠠᠢ ᠪᠠᠶᠢᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠭᠳᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠪᠠᠷᠢᠮᠲᠠᠯᠠᠨ᠂ᠲᠠᠶᠢᠪᠤᠰᠢᠷᠠᠬᠤ ᠰᠡᠳᠬᠢᠯᠭᠡ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠯᠡᠨ ᠨᠢᠭᠡᠳᠦᠯᠲᠡᠢᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦ ᠬᠠᠳᠬᠤᠭᠤᠯᠤᠨ ᠦᠷ᠎ᠡ ᠵᠢᠮᠢᠰᠰᠠᠭᠤᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃      ᠯᠢ ᠯᠢ᠂ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ ᠪᠦᠬᠦ ᠲᠠᠯ᠎ᠠ ᠪᠠᠷ ᠳᠠᠶᠢᠴᠢᠯᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠩᠭᠤᠢ ᠪᠣᠯᠤᠭᠰᠠᠨ ᠠᠷᠭ᠎ᠠᠲᠤᠷᠰᠢᠯᠭ᠎ᠠ ᠶᠢ ᠳ᠋ᠦᠩᠨᠡᠨ ᠡᠮᠬᠢᠯᠡᠵᠦ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ︽ᠪᠠᠶᠢᠴᠠᠭᠠᠬᠠᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ︾᠂ ︽ᠭᠤᠷᠪᠠᠨᠡᠳᠦᠷ ᠲᠤ ᠨᠢᠭᠡ ᠤᠳᠠᠭ᠎ᠠ ᠪᠠᠶᠢᠴᠠᠭᠠᠬᠤ︾ ᠵᠡᠷᠭᠡ ᠵᠠᠩᠭᠢᠯᠭ᠎ᠠ ᠶᠢᠨ ᠠᠷᠭ᠎ᠠ ᠪᠠᠷᠢᠯ ᠢ ᠴᠢᠩᠭ᠎ᠠ ᠬᠡᠷᠡᠭᠵᠢᠭᠦᠯᠦᠨ᠂ ᠲᠦᠷᠭᠡᠨ ᠰᠢᠢᠳᠪᠦᠷᠢᠯᠡᠨ ᠠᠷᠭᠠᠴᠠᠭᠠᠵᠤ᠂ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾  ᠶᠢ ᠲᠦᠷᠭᠡᠳᠬᠡᠨ ᠪᠡᠶᠡᠯᠡᠭᠦᠯᠵᠦ᠂ ᠪᠤᠰᠤᠳ ᠭᠠᠵᠠᠷᠣᠷᠣᠨ ᠤ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢ ᠪᠠᠲᠤᠯᠠᠬᠤ ᠬᠡᠷᠡᠭᠲᠡᠢ᠃ ᠲᠤᠰᠠᠭᠠᠷᠯᠠᠬᠤ ᠲᠠᠯᠠᠪᠤᠷ ᠭᠠᠵᠠᠷ ᠤᠨ ᠵᠢᠷᠤᠮᠵᠢᠭᠰᠠᠨᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨᠪᠠᠶᠢᠭᠤᠯᠤᠯᠲᠠ ᠶᠢ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠪᠠᠶᠢᠭᠤᠯᠵᠤ᠂ ᠤᠯᠤᠰ ᠲᠦᠷᠦ ᠶᠢᠨ ᠵᠣᠭᠰᠣᠴᠠ ᠥᠨᠳᠥᠷ᠂ ᠠᠵᠢᠯ ᠤᠨ ᠴᠢᠳᠠᠪᠤᠷᠢ ᠴᠢᠩᠭ᠎ᠠᠺᠠᠳ᠋ᠷ ᠢ ᠰᠣᠩᠭᠤᠨ ᠲᠣᠮᠢᠯᠠᠵᠤ ᠰᠡᠷᠭᠡᠶᠢᠯᠡᠨ ᠡᠵᠡᠮᠳᠡᠬᠦ ᠳᠤ ᠣᠷᠣᠯᠴᠠᠭᠤᠯᠵᠤ᠂ ᠡᠯ᠎ᠡ ᠲᠥᠷᠥᠯ ᠤᠨ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ᠂ᠨᠠᠶᠢᠳᠠᠪᠤᠷᠢᠵᠢᠭᠤᠯᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃       ᠳ᠋ᠦ᠋ ᠬᠤᠢ ᠯᠢᠶᠠᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠪᠦᠬᠦ ᠣᠷᠣᠨ᠂ ᠪᠦᠬᠦ ᠬᠤᠲᠠ ᠶᠢᠨ ᠨᠢᠭᠡ ᠬᠥᠯᠭᠡᠨ ᠰᠢᠲᠠᠷ᠎ᠠ ᠶᠢᠨ ᠦᠵᠡᠯᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠵᠣᠷᠢᠭᠲᠠᠢ ᠪᠠᠷᠲᠡᠮᠡᠴᠡᠨ᠂ ᠴᠢᠳᠠᠮᠠᠭᠠᠢ ᠪᠠᠷ ᠲᠡᠮᠡᠴᠡᠵᠦ᠂ ᠡᠷᠡᠰ ᠰᠢᠭᠤᠷᠬᠠᠢ ᠬᠦᠴᠦᠲᠡᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ ᠥᠨᠳᠥᠷ ᠪᠥᠲᠦᠮᠵᠢᠲᠡᠢ ᠪᠠᠷ ᠵᠢᠯᠤᠭᠤᠳᠬᠤ ᠪᠠ ᠲᠦᠷᠭᠡᠨ ᠪᠥᠭᠡᠳ ᠪᠥᠲᠦᠮᠵᠢᠲᠡᠢ ᠰᠢᠢᠳᠪᠦᠷᠢᠯᠡᠬᠦᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠢᠯᠤᠭᠤᠳᠬᠤ ᠲᠣᠭᠲᠠᠯᠴᠠᠭ᠎ᠠ᠂ ᠠᠵᠢᠯ ᠤᠨ ᠲᠣᠭᠲᠠᠯᠴᠠᠭ᠎ᠠ ᠶᠢ ᠰᠢᠯᠢᠳᠡᠭᠵᠢᠭᠦᠯᠦᠨ᠂ ᠪᠥᠭᠡᠮᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠪᠠ ᠡᠬᠢ ᠡᠭᠦᠰᠦᠯ ᠢ ᠨᠢ ᠡᠷᠢᠬᠦ᠂ ᠡᠪᠡᠳᠴᠢᠨ ᠤ ᠬᠡᠯᠬᠢᠶ᠎ᠡ ᠶᠢ ᠨᠢ ᠲᠠᠰᠤᠯᠬᠤ᠂ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠮᠴᠢᠯᠡᠭᠡ ᠠᠪᠤᠷᠠᠨ ᠵᠠᠰᠠᠬᠤ ᠵᠡᠷᠭᠡ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢᠬᠥᠮᠥᠰ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠭᠳᠠᠬᠤ︾ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠵᠣᠯᠭᠠᠯᠴᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠲᠤᠰᠠᠭᠠᠷᠯᠠᠬᠤ ᠠᠵᠢᠯ ᠢ ᠪᠦᠬᠦᠬᠦᠴᠦᠨ ᠢᠶᠠᠷ ᠢᠶᠠᠨ ᠰᠠᠶᠢᠲᠤᠷ ᠬᠢᠵᠦ᠂ ᠤᠳᠤᠷᠢᠳᠬᠤ ᠺᠠᠳ᠋ᠷ ᠨᠢᠭᠡᠳᠦᠭᠡᠷ ᠹᠷᠣᠨᠲ ᠲᠤ ᠬᠦᠷᠴᠦ᠂ ᠵᠥᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠭᠡᠷᠹᠷᠣᠨᠲ ᠲᠤ ᠬᠦᠷᠭᠡᠬᠦ᠂ ᠪᠠᠲᠤᠯᠠᠭ᠎ᠠ ᠦᠢᠯᠡᠴᠢᠯᠡᠭᠡ ᠶᠢ ᠨᠢᠭᠡᠳᠦᠭᠡᠷ ᠹᠷᠣᠨᠲ ᠲᠤ ᠬᠦᠷᠭᠡᠬᠦ ᠶᠢ ᠦᠨᠡᠨ ᠬᠦ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠡᠮᠬᠢᠳᠢᠭᠯᠢᠮ ᠲᠠᠢ᠂ ᠬᠠᠮᠢᠶᠠᠷᠤᠯᠲᠠ ᠶᠢᠨ ᠪᠦᠲᠦᠮᠵᠢᠲᠡᠢ ᠪᠠᠶᠢᠬᠤ᠂ ᠪᠠᠲᠤᠯᠠᠭ᠎ᠠ ᠶᠢᠨ ᠬᠦᠴᠦᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠡᠯ᠎ᠡᠲᠥᠷᠥᠯ ᠤᠨ ᠠᠵᠢᠯ ᠢ ᠪᠦᠬᠦ ᠬᠦᠴᠦᠨ ᠢᠶᠠᠷ ᠢᠶᠠᠨ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃       ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠲᠤ ᠬᠦᠷᠲᠡᠯ᠎ᠡ ᠬᠤᠷᠠᠯᠳᠤᠭᠤᠯᠪᠠ᠃ 
ᠢᠷᠡᠯᠲᠡ᠄ ᠣᠷᠳᠣᠰ ᠤᠨ ᠡᠳᠦᠷ ᠤᠨ ᠰᠣᠨᠢᠨ